ᠪᠠᠷᠠᠭᠤᠨ ᠦᠵᠦᠮᠦᠴᠢᠨ ᠬᠤᠰᠢᠭᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ ᠬᠦᠴᠢᠷᠲᠡᠯᠲᠠᠢ ᠬᠦᠮᠦᠰ ᠲᠤ | ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠭᠰᠡᠨ | | | ᠮᠠᠨ ᠤ ᠬᠤᠰᠢᠭᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ ᠬᠦᠴᠢᠷᠲᠡᠯᠲᠠᠢ ᠬᠦᠮᠦᠰ ᠤᠨ ᠡᠮ | ᠡᠮᠨᠡᠯᠭᠡ ᠶᠢᠨ ᠪᠠᠳᠤᠯᠠᠭ᠎ᠠ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠲᠡᠭᠡᠭᠰᠢᠯᠡᠭᠦᠯᠬᠦ ᠶᠢᠨ ᠲᠦᠯᠦᠭᠡ᠂ 6 ᠰᠠᠷ᠎ᠠ | ᠶᠢᠨ 11 ᠤ ᠡᠳᠦᠷ᠂ ᠪᠦᠭᠦ ᠬᠤᠰᠢᠭᠤᠨ ᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ ᠬᠦᠴᠢᠷᠲᠡᠯᠲᠠᠢ | ᠬᠦᠮᠦᠰ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠬᠤᠰᠢᠭᠤ ᠳᠡᠳ᠋ ᠲᠠᠷᠤᠭ᠎ᠠ ᠯᠢ | ᠰᠢᠤᠸᠠᠢ ᠶᠢᠩ ᠠᠬᠤᠢ ᠲᠠᠯᠠᠪᠠᠢ ᠳᠤ ᠬᠦᠷᠴᠦ ᠬᠢᠨᠠᠨ ᠵᠢᠯᠤᠭᠤᠳᠤᠭᠰᠠᠨ ᠪᠠᠶᠢᠨ᠎ᠠ᠃ | | | | | ᠳᠤᠰ ᠤᠳᠠᠭᠠᠨ ᠤ ᠪᠠᠶᠢᠴᠠᠭᠠᠯᠲᠠ ᠨᠢ ᠪᠦᠬᠦ ᠬᠤᠰᠢᠭᠤᠨ ᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ | ᠬᠦᠴᠢᠷᠲᠡᠯᠲᠠᠢ ᠬᠦᠮᠦᠰ ᠲᠤ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠳᠤ ᠶᠡᠷᠦ | ᠶᠢᠨ ᠪᠡᠶ᠎ᠡ ᠴᠤᠭᠴᠠ ᠶᠢᠨ ᠪᠠᠶᠢᠴᠠᠭᠠᠯᠲᠠ᠂ ᠲᠤᠷᠰᠢᠯᠲᠠ ᠶᠢᠨ ᠲᠠᠰᠤᠭ ᠤᠨ ᠪᠠᠶᠢᠴᠠᠭᠠᠯᠲᠠ᠂ ᠵᠢᠷᠦᠭᠡᠨ ᠯᠤᠭᠰᠢᠯᠲᠠ | ᠶᠢᠨ ᠵᠢᠷᠤᠭ ᠵᠡᠷᠭᠡ10 ᠭᠠᠷᠦᠢ ᠲᠦᠷᠦᠯ ᠵᠦᠢᠯ ᠪᠠᠶᠢᠵᠦ᠂ ᠪᠠᠶᠢᠴᠠᠭᠠᠯᠲᠠ ᠬᠢᠬᠦ ᠶᠢᠨ ᠳᠠᠭᠠᠤ ᠪᠠᠰᠠ᠂ ᠶᠠᠳᠠᠭᠤ | ᠬᠦᠴᠢᠷᠲᠡᠯᠲᠠᠢ ᠬᠦᠮᠦᠰ ᠲᠤ ᠡᠷᠡᠭᠦᠯᠵᠡᠯ ᠢᠶᠠᠷ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠪᠤᠯᠥᠨ ᠡᠷᠡᠭᠦᠯ | ᠮᠡᠨᠳᠦ ᠶᠢᠨ ᠮᠡᠳᠡᠯᠭᠡ ᠶᠢ ᠨᠠᠷᠢᠨ ᠳᠠᠶᠢᠯᠪᠤᠷᠢᠯᠠᠵᠤ ᠦᠭᠬᠦ ᠶᠢᠨ ᠬᠠᠮᠳᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ | ᠢ ᠬᠦᠮᠦᠰ ᠲᠤ ᠬᠡᠯᠡᠵᠦ ᠦᠭᠴᠦ᠂ ᠡᠪᠡᠳᠴᠢᠨ ᠠᠴᠠ ᠰᠡᠷᠭᠡᠶᠢᠯᠡᠭᠦ ᠠᠷᠭ᠎ᠠ ᠠᠪᠴᠠᠯ ᠪᠠ ᠡᠪᠡᠳᠴᠢᠨ ᠢ ᠵᠠᠰᠠᠬᠤ | ᠰᠠᠨᠠᠭᠤᠯᠭ᠎ᠠ ᠲᠤᠷᠠᠳᠴᠦ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦ᠋ᠩ ᠢ ᠴᠠᠭ ᠳᠤᠬᠠᠢ ᠳᠤ ᠨᠢ ᠡᠷᠡᠭᠦᠯ ᠴᠢᠭᠢᠷᠠᠭ | ᠤᠨ ᠡᠯᠧᠺᠲᠷᠤᠨ ᠲᠠᠩᠰᠠ ᠡᠪᠭᠡᠮᠡᠯ ᠳᠤ ᠰᠢᠩᠭᠡᠭᠡᠨ ᠤᠷᠤᠭᠤᠯᠥᠠᠠᠰᠠᠨ ᠪᠠᠶᠢᠨ᠎ᠠ᠃ | | | | | ᠮᠠᠨ ᠤ ᠬᠤᠰᠢᠭᠤ ᠦᠨ᠎ᠡ ᠲᠦᠯᠦᠪᠦᠷᠢ ᠦᠭᠡᠢ ᠪᠠᠷ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ | ᠬᠦᠴᠢᠷᠲᠡᠯᠲᠠᠢ ᠬᠦᠮᠦᠰ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠦᠷᠨᠢᠭᠦᠯᠭᠦ ᠶᠢᠨ | ᠲᠦᠯᠦᠭᠡ᠂ ᠬᠤᠰᠢᠭᠤ ᠵᠠᠰᠠᠭ ᠤᠨ ᠤᠷᠳᠤᠨ2018 ᠤᠨ ᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ | ᠬᠦᠴᠢᠷᠲᠡᠯᠲᠠᠢ ᠬᠦᠮᠦᠨ ᠠᠮᠠ ᠶᠢᠨ ᠪᠡᠶ᠎ᠡ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ | ᠪᠠᠶᠢᠭᠤᠯᠵᠦ᠂ ︽ᠪᠠᠷᠠᠭᠤᠨ ᠦᠵᠦᠮᠦᠴᠢᠨ ᠬᠤᠰᠢᠭᠤᠨ ᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ | ᠬᠦᠴᠢᠷᠲᠡᠯᠲᠠᠢ ᠬᠦᠮᠦᠨ ᠠᠮᠠ ᠶᠢᠨ ᠦᠨ᠎ᠡ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠲᠠ ᠶᠢᠨ ᠭᠡᠷᠡᠭᠵᠢᠭᠦᠯᠭᠦ | ᠲᠦᠰᠦᠪ︾ ᠲᠤᠭᠳᠠᠭᠠᠵᠦ᠂ ᠠᠵᠢᠯ ᠤᠨ ᠶᠠᠪᠤᠴᠠ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠪᠠᠷ ᠴᠢᠩᠭ᠎ᠠ | ᠱᠠᠭᠠᠷᠳᠠᠵᠦ᠂ ᠡᠭᠦᠷᠭᠡ ᠬᠠᠷᠢᠴᠠᠭᠤᠯᠭ᠎ᠠ ᠪᠠᠨ ᠦᠨᠳᠦᠷ ᠬᠢᠷᠢ ᠪᠦᠳᠦᠮᠵᠢ ᠲᠠᠢ ᠪᠡᠶᠡᠯᠡᠭᠦᠯᠭᠦ ᠶᠢ ᠪᠠᠳᠤᠯᠠᠨ᠂ ᠷᠠᠳᠢᠤ᠋ | ᠲᠧᠯᠸᠢᠰ ᠪᠤᠯᠥᠨ ᠰᠦᠯᠵᠢᠶ᠎ᠡ ᠵᠡᠷᠭᠡ ᠮᠡᠳᠡᠭᠡ ᠵᠠᠭᠤᠯᠴᠢᠯᠠᠭᠤᠷ ᠢ ᠠᠰᠢᠭᠯᠠᠨ᠂ ᠦᠷᠭᠡᠨ ᠢᠶᠠᠷ ᠤᠬᠠᠭᠤᠯᠵᠦ᠂ ᠲᠠᠩᠰᠠ | ᠪᠠᠶᠢᠭᠤᠯᠥᠨ ᠺᠠᠷᠲᠠᠴᠢᠯᠠᠭᠰᠠᠨ ᠶᠠᠳᠠᠭᠤ ᠬᠦᠴᠢᠷᠲᠡᠯᠲᠠᠢ ᠬᠦᠮᠦᠰ ᠢ ᠢᠳᠡᠪᠬᠢᠲᠠᠢ ᠤᠷᠤᠯᠴᠠᠬᠤ ᠶᠢ ᠲᠠᠶᠢᠴᠢᠯᠠᠵᠦ᠂ | ᠦᠨ᠎ᠡ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠲᠠ ᠳᠤ ᠨᠢᠭᠡ ᠶᠠᠳᠠᠭᠤ ᠬᠦᠮᠦᠨ ᠠᠮᠠ ᠶᠢ ᠴᠦ | ᠬᠤᠴᠤᠷᠠᠭᠠᠬᠤ ᠦᠭᠡᠢ ᠪᠠᠶᠢᠬᠤ ᠶᠢ ᠪᠠᠳᠤᠯᠠᠭᠰᠠᠨ ᠪᠠᠶᠢᠨ᠎ᠠ᠃ | | | | | ᠪᠤᠶᠢᠲᠠ ᠪᠦᠭᠯᠡᠭᠦᠦ ᠮᠠᠯᠵᠢᠬᠤ ᠤᠷᠤᠨ ᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ ᠬᠦᠴᠢᠷᠲᠡᠯᠲᠠᠢ | ᠬᠦᠮᠦᠰ ᠲᠤ ᠲᠦᠭᠦᠮ ᠦᠵᠡᠭᠦᠯᠭᠦ ᠶᠢᠨ ᠲᠦᠯᠦᠭᠡ᠂ ᠭᠡᠷ ᠠᠴᠠ ᠪᠠᠨ ᠤᠶᠢᠷᠠᠬᠠᠨ ᠪᠠᠶᠢᠭ᠎ᠠ ᠡᠮᠨᠡᠯᠭᠡ ᠶᠢᠨ ᠬᠤᠷᠢᠶᠠᠨ | ᠳᠤ ᠪᠡᠶ᠎ᠡ ᠶᠢᠨ ᠪᠠᠶᠢᠴᠠᠭᠠᠯᠲᠠ ᠬᠢᠬᠦ ᠦᠢᠯᠡᠴᠢᠯᠡᠭᠡ ᠬᠠᠨᠭ᠍ᠭᠠᠵᠦ᠂ ᠬᠤᠰᠢᠭᠤ ᠡᠮᠨᠡᠯᠭᠡ ᠶᠢᠨ ᠬᠤᠷᠢᠶ᠎ᠠ᠂ ᠪᠠᠶᠠᠨᠬᠤᠸᠠ | ᠠᠭᠤᠷᠬᠠᠢ ᠶᠢᠨ ᠲᠤᠭᠤᠷᠢᠭ ᠤᠨ ᠡᠮᠨᠡᠯᠭᠡ ᠶᠢᠨ ᠬᠤᠷᠢᠶ᠎ᠠ ᠪᠠᠷ ᠭᠤᠤᠯᠳᠠᠯᠭ᠎ᠠ ᠪᠤᠯᠭᠠᠵᠦ᠂ ᠲᠤᠭᠳᠠᠮᠠᠯ ᠴᠡᠭ ᠤᠨ | ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠥᠮᠵᠢ ᠪᠠᠷ | ᠨᠦᠬᠦᠪᠦᠷᠢᠯᠡᠯ ᠪᠤᠯᠭᠠᠵᠦ᠂ ᠲᠤᠭᠳᠠᠮᠠᠯ ᠪᠠ ᠲᠤᠭᠳᠠᠮᠠᠯ ᠪᠤᠰᠤ ᠠᠷᠭ᠎ᠠ ᠮᠠᠶ᠋ᠢᠭ ᠢᠶᠠᠷ ᠪᠡᠶ᠎ᠡ ᠶᠢᠨ ᠪᠠᠶᠢᠴᠠᠭᠠᠯᠲᠠ ᠶᠢᠨ | ᠠᠵᠢᠯ ᠢ ᠶᠠᠪᠤᠭᠳᠠᠭᠤᠯᠵᠦ ᠪᠤᠢ᠃ | ᠤᠶᠢᠯᠭᠠᠭᠰᠠᠨ ᠪᠠᠷ᠂2018 ᠤᠨ ᠤ ᠲᠠᠩᠰᠠ ᠪᠠᠶᠢᠭᠤᠯᠥᠨ ᠺᠠᠷᠲᠠᠴᠢᠯᠠᠭᠰᠠᠨ ᠶᠠᠳᠠᠭᠤ ᠬᠦᠴᠢᠷᠲᠡᠯᠲᠠᠢ | ᠬᠦᠮᠦᠨ ᠠᠮᠠ ᠶᠢᠨ ᠦᠨ᠎ᠡ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠲᠠ ᠨᠢ 6 ᠰᠠᠷ᠎ᠠ ᠶᠢᠨ 20 ᠤ ᠡᠳᠦᠷ | ᠪᠤᠯᠳᠠᠯ᠎ᠠ ᠶᠠᠪᠤᠭᠳᠠᠬᠤ ᠪᠤᠯᠤᠨ᠎ᠠ᠃ |