ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠪᠠᠶᠠᠠᠬᠤᠸᠠ ᠪᠠᠯᠭᠠᠰᠤᠨ ᠳᠤ ᠬᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠬᠢᠴᠠ ᠶᠢᠨ ᠪᠠᠶᠢᠳᠠᠯ ᠪᠠ ᠠᠵᠤ ᠦᠢᠯᠡᠰ ᠤᠨ ᠬᠦᠭᠵᠢᠯᠳᠡ ᠳᠤ ᠱᠠᠭᠠᠷᠳᠠᠨ ᠪᠠᠶᠢᠴᠠᠭᠠᠯᠳᠠ ᠬᠢᠵᠦ ᠵᠢᠭᠠᠨ ᠵᠢᠯᠤᠭᠤᠳᠤᠵᠠᠢ
ᠨᠡᠶᠢᠲᠡᠯᠡᠭᠰᠡᠨ ᠴᠠᠭ᠄
2018-06-13
 ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠪᠠᠶᠠᠠᠬᠤᠸᠠ ᠪᠠᠯᠭᠠᠰᠤᠨ ᠳᠤ ᠬᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠬᠢᠴᠠ ᠶᠢᠨ ᠪᠠᠶᠢᠳᠠᠯ ᠪᠠ ᠠᠵᠤ ᠦᠢᠯᠡᠰ ᠤᠨ ᠬᠦᠭᠵᠢᠯᠳᠡ ᠳᠤ ᠱᠠᠭᠠᠷᠳᠠᠨ ᠪᠠᠶᠢᠴᠠᠭᠠᠯᠳᠠ ᠬᠢᠵᠦ ᠵᠢᠭᠠᠨ ᠵᠢᠯᠤᠭᠤᠳᠤᠵᠠᠢ                                                     6 ᠰᠠᠷ᠎ᠠ ᠶᠢᠨ 10᠎ ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠪᠠᠶᠠᠠᠬᠤᠸᠠ ᠪᠠᠯᠭᠠᠰᠤᠨ ᠤ ᠤᠯᠠᠭᠠᠨ ᠤᠳᠤ ᠭᠠᠴᠠᠭ᠎ᠠ᠂ ᠤᠯᠠᠭᠠᠨ ᠡᠷᠬᠢ ᠭᠠᠴᠠᠭᠠᠨ ᠳᠤ ᠬᠦᠨᠵᠡᠭᠡᠶᠢᠷᠡᠨ ᠶᠠᠳᠠᠭᠤ ᠎ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠬᠢᠴᠠ ᠶᠢᠨ ᠪᠠᠶᠢᠳᠠᠯ᠂ ︽ᠭᠤᠷᠪᠠ ᠶᠢ ᠲᠤᠰᠬᠤᠨ ᠳᠤ ᠬᠦᠷᠭᠡᠵᠦ᠂ ᠭᠤᠷᠪᠠ ᠶᠢ ᠡᠷᠦᠬᠡ ᠳᠤ ᠬᠦᠷᠭᠡᠬᠦ︾ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ᠂ ︽ᠰᠢᠭᠦᠷᠳᠡᠨ ᠪᠠᠶᠢᠴᠠᠭᠠᠯᠳᠠ᠂ ᠵᠠᠰᠠᠨ ᠴᠡᠭᠴᠡᠯᠡᠯᠳᠡ ᠪᠠ ᠨᠠᠶᠢᠳᠠᠪᠤᠷᠢᠵᠢᠭᠤᠯᠤᠯᠳᠠ︾ ᠎ ᠶᠢᠨ ᠠᠵᠢᠯ ᠤᠨ ᠠᠬᠢᠴᠠ᠂ ᠤᠨᠤᠪᠴᠢᠳᠠᠢ ᠪᠠᠷ ᠶᠠᠳᠠᠭᠤ ᠶᠢ ᠲᠡᠳᠬᠦᠵᠦ ︽ᠡᠷᠭᠢᠵᠦ ᠬᠠᠷᠠᠬᠤ︾ ᠠᠵᠢᠯ ᠤᠨ ᠠᠬᠢᠴᠠ᠂ ᠨᠢᠭᠡᠳᠦᠭᠡᠷ ᠱᠦᠵᠢ ᠶᠢᠨ ᠭᠠᠴᠠᠭᠠᠨ ᠳᠤ ᠰᠠᠭᠤᠵᠤ ᠪᠠᠶᠢᠭ᠎ᠠ ᠪᠠᠶᠢᠳᠠᠯ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠭᠠᠴᠠᠭᠠᠨ ᠤ ᠬᠤᠭᠤᠴᠠᠭ᠎ᠠ ᠬᠠᠯᠠᠬᠤ ᠰᠤᠩᠭᠤᠭᠤᠯᠢ ᠪᠠ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ ᠳᠤ ᠱᠠᠭᠠᠷᠳᠠᠨ ᠪᠠᠶᠢᠴᠠᠭᠠᠯᠳᠠ ᠬᠢᠵᠦ ᠵᠢᠭᠠᠨ ᠵᠢᠯᠤᠭᠤᠳᠪᠠ᠃ ᠬᠤᠰᠢᠭᠤᠨ ᠤ ᠨᠠᠮ ᠎ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠦ᠋ ᠵᠦ ᠪᠠᠶᠢᠴᠠᠭᠠᠯᠳᠠ ᠳᠤ ᠤᠷᠤᠯᠴᠠᠵᠠᠢ᠃       ᠪᠠᠢ ᠶᠥᠩ ᠴᠦᠨ ᠵᠡᠷᠭᠡ ᠤᠳᠤᠷᠢᠳᠤᠯᠭ᠎ᠠ ᠪᠠᠶᠠᠠᠬᠤᠸᠠ ᠪᠠᠯᠭᠠᠰᠤᠨ ᠤ ᠤᠯᠠᠭᠠᠨ ᠤᠳᠤ ᠭᠠᠴᠠᠭ᠎ᠠ᠂ ᠤᠯᠠᠭᠠᠨ ᠡᠷᠭᠢ ᠭᠠᠴᠠᠭᠠᠨ ᠤ ᠤᠨᠤᠪᠴᠢᠳᠠᠢ ᠪᠠᠷ ᠶᠠᠳᠠᠭᠤ ᠶᠢ ᠲᠡᠳᠬᠦᠬᠦ ︽ᠭᠤᠷᠪᠠᠨ ᠲᠠᠩᠰᠠ︾ ᠪᠤᠯᠤᠨ ᠬᠠᠮᠢᠶ᠎ᠠ ᠎ ᠲᠠᠢ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠬᠢᠴᠠ ᠶᠢᠨ ᠪᠠᠶᠢᠳᠠᠯ᠂ ︽ᠭᠤᠷᠪᠠ ᠶᠢ ᠲᠤᠰᠬᠤᠨ ᠳᠤ ᠬᠦᠷᠭᠡᠵᠦ᠂ ᠭᠤᠷᠪᠠ ᠶᠢ ᠡᠷᠦᠬᠡ ᠳᠤ ᠬᠦᠷᠭᠡᠬᠦ︾ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ᠂ ︽ᠰᠢᠭᠦᠷᠳᠡᠨ ᠪᠠᠶᠢᠴᠠᠭᠠᠯᠳᠠ᠂ ᠵᠠᠰᠠᠨ ᠴᠡᠭᠴᠡᠯᠡᠯᠳᠡ ᠪᠠ ᠨᠠᠶᠢᠳᠠᠪᠤᠷᠢᠵᠢᠭᠤᠯᠤᠯᠳᠠ︾᠎ ᠶᠢᠨ ᠠᠵᠢᠯ ᠤᠨ ᠠᠬᠢᠴᠠ᠂ ᠤᠨᠤᠪᠴᠢᠳᠠᠢ ᠪᠠᠷ ᠶᠠᠳᠠᠭᠤ ᠶᠢ ᠲᠡᠳᠬᠦᠵᠦ ︽ᠡᠷᠭᠢᠵᠦ ᠬᠠᠷᠠᠬᠤ︾ ᠠᠵᠢᠯ ᠤᠨ ᠠᠬᠢᠴᠠ᠂ ᠨᠢᠭᠡᠳᠦᠭᠡᠷ ᠱᠦᠵᠢ ᠶᠢᠨ ᠭᠠᠴᠠᠭᠠᠨ ᠳᠤ ᠰᠠᠭᠤᠵᠤ ᠪᠠᠶᠢᠭ᠎ᠠ ᠪᠠᠶᠢᠳᠠᠯ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠭᠠᠴᠠᠭᠠᠨ ᠤ  ᠬᠤᠭᠤᠴᠠᠭ᠎ᠠ ᠬᠠᠯᠠᠬᠤ ᠰᠤᠩᠭᠤᠭᠤᠯᠢ ᠪᠠ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠢ ᠨᠠᠷᠢᠯᠢᠭ ᠤᠶᠢᠯᠠᠭᠠᠪᠠ᠃       ᠤᠯᠠᠭᠠᠨ ᠤᠳᠤ ᠭᠠᠴᠠᠭᠠᠨ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ᠂ ᠭᠠᠴᠠᠭᠠᠨ ᠤ ᠬᠠᠷᠢᠭᠤᠴᠠᠯᠭᠠᠳᠠᠨ ᠪᠤᠯᠤᠨ ᠭᠠᠴᠠᠭᠠᠨ ᠳᠤ ᠰᠠᠭᠤᠭ᠎ᠠ ᠺᠠᠳ᠋ᠷ ᠲᠠᠢ ᠬᠠᠮᠳᠤ ᠪᠠᠷ ᠶᠠᠷᠢᠯᠴᠠᠨ ᠰᠤᠳᠤᠯᠵᠤ᠂ ᠲᠡᠳᠡᠨ ᠤ ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠷᠭ᠎ᠠ ᠠᠪᠴᠠᠯ᠂ ᠭᠠᠴᠠᠭᠠᠨ ᠤ ᠬᠠᠮᠳᠤ ᠶᠢᠨ ᠠᠵᠤ ᠠᠬᠤᠢ ᠎ ᠶᠢᠨ ᠬᠦᠴᠦᠨ ᠢ ᠪᠤᠵᠠᠭᠠᠶᠢᠷᠠᠭᠤᠯᠬᠤ᠂ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠪᠠ ᠮᠠᠯ ᠠᠵᠤ ᠠᠬᠤᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠳᠠ ᠶᠢ ᠬᠦᠭᠵᠢᠬᠦᠯᠬᠦ ᠲᠤᠬᠠᠢ ᠰᠠᠨᠠᠯ ᠪᠤᠳᠤᠯ ᠢ ᠰᠤᠨᠤᠰᠴᠤ᠂ ᠶᠠᠳᠠᠭᠤ ᠡᠷᠦᠬᠡ ᠶᠢ ᠤᠨᠤᠪᠴᠢᠳᠠᠢ ᠪᠠᠷ ᠲᠤᠭᠳᠠᠭᠠᠬᠤ ᠪᠠ ᠶᠠᠳᠠᠭᠤ ᠠᠴᠠ ᠠᠩᠭᠢᠵᠢᠷᠠᠭᠰᠠᠨ ᠪᠠᠶᠢᠳᠠᠯ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠳᠠ ᠪᠠ ᠲᠠᠩᠰᠠ ᠡᠪᠬᠡᠮᠡᠯ ᠤᠨ ᠬᠠᠮᠢᠶᠠᠷᠤᠯᠳᠠ ᠶᠢ ᠤᠶᠢᠯᠠᠭᠠᠪᠠ᠃ ᠪᠠᠢ ᠶᠥᠩ ᠴᠦᠨ ᠵᠢᠭᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠨᠢ ᠶᠠᠳᠠᠭᠤᠷᠠᠯ ᠢ ᠤᠰᠠᠳᠬᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠮᠳᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠴᠢᠬᠤᠯᠠ ᠪᠠᠶᠢᠯᠳᠤᠬᠤ ᠪᠤᠳᠤᠯᠭ᠎ᠠ᠂ ᠮᠦᠨ ᠴᠦ ᠪᠦᠬᠦ ᠠᠷᠠᠳ ᠢᠶᠠᠷ ᠢᠶᠠᠨ ᠬᠦᠭᠵᠢᠯᠳᠡ ᠶᠢᠨ ᠦᠷ᠎ᠡ ᠪᠦᠳᠦᠭᠡᠯ ᠢ ᠡᠳ᠋ᠯᠡᠬᠦ ᠶᠢ ᠪᠠᠳᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠴᠢᠬᠤᠯᠠ ᠠᠷᠭ᠎ᠠ ᠠᠪᠴᠠᠯ ᠪᠤᠯᠬᠤ ᠶᠤᠮ᠃ ᠤᠯᠠᠭᠠᠨ ᠤᠳᠤ ᠭᠠᠴᠠᠭ᠎ᠠ ᠨᠢ ᠬᠦᠮᠦᠨ ᠤᠯᠠᠨ ᠨᠤᠳᠤᠭ ᠪᠠᠭ᠎ᠠ᠂ ᠰᠠᠭᠤᠷᠢᠰᠢᠯ ᠲᠦᠪᠯᠡᠷᠡᠩᠭᠦᠢ᠂ ᠰᠠᠭᠤᠷᠢ ᠲᠦᠭᠦᠭᠡᠷᠦᠮᠵᠢ ᠨᠡᠯᠢᠶᠡᠳ ᠰᠠᠶᠢᠨ ᠪᠠᠶᠢᠵᠤ᠂ ᠬᠤᠷᠰᠢᠭᠰᠠᠨ ᠠᠵᠤ ᠠᠬᠤᠢ ᠪᠠ ᠮᠢᠬᠠᠨ ᠤ ᠦᠬᠡᠷ ᠤᠨ ᠠᠵᠤ ᠦᠢᠯᠡᠰ ᠢ ᠬᠦᠭᠵᠢᠬᠦᠯᠬᠦ ᠳᠤ ᠨᠡᠯᠢᠶᠡᠳ ᠲᠤᠬᠢᠷᠠᠮᠵᠢᠳᠠᠢ ᠪᠠᠶᠢᠨ᠎ᠠ᠃ ᠪᠤᠳᠠᠳᠠᠢ ᠲᠠᠢ ᠪᠠᠨ ᠤᠶᠠᠯᠳᠤᠭᠤᠯᠤᠨ ︽ᠬᠤᠨᠢ ᠶᠢ ᠴᠦᠬᠡᠳᠬᠡᠨ ᠦᠬᠡᠷ ᠢ ᠦᠰᠬᠡᠬᠦ︾ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠬᠡᠷᠡᠭᠵᠢᠬᠦᠯᠦᠨ᠂ ᠠᠵᠤ ᠦᠢᠯᠡᠰ ᠤᠨ ᠬᠦᠭᠵᠢᠯᠳᠡ ᠶᠢ ᠰᠠᠶᠢᠳᠤᠷ ᠲᠦᠯᠦᠪᠵᠢᠭᠦᠯᠵᠦ᠂ ᠪᠠᠭ᠎ᠠ ᠮᠠᠯᠵᠢᠵᠤ ᠰᠢᠯᠢᠳᠡᠭ ᠮᠠᠯᠵᠢᠬᠤ ᠪᠠᠷ ᠲᠠᠮᠵᠢᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢᠨ ᠬᠠᠮᠳᠤ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ︽ᠬᠤᠤᠰ ᠬᠠᠷᠠᠯᠳᠠ︾᠎ ᠶᠢ ᠪᠡᠶᠡᠯᠡᠬᠦᠯᠬᠦ ᠬᠡᠷᠡᠭᠳᠡᠢ᠃ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠵᠦ᠂ ᠬᠦᠭᠵᠢᠯᠳᠡ ᠶᠢᠨ ᠰᠡᠳᠬᠢᠮᠵᠢ ᠪᠠᠨ ᠰᠠᠶᠢᠵᠢᠷᠠᠭᠤᠯᠤᠨ᠂ ᠡᠷᠴᠢᠮᠵᠢᠭᠰᠡᠨ᠂ ᠬᠤᠷᠰᠢᠭᠰᠠᠨ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠪᠠᠷ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠡ ᠶᠢ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠭᠵᠢᠯ ᠮᠠᠨᠳᠤᠯ ᠢ ᠪᠡᠶᠡᠯᠡᠬᠦᠯᠬᠦ ᠬᠡᠷᠡᠭᠳᠡᠢ ᠭᠡᠵᠡᠢ᠃        ᠤᠯᠠᠭᠠᠨ ᠡᠷᠭᠢ ᠭᠠᠴᠠᠭᠠᠨ ᠳᠤ᠂ ᠪᠠᠢ ᠶᠥᠩ ᠴᠦᠨ ᠵᠡᠷᠭᠡ ᠤᠳᠤᠷᠢᠳᠤᠯᠭ᠎ᠠ ᠭᠠᠴᠠᠭᠠᠨ ᠤ ᠬᠤᠶᠢᠰᠢᠳᠠ ᠎ ᠶᠢᠨ ᠬᠦᠭᠵᠢᠯᠳᠡ᠂ ᠬᠠᠮᠳᠤ ᠶᠢᠨ ᠠᠵᠤ ᠠᠬᠤᠢ ᠶᠢᠨ ᠢᠷᠡᠯᠳᠡ ᠪᠠ ᠬᠦᠭᠵᠢᠯᠳᠡ ᠶᠢᠨ ᠲᠦᠯᠦᠪᠯᠡᠭᠡ᠂ ᠭᠠᠴᠠᠭᠠᠨ ᠤ ᠡᠭᠦᠷ ᠵᠦᠪᠯᠡᠯ ᠤᠨ ᠴᠢᠬᠤᠯᠠ ᠦᠢᠯᠡᠳᠦᠯ ᠤᠨ ᠲᠠᠯ᠎ᠠ ᠪᠠᠷ ᠶᠠᠷᠢᠯᠴᠠᠪᠠ᠃ ᠪᠠᠢ ᠶᠥᠩ ᠴᠦᠨ ᠵᠢᠭᠠᠬᠤ ᠳᠠᠭᠠᠨ᠂ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠨᠢ ᠵᠦᠪᠬᠡᠨ ᠠᠵᠤ ᠠᠬᠤᠢ ᠶᠢᠨ ᠠᠰᠠᠭᠤᠳᠠᠯ ᠪᠢᠰᠢ᠂ ᠭᠠᠴᠠᠭᠠᠨ ᠤ ᠠᠯᠤᠰ ᠤᠨ ᠬᠦᠭᠵᠢᠯᠳᠡ ᠪᠠ ᠮᠠᠯᠴᠢᠳ ᠲᠤ ᠠᠰᠢᠭ ᠬᠦᠷᠳᠡᠭᠡᠬᠦ ᠰᠠᠭᠤᠷᠢ ᠶᠢᠨ ᠴᠢᠨᠠᠷᠳᠠᠢ ᠠᠵᠢᠯ ᠪᠤᠯᠬᠤ ᠶᠤᠮ᠃ ᠰᠤᠮᠤ ᠪᠠᠯᠭᠠᠰᠤ᠂ ᠭᠠᠴᠠᠭ᠎ᠠ ᠨᠢ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠶᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠢ ᠤᠶᠠᠯᠳᠤᠭᠤᠯᠤᠨ᠂ ᠬᠠᠮᠳᠤ ᠶᠢᠨ ᠠᠵᠤ ᠠᠬᠤᠢ ᠶᠢᠨ ᠲᠦᠷᠦ ᠶᠢᠨ ᠪᠤᠳᠤᠯᠭ᠎ᠠ ᠪᠠᠨ ᠰᠠᠶᠢᠳᠤᠷ ᠰᠤᠳᠤᠯᠤᠨ ᠲᠤᠭᠳᠠᠭᠠᠵᠤ᠂ ᠭᠠᠵᠠᠷ ᠤᠷᠤᠨ ᠳᠤ ᠵᠤᠬᠢᠴᠠᠭᠰᠠᠨ ᠬᠦᠭᠵᠢᠯᠳᠡ ᠶᠢᠨ ᠬᠡᠯᠪᠡᠷᠢ ᠪᠠᠷ ᠬᠠᠮᠳᠤ ᠎ ᠶᠢᠨ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠡᠢ᠃        ᠪᠠᠢ ᠶᠥᠩ ᠴᠦᠨ ᠪᠠᠰᠠ ᠤᠯᠠᠭᠠᠨ ᠡᠷᠬᠢ ᠭᠠᠴᠠᠭᠠᠨ ᠤ ᠠᠮᠢᠳᠤᠷᠠᠯ ᠨᠢ ᠬᠦᠴᠢᠷᠳᠡᠯᠳᠡᠢ ᠡᠷᠦᠬᠡ ᠬᠤᠩ ᠸᠧᠢ ᠶᠢᠨ ᠳᠤ ᠬᠦᠷᠴᠦ᠂ ᠶᠠᠳᠠᠭᠤᠷᠠᠭᠰᠠᠨ ᠰᠢᠯᠳᠠᠭᠠᠨ᠂ ᠤᠷᠤᠯᠭ᠎ᠠ ᠶᠢᠨ ᠪᠠᠶᠢᠳᠠᠯ᠂ ᠦᠷ᠎ᠡ ᠬᠡᠤᠬᠡᠳ ᠤᠨ ᠰᠤᠷᠭᠠᠭᠤᠯᠢ ᠳᠤ ᠤᠷᠤᠭᠰᠠᠨ ᠪᠠᠶᠢᠳᠠᠯ ᠪᠠ ᠬᠦᠴᠢᠷᠳᠡᠯ ᠢ ᠨᠢ ᠤᠶᠢᠯᠠᠭᠠᠭᠰᠠᠨ ᠤ ᠬᠠᠮᠳᠤ᠂ ᠰᠤᠮᠤ ᠪᠠᠯᠭᠠᠰᠤ᠂ ᠭᠠᠴᠠᠭ᠎ᠠ ᠪᠠ ᠭᠠᠴᠠᠭᠠᠨ ᠳᠤ ᠰᠠᠭᠤᠭ᠎ᠠ ᠺᠠᠳ᠋ᠷ ᠢ ᠭᠠᠴᠠᠭᠠᠨ ᠤ ᠦᠨᠳᠦᠰᠦᠨ ᠪᠠᠶᠢᠳᠠᠯ ᠪᠠ ᠮᠠᠯᠴᠢᠳ ᠤᠨ ᠪᠠᠶᠢᠳᠠᠯ ᠢ ᠰᠠᠶᠢᠳᠤᠷ ᠡᠵᠡᠮᠳᠡᠵᠦ᠂ ᠮᠠᠯᠴᠢᠳ ᠢ ᠵᠢᠯᠤᠭᠤᠳᠤᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠡᠮ ᠢ ᠨᠢ ᠦᠷᠭᠡᠳᠬᠡᠵᠦ ᠴᠢᠨᠡᠭᠡᠯᠢᠭ ᠠᠮᠢᠳᠤᠷᠠᠯ ᠳᠤ ᠬᠦᠷᠬᠡᠬᠦ ᠬᠡᠷᠡᠭᠳᠡᠢ ᠭᠡᠵᠡᠢ᠃        ᠪᠠᠢ ᠶᠥᠩ ᠴᠦᠨ ᠱᠠᠭᠠᠷᠳᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠲᠤᠮᠳᠠ᠂ ᠬᠤᠰᠢᠭᠤᠨ ᠤ ᠶᠠᠳᠠᠭᠤ ᠶᠢ ᠲᠡᠳᠬᠦᠬᠦ ᠰᠠᠯᠠᠭ᠎ᠠ ᠮᠦᠴᠢᠷ᠂ ᠰᠤᠮᠤ ᠪᠠᠯᠭᠠᠰᠤ᠂ ᠭᠠᠴᠠᠭ᠎ᠠ ᠪᠤᠯᠤᠨ ᠭᠠᠴᠠᠭᠠᠨ ᠳᠤ ᠰᠠᠭᠤᠭ᠎ᠠ ᠺᠠᠳ᠋ᠷ ᠨᠢ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ᠂ ᠠᠵᠢᠯ ᠤᠨ ᠬᠦᠴᠦᠯᠡᠴᠡ ᠪᠠᠨ ᠲᠦᠷᠭᠡᠳᠬᠡᠵᠦ᠂ ︽ᠵᠢᠷᠭᠤᠭᠠᠨ ᠤᠨᠤᠪᠴᠢᠳᠠᠢ᠂ ᠲᠠᠪᠤ ᠶᠢ ᠨᠢᠭᠡ ᠴᠤᠭᠴᠠᠵᠢᠭᠤᠯᠬᠤ︾ ᠱᠠᠭᠠᠷᠳᠠᠯᠭ᠎ᠠ ᠪᠠᠷ ᠦᠨᠳᠦᠰᠦᠨ ᠪᠠᠶᠢᠴᠠᠭᠠᠯᠳᠠ᠂ ᠲᠠᠩᠰᠠ ᠡᠪᠬᠡᠮᠡᠯ ᠢ ᠪᠦᠷᠢᠨᠰᠢᠬᠦᠯᠬᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠠᠰᠠᠭᠤᠳᠠᠯ ᠢ ᠵᠠᠰᠠᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠳᠤᠷ ᠬᠢᠵᠦ᠂ ᠨᠡᠩ ᠴᠦ ᠦᠨᠳᠦᠰᠦᠨ ᠲᠤᠭ᠎ᠠ ᠪᠠᠷᠢᠮᠳᠠ ᠤᠨᠤᠪᠴᠢᠳᠠᠢ᠂ ᠠᠭᠤᠯᠭ᠎ᠠ ᠲᠤᠳᠤᠷᠬᠠᠢ᠂ ᠠᠵᠢᠯ ᠤᠨ ᠲᠠᠷᠠᠭᠠᠯᠠᠯ ᠢᠯᠡ᠂ ᠬᠦᠭᠵᠢᠯᠳᠡ ᠶᠢᠨ ᠰᠡᠳᠬᠢᠮᠵᠢ ᠪᠠᠨ ᠲᠤᠳᠤᠷᠬᠠᠢ ᠪᠠᠶᠢᠯᠭᠠᠵᠤ᠂ ᠰᠢᠨᠵᠢᠯᠡᠬᠦ ᠤᠬᠠᠭᠠᠠᠴᠢ ᠵᠦᠢ ᠵᠤᠬᠢᠰᠳᠠᠢ ᠬᠠᠪᠰᠤᠷᠤᠨ ᠲᠡᠮᠵᠢᠬᠦ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠬᠡᠷᠡᠭᠳᠡᠢ᠃ ᠭᠠᠴᠠᠭᠠᠨ ᠤ ᠬᠤᠭᠤᠴᠠᠭ᠎ᠠ ᠬᠠᠯᠠᠬᠤ ᠰᠤᠩᠭᠤᠭᠤᠯᠢ ᠶᠢ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠬᠦᠯᠬᠦ ᠪᠠ ᠠᠵᠤ ᠦᠢᠯᠡᠰ ᠤᠨ ᠬᠦᠭᠵᠢᠯᠳᠡ ᠲᠠᠢ ᠤᠶᠠᠯᠳᠤᠭᠤᠯᠤᠨ᠂ ᠰᠠᠬᠢᠯᠭ᠎ᠠ ᠪᠠᠳᠤ ᠶᠢ ᠴᠢᠩᠭᠠᠳᠬᠠᠵᠤ᠂ ᠰᠢᠯᠢᠳᠡᠭ ᠴᠢᠩᠭ᠎ᠠ ᠭᠠᠴᠠᠭᠠᠨ ᠤ ︽ᠬᠤᠶᠠᠷ ᠪᠠᠭ︾᠎ ᠢ ᠰᠤᠩᠭᠤᠨ ᠭᠠᠷᠭᠠᠬᠤ ᠶᠢ ᠪᠠᠳᠤᠯᠠᠵᠤ᠂ ᠨᠠᠮ ᠤᠨ ᠵᠠᠰᠠᠭ ᠪᠠᠷᠢᠬᠤ ᠦᠨᠳᠦᠰᠦ ᠶᠢ ᠪᠠᠳᠤᠳᠬᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠪᠠᠳᠤᠯᠠᠭ᠎ᠠ ᠬᠠᠩᠭᠠᠬᠤ ᠬᠡᠷᠡᠭᠳᠡᠢ ᠭᠡᠵᠡᠢ᠃         ᠪᠠᠢ ᠶᠥᠩ ᠴᠦᠨ ᠴᠢᠬᠤᠯᠠᠴᠢᠯᠠᠬᠤ ᠳᠠᠭᠠᠨ᠂ ᠨᠠᠮ ᠤᠨ ᠲᠦᠪ ᠬᠤᠷᠢᠶᠠᠨ ᠤ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠠᠵᠢᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠎ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ᠂ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠪᠠ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠪᠠᠨ ᠬᠤᠪᠢᠷᠠᠭᠤᠯᠬᠤ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠤᠭᠴᠤᠭ᠎ᠠ ᠪᠤᠯᠭᠠᠨ ᠠᠳᠬᠤᠵᠤ᠂ ᠨᠡᠩ ᠦᠨᠳᠦᠷ ᠵᠤᠭᠰᠤᠴᠠ ᠠᠴᠠ ᠠᠯᠤᠰ ᠢ ᠪᠠᠷᠠᠭᠠᠯᠠᠨ᠂ ᠮᠠᠯᠵᠢᠬᠤ ᠤᠷᠤᠨ ᠤ ᠡᠯ᠎ᠡ ᠲᠠᠯ᠎ᠠ ᠶᠢᠨ ᠠᠵᠢᠯ ᠢᠶᠠᠨ ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃      
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号