ᠪᠠᠷᠠᠭᠤᠨ ᠦᠵᠦᠮᠦᠴᠢᠨ ᠬᠤᠰᠢᠭᠤᠨ ᠤ ᠤᠳᠤᠷᠢᠳᠤᠯᠭ᠎ᠠ ᠨᠠᠷ ᠰᠤᠷᠭᠠᠭᠤᠯᠢ ᠪᠠᠷ ᠬᠦᠨᠵᠡᠭᠡᠶᠢᠷᠡᠨ ᠵᠢᠭᠠᠨ | ᠰᠤᠷᠭᠠᠯᠳᠠ ᠶᠢᠨ ᠠᠵᠢᠯ ᠪᠤᠯᠤᠨ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠳᠠ ᠶᠢᠨ ᠠᠵᠢᠯ ᠢ ᠪᠠᠶᠢᠴᠠᠭᠠᠨ | ᠤᠶᠢᠯᠠᠭᠠᠭᠰᠠᠨ | | | 3 ᠰᠠᠷ᠎ᠠ ᠶᠢᠨ 1 ᠤ ᠡᠳᠦᠷ᠂ ᠬᠤᠰᠢᠭᠤ ᠤᠳᠤᠷᠢᠳᠤᠯᠭ᠎ᠠ ᠪᠠᠢ ᠶᠦᠩ ᠴᠦᠨ᠂ ᠪᠠᠭᠠᠨ᠎ᠠ᠂ ᠪᠤᠯᠤᠳ ᠨᠠᠷ | ᠪᠠᠯᠠᠭᠠᠷᠭᠤᠤᠯ ᠪᠠᠯᠭᠠᠰᠤᠨ ᠳᠠᠬᠢ ᠭᠡᠰᠡᠭ ᠰᠤᠷᠭᠠᠭᠤᠯᠢ ᠤᠳ ᠢᠶᠠᠷ ᠬᠦᠨᠵᠡᠭᠡᠶᠢᠷᠡᠨ᠂ ᠵᠢᠭᠠᠨ ᠰᠤᠷᠭᠠᠯᠳᠠ ᠶᠢᠨ | ᠠᠵᠢᠯ ᠪᠤᠯᠤᠨ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠳᠠ ᠶᠢᠨ ᠠᠵᠢᠯ ᠢ ᠪᠠᠶᠢᠴᠠᠭᠠᠨ ᠤᠶᠢᠯᠠᠭᠠᠵᠠᠢ᠃ | | | | | ᠪᠠᠢ ᠶᠦᠩ ᠴᠦᠨ ᠨᠠᠷ ᠮᠠᠨ ᠤ ᠬᠤᠰᠢᠭᠤᠨ ᠤ ᠲᠦᠷᠪᠡᠳᠦᠭᠡᠷ ᠪᠠᠭ᠎ᠠ ᠰᠤᠷᠭᠠᠭᠤᠯᠢ᠂ ᠮᠤᠩᠭᠤᠯ | ᠦᠨᠳᠦᠰᠦᠳᠡᠨ ᠤ ᠨᠢᠭᠡᠳᠦᠭᠡᠷ ᠪᠠᠭ᠎ᠠ ᠰᠤᠷᠭᠠᠭᠤᠯᠢ ᠪᠤᠯᠤᠨ ᠬᠤᠶᠠᠳᠤᠭᠠᠷ ᠪᠠᠭ᠎ᠠ ᠰᠤᠷᠭᠠᠭᠤᠯᠢ ᠪᠠᠷ ᠬᠦᠷᠴᠤ᠂ | ᠰᠤᠷᠭᠠᠭᠤᠯᠢ ᠶᠢᠨ ᠳᠠᠭᠤᠤ ᠭᠦᠭᠵᠢᠮ᠂ ᠤᠷᠠᠨ ᠵᠢᠷᠤᠭ᠂ ᠤᠷᠠᠨ ᠪᠢᠴᠢᠯᠭᠡ ᠶᠢᠨ ᠬᠢᠴᠢᠶᠠᠯ ᠤᠨ ᠲᠢᠩᠬᠢᠮ᠂ ᠨᠤᠮ | ᠤᠨ ᠦᠷᠦᠭᠡ᠂ ᠰᠢᠩᠭᠡᠭᠡᠨ ᠦᠢᠯᠡᠳᠬᠦ ᠳᠠᠰᠤᠭ᠂ ᠰᠡᠳᠬᠢᠴᠡ ᠶᠢᠨ ᠡᠷᠡᠬᠦᠯ ᠮᠡᠨᠳᠤ ᠶᠢᠨ ᠳᠠᠰᠤᠭ᠂ ᠨᠠᠮ ᠤᠨ | ᠬᠡᠰᠢᠬᠦᠨ ᠤ ᠠᠵᠢᠯᠯᠠᠭᠠᠨ ᠤ ᠦᠷᠦᠭᠡ᠂ ᠰᠢᠨᠵᠢᠯᠡᠭᠡ ᠮᠡᠷᠭᠡᠵᠢᠯ ᠰᠢᠨ᠎ᠡ ᠶᠢ ᠡᠬᠦᠳᠬᠦ ᠳᠠᠰᠤᠭ᠂ ᠰᠢᠨᠵᠢᠯᠡᠭᠡ | ᠮᠡᠷᠭᠡᠵᠢᠯ ᠤᠨ ᠲᠤᠷᠰᠢᠯᠳᠠ ᠶᠢᠨ ᠳᠠᠰᠤᠭ ᠵᠡᠷᠭᠡ ᠡᠯ᠎ᠡ ᠤᠯᠠᠨ ᠴᠢᠳᠠᠪᠬᠢᠳᠤ ᠬᠢᠴᠢᠶᠠᠯ ᠤᠨ ᠲᠢᠩᠬᠢᠮ ᠪᠤᠯᠤᠨ | ᠰᠤᠷᠤᠭᠴᠢ ᠶᠢᠨ ᠪᠠᠶᠢᠷᠢ ᠶᠢᠨ ᠭᠡᠷ᠂ ᠬᠤᠭᠤᠯᠠᠨ ᠲᠢᠩᠬᠢᠮ ᠢᠶᠠᠷ ᠬᠦᠷᠴᠤ᠂ ᠰᠤᠷᠭᠠᠭᠤᠯᠢ ᠶᠢᠨ ᠬᠠᠷᠢᠭᠤᠴᠠᠯᠭᠠᠳᠠᠨ᠂ | ᠪᠠᠭᠰᠢ ᠠᠵᠢᠯᠳᠠᠨ ᠪᠤᠯᠤᠨ ᠰᠤᠷᠤᠭᠴᠢᠳ ᠲᠠᠢ ᠶᠠᠷᠢᠯᠴᠠᠨ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ᠂ ᠬᠢᠴᠢᠶᠡᠯ | ᠤᠨ ᠲᠢᠩᠬᠢᠮ ᠤᠨ ᠵᠢᠭᠠᠨ ᠰᠤᠷᠭᠠᠯᠳᠠ ᠶᠢᠨ ᠲᠤᠨᠤᠭ ᠲᠦᠬᠦᠭᠡᠷᠦᠮᠵᠢ᠂ ᠪᠠᠶᠢᠷᠢ ᠶᠢᠨ ᠬᠡᠷ᠂ ᠰᠤᠷᠤᠭᠴᠢ ᠶᠢᠨ | ᠬᠤᠭᠤᠯᠠ ᠤᠮᠳᠠ᠂ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠂ ᠠᠷᠤ ᠳᠠᠯ᠎ᠠ ᠶᠢᠨ ᠦᠢᠯᠡᠴᠢᠯᠡᠭᠡᠨ ᠤ | ᠠᠵᠢᠯ ᠵᠢᠴᠢ ᠤᠷᠤᠰᠢᠵᠤ ᠪᠠᠶᠢᠭ᠎ᠠ ᠠᠰᠠᠭᠤᠳᠠᠯ ᠤᠨ ᠳᠠᠯ᠎ᠠ ᠪᠠᠷ ᠨᠠᠷᠢᠯᠢᠭ ᠤᠶᠢᠯᠠᠭᠠᠵᠠᠢ᠃ | | | | | ᠪᠠᠢ ᠶᠦᠩ ᠴᠦᠨ᠂ ᠮᠠᠨ ᠤ ᠬᠤᠰᠢᠭᠤᠨ ᠤ ᠲᠦᠷᠪᠡᠳᠦᠭᠡᠷ ᠪᠠᠭ᠎ᠠ ᠰᠤᠷᠭᠠᠭᠤᠯᠢ ᠪᠤᠯᠤᠨ ᠬᠤᠶᠠᠳᠤᠭᠠᠷ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠳᠠ᠂ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠳᠠ ᠪᠤᠯᠤᠨ ᠰᠤᠷᠭᠠᠭᠤᠯᠢ | ᠶᠢᠨ ᠰᠤᠷᠤᠭᠴᠢ ᠶᠢᠨ ᠲᠤᠷ᠎ᠠ ᠰᠤᠨᠢᠷᠬᠠᠯ ᠳᠤ ᠵᠤᠬᠢᠴᠠᠭᠤᠯᠤᠭᠰᠠᠨ ᠵᠢᠭᠠᠨ ᠰᠤᠷᠭᠠᠯᠳᠠ ᠶᠢᠨ ᠠᠵᠢᠯ ᠤᠨ ᠦᠷ᠎ᠡ | ᠪᠦᠳᠦᠮᠵᠢ ᠳᠤ ᠬᠦᠢᠴᠡᠳ ᠨᠤᠳᠠᠯᠠᠯᠳᠠ ᠦᠭᠴᠠᠢ᠃ ᠲᠡᠷᠡ ᠱᠠᠭᠠᠷᠳᠠᠬᠤ ᠳᠠᠭᠠᠨ᠂ ᠡᠯ᠎ᠡ ᠰᠤᠷᠭᠠᠭᠤᠯᠢ ᠶᠢᠨ ᠵᠢᠭᠠᠨ | ᠰᠤᠷᠭᠠᠯᠳᠠ ᠶᠢᠨ ᠠᠵᠢᠯ ᠪᠤᠯᠤᠨ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠳᠠ ᠶᠢᠨ ᠠᠵᠢᠯ ᠢ ᠦᠷᠬᠦᠯᠵᠢᠯᠡᠨ | ᠬᠦᠨᠳᠦᠳᠭᠡᠨ ᠴᠢᠬᠤᠯᠠᠴᠢᠯᠠᠵᠤ᠂ ᠬᠦᠴᠢᠷ ᠪᠡᠷᠭᠡᠰᠢᠶᠠᠯ ᠢ ᠢᠳᠡᠪᠬᠢᠳᠠᠢ ᠪᠠᠷ ᠲᠤᠭᠤᠯᠵᠤ᠂ ᠪᠠᠭᠰᠢ ᠶᠢᠨ ᠡᠩᠨᠡᠭᠡᠨ ᠤ | ᠪᠠᠶᠢᠭᠤᠯᠤᠯᠳᠠ ᠪᠤᠯᠤᠨ ᠪᠠᠭᠰᠢ ᠶᠢᠨ ᠶᠤᠰᠤ ᠮᠤᠷᠠᠯ ᠤᠨ ᠠᠵᠢᠯ ᠢ ᠰᠠᠶᠢᠳᠤᠷ ᠬᠢᠵᠤ᠂ ᠪᠠᠭᠰᠢ ᠶᠢᠨ ᠲᠤᠰᠬᠠᠢ | ᠮᠡᠷᠭᠡᠵᠢᠯ ᠤᠨ ᠴᠢᠳᠠᠪᠤᠷᠢ ᠪᠤᠯᠤᠨ ᠬᠡᠪ ᠴᠢᠨᠠᠷ ᠢ ᠴᠢᠷᠮᠠᠶᠢᠨ ᠳᠡᠭᠡᠭᠰᠢᠯᠡᠬᠦᠯᠬᠦ ᠬᠡᠷᠡᠭᠳᠠᠢ᠃ ᠰᠤᠷᠭᠠᠭᠤᠯᠢ ᠶᠢᠨ | ᠬᠦᠷᠢᠶᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠴᠠᠭ ᠢᠮᠠᠭᠳᠠ ᠴᠢᠬᠤᠯᠠᠴᠢᠯᠠᠨ᠂ ᠠᠮᠤᠷ ᠲᠦᠪᠰᠢᠨ | ᠤ ᠳᠠᠯᠳᠠ ᠭᠡᠮ ᠢ ᠨᠠᠷᠢᠨ ᠬᠢᠨᠠᠮᠠᠭᠠᠢ ᠵᠠᠰᠠᠨ ᠴᠡᠭᠴᠡᠯᠡᠵᠤ᠂ ᠪᠠᠭᠰᠢ ᠰᠤᠷᠤᠭᠴᠢ ᠶᠢᠨ ᠠᠮᠤᠷ ᠲᠦᠪᠰᠢᠨ ᠢ ᠪᠠᠳᠤᠯᠠᠬᠤ | ᠬᠡᠷᠡᠭᠳᠠᠢ᠃ ᠮᠤᠩᠭᠤᠯ ᠦᠨᠳᠦᠰᠦᠳᠡᠨ ᠤᠨ ᠨᠢᠭᠡᠳᠦᠭᠡᠷ ᠪᠠᠭ᠎ᠠ ᠰᠤᠷᠭᠠᠭᠤᠯᠢ ᠨᠢ ᠵᠢᠭᠠᠨ ᠰᠤᠷᠭᠠᠯᠳᠠ ᠶᠢᠨ ᠠᠵᠢᠯ | ᠪᠤᠯᠤᠨ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠶᠢᠨ ᠬᠠᠮᠳᠤ ᠵᠢᠭᠠᠨ | ᠰᠤᠷᠭᠠᠯᠳᠠ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠬᠦ ᠶᠢ ᠴᠢᠬᠤᠯᠠᠴᠢᠯᠠᠵᠤ᠂ ᠦᠨᠳᠦᠰᠦᠳᠡᠨ ᠤ ᠵᠢᠭᠠᠨ | ᠰᠤᠷᠭᠠᠯᠳᠠ ᠪᠤᠯᠤᠨ ᠰᠤᠷᠤᠭᠴᠢ ᠶᠢᠨ ᠲᠤᠷ᠎ᠠ ᠰᠤᠨᠢᠷᠬᠠᠯ᠂ ᠤᠨᠴᠠ ᠴᠢᠳᠠᠪᠦᠷᠢ ᠶᠢ ᠬᠦᠮᠦᠵᠢᠬᠦᠯᠬᠦ ᠶᠢ ᠦᠷᠬᠦᠯᠵᠢᠯᠠᠨ | ᠴᠢᠩᠭᠠᠳᠬᠠᠨ᠂ ᠰᠤᠷᠤᠭᠴᠢ ᠶᠢᠨ ᠪᠦᠬᠦ ᠳᠠᠯ᠎ᠠ ᠶᠢᠨ ᠬᠦᠭᠵᠢᠯᠳᠠ ᠶᠢ ᠠᠬᠢᠭᠤᠯᠬᠤ ᠬᠡᠷᠡᠭᠳᠠᠢ ᠬᠡᠵᠠᠢ᠃ | |