ᠪᠠᠷᠠᠭᠤᠨ ᠦᠵᠦᠮᠦᠴᠢᠨ ᠬᠤᠰᠢᠭᠤᠨ ᠤ ᠶᠡᠷᠦᠩᠬᠡᠶᠢᠯᠡᠭᠰᠡᠨ ᠠᠵᠢᠯ ᠤᠨ ᠪᠠᠶᠢᠴᠠᠭᠠᠬᠤ ᠲᠤᠭᠤᠶᠢᠯᠠᠩ ᠨᠢ ᠡᠷᠢᠶᠠᠨ ᠬᠤᠳᠠ ᠳᠤ ᠲᠤᠭᠤᠷᠢᠨ ᠰᠤᠷᠤᠯᠴᠠᠭᠰᠠᠨ
ᠨᠡᠶᠢᠲᠡᠯᠡᠭᠰᠡᠨ ᠴᠠᠭ᠄
2018-04-13
ᠪᠠᠷᠠᠭᠤᠨ ᠦᠵᠦᠮᠦᠴᠢᠨ ᠬᠤᠰᠢᠭᠤᠨ ᠤ  ᠶᠡᠷᠦᠩᠬᠡᠶᠢᠯᠡᠭᠰᠡᠨ ᠠᠵᠢᠯ ᠤᠨ ᠪᠠᠶᠢᠴᠠᠭᠠᠬᠤ ᠲᠤᠭᠤᠶᠢᠯᠠᠩ ᠨᠢ ᠡᠷᠢᠶᠠᠨ ᠬᠤᠳᠠ ᠳᠤ ᠲᠤᠭᠤᠷᠢᠨ ᠰᠤᠷᠤᠯᠴᠠᠭᠰᠠᠨ                                     4 ᠰᠠᠷ᠎ᠠ ᠶᠢᠨ 9-10 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠭᠡᠯᠳᠡᠰ ᠤᠨ ᠳᠠᠷᠤᠭ᠎ᠠ ᠤᠯᠠᠭᠠᠨ᠂ ᠪᠠᠯᠭᠠᠷᠭᠤᠤᠯ ᠪᠠᠯᠭᠠᠠᠰᠤᠨ ᠤ ᠵᠠᠰᠠᠭ ᠤᠨ ᠤᠷᠳᠤᠨ ᠤ ᠬᠠᠷᠢᠭᠤᠴᠠᠯᠭᠠᠳᠠᠨ ᠪᠤᠯᠤᠨ ᠬᠤᠰᠢᠭᠤᠨ ᠤ ᠰᠤᠶᠤᠯ ᠳᠠᠮᠢᠷ ᠷᠠᠳᠢᠤ᠋ ᠲᠧᠯᠸᠢᠰ ᠲᠤᠪᠴᠢᠶ᠎ᠠ᠂ ᠤᠷᠤᠨ ᠰᠠᠭᠤᠴᠠ ᠪᠠ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠢ ᠬᠠᠮᠳᠤ ᠡᠷᠢᠶᠠᠨ ᠬᠤᠳᠠ ᠪᠠᠷ ᠬᠦᠨᠵᠡᠭᠡᠶᠢᠷᠡᠨ᠂ ᠤᠷᠤᠨ ᠪᠦᠰᠡ ᠶᠢᠨ ᠵᠢᠭᠤᠯᠴᠢᠯᠠᠯ  ᠂ ᠨᠡᠶᠢᠭᠡᠮ ᠲᠤᠭᠤᠷᠢᠭ ᠤᠨ ᠬᠠᠮᠢᠶᠠᠷᠤᠯᠳᠠ ᠪᠤᠯᠤᠨ ᠬᠤᠳᠠ ᠶᠢᠨ ᠪᠦᠳᠦᠭᠡᠨ ᠪᠠᠶᠢᠭᠤᠯᠤᠯᠳᠠ ᠵᠡᠷᠭᠡ ᠠᠵᠢᠯ ᠤᠨ ᠳᠠᠯ᠎ᠠ ᠪᠠᠷ ᠲᠤᠭᠤᠷᠢᠨ ᠰᠤᠷᠤᠯᠴᠠᠭᠰᠠᠨ ᠪᠠᠶᠢᠨ᠎ᠠ
