ᠪᠠᠷᠠᠭᠤᠨ ᠦᠵᠦᠮᠦᠴᠢᠨ ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠵᠢᠴᠢ ᠨᠠᠮ ᠤᠨ | ᠰᠣᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠣᠭᠰᠠᠨ | | | 4 ᠰᠠᠷ᠎ᠡ ᠶᠢᠨ 10 ᠤ ᠡᠳᠦᠷ᠂ ᠪᠦᠬᠦ ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ | ᠵᠢᠴᠢ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠣᠵᠦ᠂ ᠨᠠᠮ ᠤᠨ | ᠠᠷᠪᠠ ᠶᠢᠰᠣᠳᠣᠬᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠠᠶᠢᠮᠠᠭ ᠬᠤᠰᠢᠭᠤᠨ ᠤ ᠨᠠᠮ ᠤᠨ ᠬᠤᠷᠢᠶ᠎ᠠ ᠵᠢᠴᠢ | ᠠᠶᠢᠮᠠᠭ ᠤᠨ ᠬᠠᠤᠯᠢ ᠴᠠᠭᠠᠵᠠ ᠶᠢᠨ ᠲᠤᠪᠴᠢᠶᠠᠨ ᠤ ᠰᠢᠢᠳᠪᠤᠷᠢ ᠪᠠᠶᠢᠷᠢᠯᠠᠭᠤᠯᠤᠯᠳᠠ ᠶᠢ ᠲᠤᠤᠱᠯᠠᠭᠤᠯᠤᠨ | ᠨᠠᠶᠢᠳᠠᠪᠤᠷᠢᠭᠤᠯᠵᠦ᠂ 2018 ᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠵᠢᠴᠢ ᠨᠠᠮ ᠤᠨ ᠰᠣᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠡᠢ᠃ | ᠬᠤᠷᠠᠯ ᠳᠤ ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ 2017 ᠣᠨ ᠤ | ᠪᠦᠬᠦ ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠢ ᠡᠷᠬᠢᠴᠠᠬᠦᠯᠦᠨ ᠳ᠋ᠦᠩᠨᠠᠨ᠂ 2018 ᠤᠨ ᠤ | ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠵᠢᠴᠢ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ | ᠠᠵᠢᠯ ᠡᠭᠦᠷᠬᠡ ᠳᠤ ᠪᠠᠶᠢᠷᠢᠯᠠᠭᠤᠯᠤᠯᠳᠠ ᠬᠢᠵᠡᠢ᠃ | ᠬᠤᠷᠠᠯ ᠠᠴᠠ ᠦᠢᠯᠭᠠᠭᠰᠠᠨ ᠢᠶᠠᠷ᠂ 2017 ᠤᠨ ᠳᠤ ᠮᠠᠨ ᠤ ᠬᠤᠰᠢᠭᠤᠨ ᠤ ᠬᠠᠤᠯᠢ ᠴᠠᠭᠠᠵᠠ ᠶᠢᠨ | ᠲᠤᠪᠴᠢᠶ᠎ᠠ ᠨᠢ ︽ᠬᠤᠶᠠᠷ ᠢ ᠰᠣᠷᠣᠯᠴᠠᠵᠦ ᠬᠢᠷᠢ ᠲᠠᠩᠴᠡᠭᠰᠠᠨ ᠨᠠᠮ ᠤᠨ ᠬᠡᠰᠢᠬᠦᠨ ᠪᠤᠯᠬᠤ ᠰᠣᠷᠣᠯᠴᠠᠯᠭ᠎ᠠ | ᠬᠦᠮᠦᠵᠢᠯ ︾ ᠢ ᠪᠠᠶᠢᠩᠭᠤᠵᠢᠭᠤᠯᠤᠨ ᠲᠦᠷᠢᠮᠵᠢᠬᠦᠯᠵᠦ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠤᠯᠳᠠ | ᠶᠢ ᠴᠢᠩᠭᠠᠳᠬᠠᠨ᠂ ᠦᠵᠡᠯ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠵᠢᠭᠤᠯᠵᠦ᠂ ᠤᠯᠠᠨ | ᠨᠠᠶᠢᠳᠠ ᠶᠢᠨ ᠬᠠᠤᠯᠢ ᠴᠠᠭᠠᠵᠠ ᠶᠢᠨ ᠦᠢᠯᠠᠴᠢᠯᠠᠬᠡᠨ ᠤ ᠰᠢᠰᠲ᠋ᠧᠮ ᠢ ᠲᠠᠭᠦᠯᠳᠠᠷᠵᠢᠬᠦᠯᠦᠨ᠂ ᠠᠷᠡᠳ ᠤᠨ | ᠬᠤᠭᠤᠷᠤᠨᠳᠤᠬᠢ ᠵᠢᠬᠡᠯᠡᠯᠬᠡ ᠶᠢ ᠴᠡᠭᠴᠡᠯᠠᠨ ᠲᠦᠷᠢᠮᠵᠢᠬᠦᠯᠵᠦ᠂ ᠰᠠᠭᠤᠷᠢ ᠪᠦᠳᠦᠬᠡᠨ ᠪᠠᠶᠢᠭᠤᠯᠤᠯᠳᠠ ᠪᠤᠯᠤᠨ | ᠡᠩᠨᠡᠬᠡᠨ ᠤ ᠪᠠᠶᠢᠭᠤᠯᠤᠯᠳᠠ ᠪᠠᠨ ᠴᠢᠩᠭᠠᠳᠬᠠᠭᠰᠠᠨ ᠢᠶᠠᠷ ᠬᠠᠤᠯᠢ ᠴᠠᠭᠠᠵᠠ ᠶᠢᠨ ᠡᠯ᠎ᠠ ᠲᠦᠷᠦᠯ ᠤᠨ ᠠᠵᠢᠯ | ᠡᠭᠦᠷᠬᠡ ᠪᠠᠨ ᠰᠠᠶᠢᠳᠣᠷ ᠪᠠᠶᠠᠯᠠᠬᠦᠯᠵᠦ᠂ ᠪᠦᠬᠦ ᠠᠶᠢᠮᠠᠭ ᠤᠨ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ | ᠲᠠᠷᠢᠬᠦᠨ ᠤ ᠨᠢᠬᠡᠴᠠ ᠪᠠᠷ ᠬᠦᠬᠢᠬᠦᠯᠦᠭᠳᠡᠭᠰᠠᠨ ᠪᠠᠶᠢᠨ᠎ᠠ᠃ 2018 ᠤᠨ ᠳᠤ ᠬᠤᠰᠢᠭᠤ ᠬᠠᠤᠯᠢ ᠴᠠᠭᠠᠵᠠ ᠶᠢᠨ | ᠲᠤᠪᠴᠢᠶ᠎ᠠ ᠨᠢ ᠰᠢ ᠶᠢᠨ ᠫᠢᠩ ᠶᠠᠷᠤᠩᠬᠢ ᠱᠦᠵᠢ ᠪᠠᠷ ᠭᠤᠤᠯᠯᠠᠭᠴᠢ ᠪᠤᠯᠭᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠪᠦᠯᠬᠦᠮᠳᠠᠨ᠂ ᠰᠢᠨ᠎ᠠ ᠴᠠᠭ ᠦᠶ᠎ᠠ ᠶᠢᠨ ᠲᠤᠮᠳᠠᠳᠣ ᠤᠯᠤᠰ ᠤᠨ ᠤᠨᠴᠠᠯᠢᠭ ᠲᠠᠢ ᠨᠠᠶᠢᠬᠡᠮ | ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠦ᠂ ᠤᠭ ᠰᠠᠨᠠᠭ᠎ᠠ ᠪᠠᠨ ᠦᠯᠤ ᠮᠠᠷᠳᠠᠨ᠂ ᠡᠭᠦᠷᠬᠡ | ᠬᠠᠷᠢᠭᠤᠴᠠᠯᠭ᠎ᠠ ᠪᠠᠨ ᠪᠠᠳᠣ ᠴᠠᠬᠡᠵᠢᠯᠠᠨ᠂ ᠰᠢᠨ᠎ᠠ ᠴᠠᠭ ᠦᠶ᠎ᠠ ᠶᠢᠨ ᠬᠠᠤᠯᠢ ᠴᠠᠭᠠᠵᠠ ᠵᠠᠰᠠᠭ ᠵᠠᠬᠢᠷᠭᠠᠨ ᠤ | ᠠᠵᠢᠯ ᠤᠨ ᠰᠢᠨ᠎ᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠤᠯᠠᠨ ᠨᠠᠶᠢᠳᠠ ᠶᠢᠨ ᠬᠠᠤᠯᠢ ᠴᠠᠭᠠᠵᠠ | ᠶᠢᠨ ᠦᠢᠯᠠᠴᠢᠯᠠᠬᠡᠨ ᠤ ᠴᠢᠨᠠᠷ ᠴᠢᠨᠰᠠᠭ᠎ᠠ ᠶᠢ ᠲᠡᠭᠡᠰᠢᠯᠠᠬᠦᠯᠦᠨ᠂ ᠵᠦᠷᠢᠴᠠᠯ ᠵᠢᠷᠭᠤᠭᠠᠨ ᠢ ᠡᠶᠠᠳᠠᠬᠦᠯᠬᠦ | ᠰᠢᠰᠲ᠋ᠧᠮ ᠤᠨ ᠪᠠᠶᠢᠭᠤᠯᠤᠯᠳᠠ᠂ ᠬᠠᠤᠯᠢ ᠲᠦᠬᠡᠮᠠᠯᠵᠢᠬᠦᠯᠦᠨ ᠬᠠᠤᠯᠢ ᠪᠠᠷ ᠵᠠᠰᠠᠬᠤ ᠠᠵᠢᠯ᠂ ᠬᠠᠤᠯᠢ ᠴᠠᠭᠠᠵᠠ | ᠵᠠᠰᠠᠭ ᠵᠠᠬᠢᠷᠭᠠᠨ ᠤ ᠠᠵᠢᠯ ᠤᠨ ᠰᠣᠷᠠᠭ ᠵᠠᠩᠬᠢᠴᠢᠯᠠᠯᠳᠠ ᠵᠡᠷᠬᠡ ᠠᠵᠢᠯ ᠢ ᠪᠦᠬᠦ ᠲᠠᠯ᠎ᠠ ᠪᠠᠷ ᠠᠬᠢᠭᠤᠯᠵᠦ᠂ ᠪᠦᠬᠦ | ᠬᠤᠰᠢᠭᠤᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠡᠯ᠎ᠠ ᠲᠦᠷᠦᠯ ᠤᠨ ᠠᠵᠢᠯ ᠢ ᠰᠢᠨ᠎ᠠ ᠱᠠᠳᠣᠨ ᠳᠤ | ᠠᠬᠢᠭᠤᠯᠬᠤ ᠪᠠᠷ ᠪᠠᠶᠢᠨ᠎ᠠ᠃ | ᠬᠤᠷᠠᠯ ᠠᠴᠠ ᠪᠠᠰᠠ᠂ ᠬᠤᠰᠢᠭᠤ ᠬᠠᠤᠯᠢ ᠴᠠᠭᠠᠵᠠ ᠶᠢᠨ ᠲᠤᠪᠴᠢᠶᠠᠨ ᠤ ᠬᠠᠷᠢᠭᠤᠴᠠᠯᠭᠠᠳᠠᠨ ᠨᠢ ᠡᠯ᠎ᠠ | ᠬᠠᠤᠯᠢ ᠴᠠᠭᠠᠵᠠ ᠶᠢᠨ ᠰᠠᠯᠪᠤᠷᠢ᠂ ᠦᠢᠯᠠᠴᠢᠯᠠᠬᠡᠨ ᠤ ᠲᠦᠪ ᠤᠨ ᠬᠠᠷᠢᠭᠤᠴᠠᠯᠭᠠᠳᠠᠨ ᠲᠠᠢ 2018 ᠤᠨ ᠤ ᠨᠠᠮ | ᠤᠨ ᠰᠣᠷᠳᠠᠯ ᠴᠢᠬᠡᠴᠢ ᠵᠠᠰᠠᠭ ᠤᠨ ᠬᠠᠷᠢᠭᠤᠴᠠᠯᠭ᠎ᠠ ᠶᠢᠨ ᠪᠢᠴᠢᠭ ᠲᠤᠭᠳᠠᠭᠰᠠᠨ ᠤ ᠬᠠᠮᠳᠣ᠂ 2017 ᠤᠨ ᠤ | ᠬᠠᠤᠯᠢ ᠴᠠᠭᠠᠵᠠ ᠶᠢᠨ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠠᠨ ᠲᠠᠷᠢᠬᠦᠨ ᠤ ᠬᠠᠮᠳᠣ ᠨᠢᠬᠡᠴᠠ ᠪᠤᠯᠤᠨ | ᠬᠤᠪᠢ ᠬᠦᠮᠦᠨ ᠢ ᠱᠠᠩᠨᠠᠨ ᠵᠤᠷᠢᠭᠵᠢᠭᠤᠯᠤᠭᠰᠠᠨ ᠪᠠᠶᠢᠨ᠎ᠠ᠃ |