        ᠲᠤᠭᠤᠷᠢᠨ ᠰᠤᠷᠤᠯᠴᠠᠬᠤ ᠲᠤᠭᠤᠶᠢᠯᠠᠩ ᠨᠢ ᠡᠷᠢᠶᠡᠨ ᠬᠤᠳᠠ ᠶᠢᠨ ᠯᠢ ᠮᠦᠸᠧ ᠤᠯᠠᠨ ᠤᠯᠤᠰ ᠤᠨ ᠪᠠᠭᠤᠳᠠᠯ ᠂ ᠠᠪᠤᠷᠭᠤ ᠬᠦᠷᠪᠡᠯ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠲᠤᠮᠳᠠᠳᠤ ᠤᠷᠤᠰ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠦᠵᠡᠬᠦᠯᠦᠯᠭᠡ ᠶᠢᠨ ᠰᠠᠭᠤᠷᠢᠨ ᠭᠠᠵᠠᠷ᠂ ᠪᠠᠷᠠᠭᠤᠨ ᠬᠤᠳᠠ ᠶᠢᠨ ᠨᠡᠶᠢᠭᠡᠮ ᠲᠤᠭᠤᠷᠢᠭ᠂ ᠬᠤᠳᠠ ᠶᠢᠨ ᠲᠦᠯᠦᠪᠵᠢᠬᠦᠯᠬᠡ ᠶᠢᠨ ᠲᠢᠩᠬᠢᠮ ᠵᠡᠷᠭᠡ ᠭᠠᠵᠠᠷ ᠢᠶᠠᠷ ᠬᠦᠷᠴᠤ ᠲᠤᠭᠤᠷᠢᠨ ᠪᠠᠶᠢᠴᠠᠭᠠᠵᠠᠢ᠃     ᠤᠶᠢᠯᠭᠠᠭᠰᠠᠨ ᠢᠶᠠᠷ᠂ ᠤᠷᠤᠨ ᠪᠦᠰᠡ ᠶᠢᠨ ᠵᠢᠭᠤᠯᠴᠢᠯᠠᠯ ᠤᠨ ᠳᠠᠯ᠎ᠠ ᠪᠠᠷ ᠡᠷᠢᠶᠠᠨ ᠬᠤᠳᠠ ᠨᠢ ᠭᠠᠵᠠᠷ ᠵᠦᠢ  ᠶᠢᠨ ᠪᠠᠶᠢᠷᠢᠰᠢᠯ ᠤᠨ ᠳᠠᠪᠠᠭᠤᠯᠢᠭ ᠪᠤᠯᠤᠨ ᠡᠬᠢ ᠪᠠᠶᠠᠯᠢᠭ ᠤᠨ ᠦᠪᠡᠷᠮᠢᠴᠡ ᠤᠨᠴᠠᠯᠢᠭ ᠲᠠᠭᠠᠨ ᠲᠤᠬᠢᠷᠠᠭᠤᠯᠵᠤ᠂ ︽ᠬᠤᠳᠠ ᠰᠢᠶᠠᠩ ᠤᠨ ᠨᠢᠬᠡ ᠴᠤᠭᠴᠠᠵᠢᠭᠤᠯᠤᠯᠳᠠ᠂ ᠤᠷᠤᠨ ᠪᠦᠰᠡ ᠶᠢᠨ ᠲᠦᠯᠦᠪᠵᠢᠬᠦᠯᠬᠡ︾ ᠶᠢᠨ ᠬᠦᠭᠵᠢᠯᠳᠠ  ᠶᠢᠨ ᠰᠡᠳᠬᠢᠮᠵᠢ ᠪᠠᠷ ᠲᠤᠮᠳᠠᠳᠤ ᠤᠷᠤᠰ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠤᠷᠤᠨ ᠢᠶᠠᠷ ᠳᠠᠭᠠᠭᠤᠯᠤᠭᠴᠢ ᠪᠤᠯᠭᠠᠨ᠂ 2017 ᠤᠨ ᠳᠤ ᠤᠯᠤᠰ ᠤᠨ ᠳᠤᠳᠤᠭᠠᠳᠤ ᠭᠠᠳᠠᠭᠠᠳᠤ ᠶᠢᠨ ᠵᠢᠭᠤᠯᠴᠢᠯᠠᠭᠰᠠᠳ ᠢ 213.2 ᠲᠦᠮᠡᠨ ᠤᠳᠠᠭ᠎ᠠ ᠲᠤᠰᠴᠤ᠂ ᠵᠢᠭᠤᠯᠴᠢᠯᠠᠯ ᠤᠨ ᠠᠵᠤ ᠦᠢᠯᠡᠰ ᠤᠨ ᠶᠡᠷᠦᠩᠬᠡᠢ ᠤᠷᠤᠯᠭ᠎ᠠ 49 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃2017 ᠤᠨ ᠳᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ᠂ ᠢ ᠯᠢᠨ ᠦᠷᠳᠡᠭᠡᠨ ᠤ ᠰᠤᠶᠤᠯ ᠤᠨ ᠦᠪ ᠤᠨ ᠮᠦᠽᠧᠢ᠂ ᠲᠤᠮᠳᠠᠳᠤ ᠤᠷᠤᠰ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠦᠵᠡᠬᠦᠯᠦᠯᠭᠡ ᠶᠢᠨ ᠰᠠᠭᠤᠷᠢᠨ  ᠭᠠᠵᠠᠷ᠂ ᠤᠯᠠᠨ ᠨᠡᠶᠢᠳᠡ ᠶᠢᠨ ᠦᠢᠯᠡᠴᠢᠯᠡᠬᠡᠨ ᠵᠡᠷᠭᠡ ᠲᠤᠨᠤᠭ ᠲᠦᠬᠦᠭᠡᠷᠦᠮᠵᠢ ᠶᠢ ᠳᠡᠰ ᠳᠡᠪᠰᠢᠬᠦᠯᠵᠤ᠂ 3.2 ᠳ᠋ᠦᠩᠰᠢᠭᠤᠷ  ᠲᠦᠭᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠬᠠᠮᠢᠶᠠᠷᠤᠯᠳᠠ ᠶᠢᠨ ᠳᠠᠯ᠎ᠠ ᠪᠠᠷ ᠡᠷᠢᠶᠠᠨ ᠬᠤᠳᠠ  ᠨᠢ ︽ᠪᠦᠬᠦ ᠤᠯᠤᠰ ᠤᠨ ᠨᠡᠶᠢᠭᠡᠮ ᠲᠤᠭᠤᠷᠢᠭ ᠤᠨ ᠵᠠᠰᠠᠨ ᠴᠡᠭᠴᠡᠯᠡᠯᠳᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠳᠠ ᠶᠢᠨ ᠤᠷᠤᠨ︾ ᠢ ᠪᠠᠳᠤᠵᠢᠭᠤᠯᠤᠭᠰᠠᠨ ᠰᠠᠭᠤᠷᠢᠨ ᠳᠡᠭᠡᠷ᠎ᠡ᠂ ᠨᠡᠶᠢᠭᠡᠮ ᠲᠤᠭᠤᠷᠢᠭ ᠤᠨ  ᠦᠪᠡᠷᠳᠡᠭᠡᠨ ᠵᠤᠬᠢᠶᠠᠨ ᠪᠠᠶᠢᠭᠤᠯᠬᠤ ᠶᠢ ᠴᠢᠩᠭᠠᠳᠬᠠᠨ᠂ ︽ ᠭᠤᠷᠪᠠᠨ ᠨᠡᠶᠢᠭᠡᠮ ᠲᠤᠭᠤᠷᠢᠭ ᠬᠠᠮᠵᠢᠯᠴᠠᠬᠤ︾ ᠪᠠᠶᠢᠭᠤᠯᠤᠮᠵᠢ ᠶᠢ ᠢᠳᠡᠪᠬᠢᠳᠠᠢ ᠪᠠᠶᠢᠭᠤᠯᠵᠤ᠂ ᠵᠠᠰᠠᠭ ᠤᠨ ᠤᠷᠳᠤᠨ ᠤ ᠠᠵᠢᠯ ᠤᠨ ᠴᠢᠳᠠᠪᠬᠢ   ᠶᠢᠨ ᠰᠢᠯᠵᠢᠯᠳᠠ ᠶᠢ ᠠᠬᠢᠭᠤᠯᠵᠤ᠂ ᠨᠡᠶᠢᠭᠡᠮ ᠲᠤᠭᠤᠷᠢᠭ ᠤᠨ ᠦᠢᠯᠡᠴᠢᠯᠡᠬᠡᠨ ᠤ ᠬᠡᠯᠪᠡᠷᠢ ᠶᠢ ᠪᠠᠶᠠᠯᠢᠭᠵᠢᠭᠤᠯᠤᠨ᠂ ᠨᠡᠶᠢᠭᠡᠮ ᠲᠤᠭᠤᠷᠢᠭ  ᠤᠨ ᠲᠦᠷᠢᠮᠵᠢᠭᠰᠡᠨ ᠪᠠᠶᠢᠭᠤᠯᠤᠯᠳᠠ ᠶᠢ ᠳᠠᠰᠤᠷᠠᠯᠳᠠ ᠦᠬᠡᠢ ᠠᠬᠢᠭᠤᠯᠵᠤ᠂ ᠦᠢᠯᠡᠴᠢᠯᠡᠬᠡᠨ ᠤ ᠴᠢᠳᠠᠪᠬᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠨᠠᠮ ᠤᠨ ᠪᠠᠶᠢᠭᠤᠯᠤᠯᠳᠠ ᠶᠢ ᠴᠢᠩᠭ᠎ᠠ ᠠᠳᠬᠤᠬᠤ ᠪᠠᠷ ᠳᠠᠮᠵᠢᠨ᠂ ᠨᠠᠮ ᠤᠨ ᠵᠤᠬᠢᠶᠠᠨ ᠪᠠᠶᠢᠭᠤᠯᠤᠯᠳᠠ ᠶᠢᠨ  ᠭᠤᠤᠯᠯᠠᠭᠴᠢ ᠦᠢᠯᠡᠳᠦᠯ ᠢ ᠪᠠᠳᠠᠷᠠᠭᠤᠯᠵᠤ᠂ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ  ᠪᠤᠯᠤᠨ  ᠤᠯᠠᠨ ᠲᠦᠮᠡᠨ ᠤ ᠨᠢᠬᠳᠠᠷᠠᠯᠴᠠᠭ᠎ᠠ ᠶᠢ ᠴᠢᠩᠭᠠᠳᠬᠠᠨ᠂ ᠰᠠᠭᠤᠭᠠᠯᠢ ᠠᠷᠠᠳ  ᠲᠤ ᠲᠦᠬᠦᠮ ᠦᠵᠡᠬᠦᠯᠦᠭᠰᠡᠨ ᠪᠠᠶᠢᠨ᠎ᠠ᠃      ᠡᠷᠢᠶᠠᠨ ᠬᠤᠳᠠ ᠶᠢᠨ ᠬᠠᠷᠢᠶ᠎ᠠ ᠲᠤᠭᠤᠷᠢᠭ ᠤᠨ  ᠳᠠᠯᠠᠪᠠᠢ ᠨᠢ 4000 ᠭᠠᠷᠤᠢ ᠳᠡᠭᠰᠢ ᠲᠦᠷᠪᠡᠯᠵᠢᠨ ᠮᠧᠲᠷ ᠂᠂ ᠬᠤᠳᠠ ᠶᠢᠨ ᠲᠤᠭᠤᠷᠢᠭ ᠤᠨ ᠳᠠᠯᠠᠪᠠᠢ ᠨᠢ 27 ᠳᠡᠭᠰᠢ ᠲᠦᠷᠪᠡᠯᠵᠢᠨ ᠮᠧᠲᠷ ᠪᠠᠶᠢᠵᠤ᠂ ᠪᠠᠷᠤᠭ 10 ᠲᠦᠮᠡ ᠤᠷᠴᠢᠮ ᠬᠦᠮᠦᠨ ᠠᠮᠠ ᠲᠠᠢ᠃ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠳᠠᠯ᠎ᠠ ᠪᠠᠷ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠠᠭᠤᠴᠢᠨ ᠰᠠᠭᠤᠭᠠᠯᠢ ᠲᠤᠭᠤᠷᠢᠭ ᠢ ᠵᠠᠰᠠᠨ  ᠴᠡᠭᠴᠡᠯᠡᠬᠦ ᠠᠵᠢᠯ ᠢ ᠰᠠᠶᠢᠳᠤᠷ ᠠᠳᠬᠤᠵᠤ᠂ ᠬᠤᠳᠠ ᠶᠢᠨ ᠲᠦᠬᠦᠭᠡᠷᠦᠮᠵᠢᠳᠤ ᠴᠢᠳᠠᠪᠬᠢ ᠶᠢ ᠳᠡᠬᠦᠯᠳᠡᠷᠵᠢᠬᠦᠯᠦᠭᠰᠡᠨ ᠪᠠᠶᠢᠨ᠎ᠠ᠃      ᠬᠤᠰᠢᠭᠤᠨ ᠤ ᠲᠤᠭᠤᠷᠢᠨ ᠰᠤᠷᠤᠯᠴᠠᠬᠤ ᠲᠤᠭᠤᠶᠢᠯᠠᠩ ᠨᠢ ᠡᠷᠢᠶᠠᠨ ᠬᠤᠳᠠ ᠶᠢᠨ ᠳᠠᠪᠰᠢᠩᠭᠤᠢ ᠠᠷᠭ᠎ᠠ ᠲᠤᠷᠰᠢᠯᠭ᠎ᠠ ᠶᠢ ᠰᠤᠷᠤᠯᠴᠠᠨ ᠤᠶᠢᠯᠠᠭᠠᠵᠤ᠂ ᠲᠤᠰ ᠣᠳᠠᠭᠠᠨ ᠤ ᠰᠤᠷᠤᠯᠴᠠᠭ᠎ᠠ ᠪᠠᠷ ᠳᠠᠮᠵᠢᠨ ᠦᠵᠡᠯᠳᠡ ᠳᠠᠨᠢᠯᠳᠠ  ᠪᠠᠨ ᠳᠡᠭᠡᠰᠢᠯᠡᠬᠦᠯᠵᠤ᠂ ᠤᠯᠤᠯᠳᠠ ᠲᠦᠷᠦᠭᠳᠡᠯ ᠢᠶᠠᠨ  ᠬᠤᠷᠢᠶᠠᠩᠭᠤᠶᠢᠯᠠᠨ ᠳ᠋ᠦᠩᠨᠡᠵᠤ᠂ ᠬᠤᠶᠢᠰᠢᠳᠠ ᠶᠢᠨ ᠠᠵᠢᠯ ᠲᠤᠮᠳᠠ ᠪᠠᠨ ᠮᠠᠨ ᠤ ᠬᠤᠰᠢᠭᠤᠨ ᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠭᠦᠭᠵᠢᠯᠳᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠬᠦ ᠪᠤᠯᠤᠨ᠎ᠠ ᠬᠡᠵᠤ ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号