ᠪᠠᠷᠠᠭᠤᠨ ᠦᠵᠦᠮᠦᠴᠢᠨ ᠬᠤᠰᠢᠭᠤᠨ ᠤ ᠭᠠᠴᠠᠭ᠎ᠠ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠬᠠᠯᠠᠬᠤ ᠰᠤᠩᠭᠤᠭᠤᠯᠢ ᠠᠮᠵᠢᠯᠳᠠᠳᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2018-06-21
ᠪᠠᠷᠠᠭᠤᠨ ᠦᠵᠦᠮᠦᠴᠢᠨ ᠬᠤᠰ᠊ᠵᠭᠤᠨ ᠤ ᠭᠠᠴᠠᠭ᠎ᠠ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ  ᠶᠢᠨ ᠬᠤᠭᠤᠴᠠᠭ᠎ᠠ ᠬᠠᠯᠠᠬᠤ ᠰᠤᠩᠭᠤᠭᠤᠯᠢ ᠠᠮᠵᠢᠯᠳᠠᠳᠠᠢ ᠶᠠᠪᠤᠭᠳᠠᠭᠰᠠᠨ      ᠭᠠᠴᠠᠭ᠎ᠠ  ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠤᠨ ᠠᠮᠵᠢᠯᠳᠠᠳᠠᠢ ᠶᠠᠪᠤᠭᠳᠠᠬᠤ ᠶᠢ ᠪᠠᠳᠣᠯᠠᠬᠤ ᠶᠢᠨ ᠲᠦᠯᠦᠭᠡ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶᠠᠨ ᠤ ᠨᠢᠬᠡᠳᠦᠯᠳᠡᠢ ᠪᠠᠶᠢᠷᠢᠯᠠᠭᠤᠯᠤᠯᠳᠠ ᠪᠠᠷ᠂ ᠮᠠᠨ ᠤ ᠬᠤᠰᠢᠭᠤ ᠨᠢ ᠨᠠᠷᠢᠯᠢᠭ ᠵᠤᠬᠢᠶᠠᠨ ᠪᠠᠶᠢᠭᠤᠯᠤᠨ ᠪᠠᠶᠢᠷᠢᠯᠠᠭᠤᠯᠵᠤ᠂ ᠡᠬᠦᠷᠭᠡ ᠬᠠᠷᠢᠭᠤᠴᠠᠯᠭ᠎ᠠ ᠪᠠᠨ ᠪᠠᠳᠣᠳᠬᠠᠨ᠂ ᠵᠠᠩᠬᠢᠯᠠᠭ᠎ᠠ ᠶᠢ ᠠᠳᠬᠤᠵᠤ᠂ ᠣᠳᠣᠷᠢᠳᠬᠤ ᠪᠠᠭ ᠤᠨ ᠪᠦᠳᠦᠴᠡ ᠶᠢ ᠰᠢᠯᠢᠳᠡᠭᠵᠢᠬᠦᠯᠦᠨ᠂ ᠬᠡᠰᠢᠬᠦᠳ ᠤᠨ ᠬᠢᠷᠢ ᠲᠦᠪᠰᠢᠨ ᠢ ᠳᠡᠭᠡᠭᠰᠢᠯᠡᠬᠦᠯᠵᠦ᠂ ᠪᠦᠬᠦᠯᠢ ᠴᠤᠭᠴᠠ ᠶᠢᠨ ᠴᠢᠳᠠᠮᠵᠢ ᠶᠢ ᠳᠡᠭᠡᠭᠰᠢᠯᠡᠬᠦᠯᠬᠦ ᠶᠢ ᠵᠤᠷᠢᠵᠠᠢ᠃ 6 ᠰᠠᠷ᠎ᠠ ᠶᠢᠨ 19 ᠤ ᠡᠳᠦᠷ ᠪᠤᠯᠬᠤ ᠳᠤ ᠪᠦᠬᠦ ᠬᠤᠰᠢᠭᠤᠨ ᠤ 93 ᠭᠠᠴᠠᠭ᠎ᠠ᠂ 6 ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠠᠮᠵᠢᠯᠳᠠᠳᠠᠢ ᠶᠠᠪᠤᠭᠳᠠᠭᠰᠠᠨ ᠪᠠᠶᠢᠨ᠎ᠠ᠃      ᠮᠠᠨ ᠤ ᠬᠤᠰᠢᠭᠤ ᠭᠠᠴᠠᠭ᠎ᠠ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠳᠣᠮᠳᠠ ᠬᠢᠷᠢ ᠬᠡᠮ ᠤᠨ ᠨᠦᠬᠦᠴᠡᠯ ᠢ ᠪᠠᠳᠣᠳᠬᠠᠵᠤ᠂ ᠣᠯᠣᠰ ᠲᠦᠷᠦ ᠶᠢᠨ ᠪᠠᠷᠢᠮᠵᠢᠶ᠎ᠠ ᠶᠢ ᠳᠣᠪᠣᠶᠢᠯᠭᠠᠵᠤ᠂ ᠴᠢᠳᠠᠪᠤᠷᠢ ᠮᠤᠷᠠᠯ ᠬᠤᠤᠰᠯᠠᠭᠰᠠᠨ ᠪᠠᠶᠢᠬᠤ ᠵᠠᠷᠴᠢᠮ ᠢ ᠪᠠᠷᠢᠮᠳᠠᠯᠠᠨ᠂ ᠣᠯᠣᠰ ᠲᠦᠷᠦ ᠶᠢᠨ ᠬᠡᠪ ᠪᠤᠯᠪᠠᠰᠣᠷᠠᠯ ᠦᠨᠳᠦᠷ᠂ ᠬᠦᠭᠵᠢᠯᠳᠡ ᠶᠢᠨ ᠴᠢᠳᠠᠪᠤᠷᠢ ᠲᠠᠢ᠂ ᠵᠤᠬᠢᠴᠠᠭᠤᠯᠬᠤ ᠴᠢᠳᠠᠪᠤᠷᠢ  ᠲᠠᠢ᠂ ᠦᠢᠡᠯᠴᠢᠯᠡᠬᠡᠨ ᠤ ᠬᠢᠷᠢ ᠲᠦᠪᠰᠢᠨ ᠦᠨᠳᠦᠷ᠂ ᠠᠵᠢᠯ ᠤᠨ ᠰᠢᠯᠢᠳᠡᠭ ᠬᠡᠪ ᠰᠣᠷᠳᠠᠯ ᠲᠠᠢ ᠨᠠᠮ ᠤᠨ ᠬᠡᠰᠢᠬᠦᠳ ᠢ ᠭᠠᠴᠠᠭ᠎ᠠ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠪᠤᠯᠭᠠᠬᠤ ᠶᠢ ᠴᠢᠬᠤᠯᠠᠴᠢᠯᠠᠨ ᠪᠠᠷᠢᠮᠳᠠᠯᠠᠵᠠᠢ᠃ ᠡᠬᠦᠨ ᠤ ᠬᠠᠮᠳᠣ ᠭᠠᠴᠠᠭ᠎ᠠ᠂ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠬᠡᠰᠢᠬᠦᠳ ᠤᠨ ᠵᠢᠱᠢᠭᠳᠡᠭᠰᠡᠳ ᠢ ᠬᠢᠨᠠᠨ ᠪᠠᠶᠢᠴᠠᠭᠠᠵᠤ᠂ ᠳᠠᠨᠢᠯᠴᠠᠭᠤᠯᠵᠤ ᠰᠣᠩᠭᠤᠬᠤ ᠳᠤ ᠵᠤᠬᠢᠰ ᠦᠬᠡᠢ ᠠᠷᠪᠠᠨ ᠬᠤᠶᠠᠷ ᠲᠦᠷᠦᠯ ᠤᠨ ᠬᠦᠮᠦᠰ ᠢ ᠰᠣᠩᠭᠤᠵᠤ ᠳᠠᠨᠢᠯᠴᠠᠭᠤᠯᠬᠤ ᠶᠢ ᠳᠡᠪᠴᠢᠵᠦ᠂ ᠰᠢᠯᠢᠳᠡᠭ ᠰᠠᠶᠢᠨ  ᠢ ᠰᠣᠩᠭᠤᠬᠤ ᠶᠢ ᠪᠠᠳᠣᠯᠠᠵᠠᠢ᠃      ᠬᠦᠮᠦᠨ ᠰᠣᠩᠭᠤᠬᠤ ᠪᠠᠷᠢᠮᠵᠢᠶ᠎ᠠ ᠶᠢ ᠴᠢᠩᠭᠠᠳᠬᠠᠵᠤ᠂᠂ᠪᠦᠳᠦᠴᠡ ᠶᠢᠨ ᠵᠤᠬᠢᠰᠳᠠᠢ ᠪᠠᠶᠢᠬᠤ ᠶᠢ ᠳᠣᠪᠤᠶᠢᠯᠭᠠᠨ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠣᠯᠬᠤ ᠪᠤᠯᠤᠨ ᠬᠦᠳᠡᠭᠡ ᠳᠣᠰᠬᠤᠨ ᠢ ᠬᠦᠭᠵᠢᠬᠦᠯᠬᠦ ᠪᠠᠶᠢᠯᠳᠣᠬᠤ ᠪᠤᠳᠤᠯᠭ᠎ᠠ ᠶᠢᠨ ᠱᠠᠭᠠᠷᠳᠠᠯᠭ᠎ᠠ ᠲᠠᠢ ᠨᠡᠶᠢᠴᠡᠭᠦᠯᠦᠨ᠂ ᠨᠠᠮ ᠤᠨ ᠵᠤᠬᠢᠶᠠᠨ ᠪᠠᠶᠢᠭᠤᠯᠤᠯᠳᠠ  ᠶᠢᠨ ᠱᠦᠵᠢ ᠶᠢ ᠰᠣᠩᠭᠤᠬᠤ ᠬᠢᠷᠢ ᠬᠡᠮ ᠤᠨ ᠨᠦᠬᠦᠴᠡᠯ ᠢ ᠳᠣᠳᠣᠷᠬᠠᠶᠢᠯᠠᠵᠤ᠂ ᠨᠦᠬᠦᠴᠡᠯ ᠳᠤ ᠨᠡᠶᠢᠴᠡᠭᠰᠡᠨ ᠨᠠᠮ  ᠤᠨ ᠬᠡᠰᠢᠬᠦᠳ ᠢ ᠰᠣᠩᠭᠤᠨ ᠳᠠᠨᠢᠯᠴᠠᠭᠤᠯᠵᠠᠢ᠃ ᠰᠢᠨ᠎ᠡ ᠪᠠᠷ ᠰᠣᠩᠭᠤᠭᠳᠠᠭᠰᠠᠨ 279 ᠨᠡᠷ᠎ᠡ ᠭᠠᠴᠠᠭᠠᠨ ᠤ ᠨᠠᠮ  ᠤᠨ ᠡᠬᠦᠷ ᠤᠨ ᠬᠡᠰᠢᠬᠦᠳ ᠨᠢ ᠳᠡᠭᠰᠢᠳᠭᠡᠭᠡᠳ 40.1 ᠨᠠᠰᠣᠳᠠᠢ᠂ ᠡᠬᠦᠨ ᠳᠤ ᠡᠮᠡᠭᠳᠡᠢ 29 ᠨᠡᠷ᠎ᠡ᠂ ᠶᠡᠭᠡ ᠰᠣᠷᠭᠠᠭᠤᠯᠢ ᠶᠢᠨ ᠳᠣᠰᠬᠠᠢ ᠮᠡᠷᠬᠡᠵᠢᠯ ᠠᠴᠠ ᠳᠡᠭᠡᠭᠰᠢᠬᠢ ᠰᠣᠷᠣᠯᠭ᠎ᠠ ᠶᠢᠨ ᠨᠠᠮᠳᠠᠷ ᠲᠠᠢ 68 ᠬᠦᠮᠦᠨ ᠪᠠᠶᠢᠵᠤ᠂ 141 ᠬᠦᠮᠦᠨ ᠦᠷᠬᠦᠯᠵᠢᠯᠡᠨ ᠳᠣᠰᠢᠶᠠᠯ ᠬᠠᠷᠢᠭᠤᠴᠠᠭᠰᠠᠨ ᠪᠠᠶᠢᠨ᠎ᠠ᠃ ᠭᠠᠴᠠᠭᠠᠨ ᠤ ᠨᠠᠮ ᠤᠨ ᠡᠬᠦᠷ ᠤᠨ ᠱᠦᠵᠢ  ᠨᠢ ᠳᠡᠭᠰᠢᠳᠭᠡᠭᠡᠳ 40.3 ᠨᠠᠰᠣᠳᠠᠢ᠂ ᠶᠡᠭᠡ ᠰᠣᠷᠭᠠᠭᠤᠯᠢ ᠶᠢᠨ ᠳᠣᠰᠬᠠᠢ ᠮᠡᠷᠬᠡᠵᠢᠯ ᠠᠴᠠ ᠳᠡᠭᠡᠭᠰᠢᠬᠢ ᠰᠣᠷᠣᠯᠭ᠎ᠠ  ᠶᠢᠨ ᠨᠠᠮᠳᠠᠷ ᠲᠠᠢ 27 ᠬᠦᠮᠦᠨ ᠪᠠᠶᠢᠵᠤ᠂ ᠡᠬᠦᠨ ᠳᠤ 43 ᠬᠦᠮᠦᠨ ᠦᠷᠬᠦᠯᠵᠢᠯᠡᠨ ᠳᠣᠰᠢᠶᠠᠯ ᠬᠠᠷᠢᠭᠤᠴᠠᠵᠤ ᠪᠠᠶᠢᠨ᠎ᠠ᠂ ᠰᠢᠨ᠎ᠡ ᠪᠠᠷ ᠰᠣᠩᠭᠤᠭᠳᠠᠭᠰᠠᠨ ᠨᠡᠶᠢᠬᠡᠮ ᠲᠤᠭᠤᠷᠢᠭ ᠤᠨ ᠨᠠᠮ ᠤᠨ ᠶᠡᠷᠦᠩᠬᠡᠢ ᠡᠬᠦᠷ ᠤᠨ ᠬᠡᠰᠢᠬᠦᠳ ᠳᠡᠭᠰᠢᠳᠭᠡᠭᠡᠳ 40.6 ᠨᠠᠰᠣᠳᠠᠢ᠂ ᠡᠮᠡᠭᠳᠡᠢ 22 ᠨᠡᠷ᠎ᠡ᠂ ᠶᠡᠭᠡ ᠰᠣᠷᠭᠠᠭᠤᠯᠢ ᠶᠢᠨ ᠳᠣᠰᠬᠠᠢ ᠮᠡᠷᠬᠡᠵᠢᠯ ᠠᠴᠠ ᠳᠡᠭᠡᠭᠰᠢᠬᠢ ᠰᠣᠷᠣᠯᠭ᠎ᠠ ᠶᠢᠨ ᠨᠠᠮᠳᠠᠷ ᠲᠠᠢ 25 ᠬᠦᠮᠦᠨ ᠪᠠᠶᠢᠵᠤ᠂15 ᠬᠦᠮᠦᠨ ᠦᠷᠬᠦᠯᠵᠢᠯᠡᠨ ᠳᠣᠰᠢᠶᠠᠯ ᠬᠠᠷᠢᠭᠤᠴᠠᠵᠤ ᠪᠠᠶᠢᠨ᠎ᠠ᠃ ᠨᠡᠶᠢᠬᠡᠮ ᠲᠤᠭᠤᠷᠢᠭ ᠤᠨ ᠨᠠᠮ ᠤᠨ ᠶᠡᠷᠦᠩᠬᠡᠢ ᠡᠬᠦᠷ ᠤᠨ ᠱᠦᠵᠢ ᠨᠢ ᠳᠡᠭᠰᠢᠳᠬᠡᠭᠡᠳ 39.5 ᠨᠠᠰᠣᠳᠠᠢ᠂ ᠶᠡᠭᠡ ᠰᠣᠷᠭᠠᠭᠤᠯᠢ ᠶᠢᠨ ᠳᠣᠰᠬᠠᠢ ᠮᠡᠷᠬᠡᠵᠢᠯ ᠠᠴᠠ ᠳᠡᠭᠡᠭᠰᠢᠬᠢ ᠰᠣᠷᠣᠯᠭ᠎ᠠ ᠶᠢᠨ ᠨᠠᠮᠳᠠᠷ ᠲᠠᠢ 5 ᠬᠦᠮᠦᠨ  ᠪᠠᠶᠢᠵᠤ᠂ 2 ᠬᠦᠮᠦᠨ ᠦᠷᠬᠦᠯᠵᠢᠯᠡᠨ ᠳᠣᠰᠢᠶᠠᠯ ᠬᠠᠷᠢᠭᠤᠴᠠᠭᠰᠠᠨ ᠪᠠᠶᠢᠨ᠎ᠠ᠂ ᠰᠢᠨ᠎ᠡ ᠨᠢᠬᠡ ᠬᠤᠭᠤᠴᠠᠭᠠᠨ ᠤ ᠭᠠᠴᠠᠭ᠎ᠠ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠣᠳᠣᠷᠢᠳᠬᠤ ᠪᠠᠭ  ᠤᠨ ᠨᠠᠰᠣ ᠵᠢᠯ᠂ ᠰᠣᠷᠣᠯᠭ᠎ᠠ ᠶᠢᠨ ᠨᠠᠮᠳᠠᠷ᠂ ᠴᠢᠨᠠᠷ ᠤᠨ ᠢᠯᠭᠠᠯ ᠵᠡᠷᠬᠡ ᠪᠦᠳᠦᠴᠴᠡ ᠶᠢᠨ ᠳᠠᠯ᠎ᠠ ᠪᠠᠷ ᠨᠡᠩ ᠢᠯᠡᠬᠦᠦ ᠳᠤᠬᠢᠷᠠᠮᠵᠢᠳᠠᠢ ᠪᠤᠯᠤᠭᠰᠠᠨ ᠪᠠᠶᠢᠨ᠎ᠠ᠃        ᠬᠦᠮᠦᠨ ᠰᠣᠩᠭᠤᠬᠤ ᠬᠡᠪᠴᠢᠶ᠎ᠡ ᠪᠠᠨ ᠦᠷᠬᠡᠳᠭᠡᠵᠦ᠂ ᠴᠢᠳᠠᠪᠤᠷᠢ ᠬᠡᠪ ᠪᠤᠯᠪᠠᠰᠣᠷᠠᠯ ᠢ ᠳᠣᠪᠤᠶᠢᠯᠭᠠᠵᠠᠢ᠃ ︽ᠵᠢᠷᠭᠤᠭᠠᠨ ᠨᠢᠬᠡ ᠪᠦᠯᠦᠭ︾ ᠤᠨ ᠰᠡᠳᠬᠢᠮᠵᠢ ᠶᠢᠨ ᠱᠠᠭᠠᠷᠳᠠᠯᠭ᠎ᠠ ᠶᠢ ᠦᠨᠳᠦᠰᠦᠯᠡᠨ ︽ᠰᠢᠯᠢᠳᠡᠭ ᠴᠢᠳᠠᠪᠤᠷᠢᠳᠠᠨ  ᠢ ᠭᠠᠴᠠᠭᠠᠨ ᠳᠤ ᠳᠣᠰᠢᠶᠠᠯ ᠬᠠᠷᠢᠭᠤᠴᠠᠬᠤ ᠶᠢ ᠵᠤᠷᠢᠭᠵᠢᠭᠤᠯᠬᠤ ᠳᠤᠬᠠᠢ ᠮᠡᠳᠡᠭᠳᠡᠯ︾ ᠢ ᠨᠡᠶᠢᠳᠡᠯᠡᠵᠦ᠂ ᠡᠯ᠎ᠡ ᠲᠦᠷᠦᠯ ᠤᠨ ᠰᠢᠯᠢᠳᠡᠭ ᠴᠢᠳᠠᠪᠤᠷᠢᠳᠠᠨ ᠢ ᠭᠠᠴᠠᠭᠠᠨ ᠤ ᠨᠠᠮ ᠤᠨ ᠡᠬᠦᠷ ᠤᠨ ᠬᠤᠭᠤᠴᠠᠭ᠎ᠠ ᠬᠠᠯᠠᠬᠤ ᠰᠤᠩᠭᠤᠭᠤᠯᠢ  ᠳᠤ ᠤᠷᠤᠯᠴᠠᠬᠤ ᠶᠢ ᠵᠤᠷᠢᠭᠵᠢᠭᠤᠯᠵᠠᠢ᠃ ᠰᠢᠨ᠎ᠡ ᠨᠢᠬᠡ ᠬᠤᠭᠤᠴᠠᠭᠠᠨ ᠤ ᠭᠠᠴᠠᠭᠠᠨ ᠤ ᠨᠠᠮ ᠤᠨ ᠡᠬᠦᠷ ᠤᠨ ᠬᠡᠰᠢᠬᠦᠳ ᠤᠨ ᠳᠣᠮᠳᠠ ᠶᠡᠭᠡ ᠰᠣᠷᠭᠠᠭᠤᠯᠢ ᠳᠡᠬᠦᠰᠦᠭᠰᠡᠨ ᠣᠶᠣᠳᠠᠨ 5 ᠨᠡᠷ᠎ᠡ  ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠠᠴᠠ 2 ᠨᠡᠷ᠎ᠡ ᠪᠠᠶᠢᠵᠤ᠂ ᠣᠶᠣᠳᠠᠨ ᠭᠠᠴᠠᠭᠠᠨ ᠳᠠᠷᠤᠭ᠎ᠠ᠂ ᠴᠡᠷᠢᠭ ᠠᠴᠠ ᠬᠠᠯᠠᠭᠳᠠᠭᠰᠠᠳ ᠳᠣᠮᠳᠠ ᠠᠴᠠ 9 ᠬᠦᠮᠦᠨ ᠢ ᠰᠣᠩᠭᠤᠨ ᠳᠡᠪᠰᠢᠬᠦᠯᠵᠦ᠂ ᠪᠡᠯᠡᠳᠬᠡᠯ ᠺᠠᠳ᠋ᠷ᠂ ᠨᠠᠮ ᠤᠨ ᠬᠡᠰᠢᠬᠦᠨ ᠭᠤᠤᠯᠳᠠᠯᠭᠠᠳᠣ ᠡᠷᠦᠬᠡ᠂ ᠪᠠᠶᠠᠵᠢᠯ ᠤᠨ ᠳᠠᠭᠠᠭᠠᠤᠯᠤᠭᠴᠢ ᠳᠣᠮᠳᠠ ᠠᠴᠠ 67 ᠬᠦᠮᠦᠨ ᠢ ᠳᠡᠪᠰᠢᠬᠦᠯᠵᠦ᠂ ᠡᠬᠦᠷᠭᠡ ᠬᠠᠷᠢᠭᠤᠴᠠᠯᠭᠠᠳᠣ ᠰᠡᠳᠬᠢᠯᠭᠡ ᠲᠠᠢ᠂ ᠠᠵᠢᠯ ᠤᠨ ᠴᠢᠳᠠᠪᠤᠷᠢ ᠬᠡᠪ ᠪᠤᠯᠪᠠᠰᠣᠷᠠᠯ ᠦᠨᠳᠦᠷ ᠴᠢᠳᠠᠪᠤᠷᠢᠳᠠᠨ ᠢ ᠨᠠᠮ ᠤᠨ ᠵᠤᠬᠢᠶᠠᠨ ᠪᠠᠶᠢᠭᠤᠯᠤᠯᠳᠠ ᠶᠢᠨ ᠣᠳᠣᠷᠢᠳᠬᠤ ᠪᠠᠭ ᠤᠨ ᠡᠩᠨᠡᠬᠡᠨ ᠳᠤ ᠤᠷᠤᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠡᠢ᠃        ᠰᠣᠷᠳᠠᠯ ᠣᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠰᠠᠬᠢᠯᠭ᠎ᠠ ᠲᠦᠷᠢᠮ ᠢ ᠳᠣᠪᠤᠶᠢᠯᠭᠠᠵᠠᠢ᠃ ᠠᠵᠢᠯ ᠤᠨ ᠭᠤᠤᠯ ᠤᠷᠤᠨ ᠪᠠᠶᠢᠷᠢ ᠪᠤᠯᠤᠨ ᠰᠠᠨᠠᠭᠠᠴᠢᠯᠭᠠᠳᠣ ᠡᠷᠬᠡ ᠶᠢ ᠪᠠᠳᠣ ᠡᠵᠡᠮᠳᠡᠵᠦ᠂ ᠲᠧᠯᠸᠢᠰ ᠰᠦᠯᠵᠢᠶ᠎ᠡ ᠸᠢᠴᠠᠲ ᠵᠡᠷᠬᠡ ᠮᠡᠳᠡᠭᠡ ᠵᠠᠭᠤᠴᠢᠯᠠᠭᠤᠷ ᠢᠶᠠᠷ ᠳᠠᠮᠵᠢᠭᠤᠯᠤᠨ᠂ ᠰᠣᠩᠭᠤᠨ ᠳᠠᠨᠢᠯᠴᠠᠭᠤᠯᠬᠤ ᠳᠤ ᠵᠤᠬᠢᠰ ᠦᠬᠡᠢ ᠠᠷᠪᠠᠨ ᠬᠤᠶᠠᠷ ᠲᠦᠷᠦᠯ ᠤᠨ ᠪᠠᠶᠢᠳᠠᠯ᠂ ᠬᠤᠭᠤᠴᠠᠭ᠎ᠠ ᠬᠠᠯᠠᠬᠤ ᠰᠤᠩᠭᠤᠭᠤᠯᠢ ᠶᠢᠨ ᠰᠠᠬᠢᠯᠭ᠎ᠠ ᠲᠦᠷᠢᠮ ᠤᠨ ᠠᠷᠪᠠᠨ ᠴᠡᠬᠡᠷᠯᠡᠯ ᠢ ᠦᠷᠬᠡᠨ ᠢᠶᠠᠷ ᠣᠬᠠᠭᠤᠯᠬᠤ ᠶᠢᠨ ᠬᠠᠮᠳᠣ ᠬᠤᠭᠤᠴᠠᠭ᠎ᠠ ᠬᠠᠯᠠᠬᠤ ᠰᠤᠩᠭᠤᠭᠤᠯᠢ ᠶᠢᠨ ᠰᠠᠬᠢᠯᠭ᠎ᠠ ᠪᠠᠳᠣ ᠶᠢᠨ ᠳᠣᠰᠬᠠᠢ ᠰᠡᠳᠦᠪᠳᠦ ᠵᠤᠬᠢᠶᠠᠨ ᠪᠠᠶᠢᠭᠤᠯᠤᠳᠠ ᠶᠢᠨ ᠠᠮᠢᠳᠣᠷᠠᠯ ᠤᠨ ᠬᠤᠷᠠᠯ ᠢ ᠬᠤᠷᠠᠯᠳᠣᠭᠤᠯᠬᠤ᠂ ᠰᠠᠬᠢᠯᠭ᠎ᠠ ᠲᠦᠷᠢᠮ ᠤᠨ ᠠᠮᠠᠯᠠᠯᠳᠠ ᠳᠤ ᠭᠠᠷ ᠤᠨ ᠦᠰᠦᠭ ᠵᠢᠷᠤᠬᠤ᠂ ᠳᠣᠰᠬᠠᠢ ᠰᠡᠳᠦᠪᠳᠦ  ᠰᠤᠷᠤᠯᠴᠠᠯᠭ᠎ᠠ ᠵᠡᠷᠬᠡ ᠬᠡᠯᠪᠡᠷᠢ ᠪᠠᠷ ᠨᠠᠮ ᠤᠨ ᠬᠡᠰᠢᠬᠦᠳ ᠤᠨ ᠣᠬᠠᠮᠰᠠᠷ ᠠᠴᠠ ᠪᠠᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠰᠠᠬᠢᠯᠭ᠎ᠠ ᠪᠠᠳᠣ ᠶᠢ ᠵᠢᠷᠤᠮᠯᠠᠨ ᠰᠠᠬᠢᠬᠤ ᠶᠢ ᠠᠬᠢᠭᠤᠯᠵᠤ᠂ ᠠᠷᠢᠭᠤᠨ ᠴᠢᠬᠡᠴᠢ ᠰᠣᠩᠭᠤᠭᠤᠯᠢ ᠶᠢᠨ ᠤᠷᠴᠢᠨ ᠢ ᠪᠦᠷᠢᠯᠳᠦᠭᠦᠯᠦᠭᠰᠡᠨ ᠪᠠᠶᠢᠨ᠎ᠠ᠃ ᠰᠣᠩᠭᠤᠭᠤᠯᠢ ᠶᠢᠨ ᠠᠵᠢᠯ ᠤᠨ ᠬᠢᠨᠠᠨ ᠪᠠᠶᠢᠴᠠᠭᠠᠬᠤ ᠵᠦᠪᠯᠡᠯ ᠢ ᠪᠠᠶᠢᠭᠤᠯᠵᠤ᠂ ᠬᠤᠶᠠᠷ ᠲᠦᠯᠦᠭᠡᠯᠡᠭᠴᠢ ᠨᠢᠬᠡ ᠬᠡᠰᠢᠬᠦᠨ ᠪᠤᠯᠤᠨ ᠮᠠᠯᠴᠢᠨ ᠲᠦᠯᠦᠭᠡᠯᠡᠭᠴᠢ ᠪᠠᠷ ᠰᠣᠩᠭᠤᠭᠤᠯᠢ ᠶᠢᠨ ᠠᠵᠢᠯ ᠤᠨ ᠰᠠᠬᠢᠯᠭ᠎ᠠ ᠲᠦᠷᠢᠮ ᠤᠨ ᠪᠠᠶᠢᠴᠠᠭᠠᠴᠢ ᠪᠤᠯᠭᠠᠵᠤ᠂ ᠵᠤᠬᠢᠶᠠᠨ ᠪᠠᠶᠢᠭᠤᠯᠤᠯᠳᠠ ᠶᠢᠨ ᠬᠢᠨᠠᠨ ᠪᠠᠶᠢᠴᠠᠭᠠᠬᠤ᠂ ᠣᠯᠠᠨ ᠲᠦᠮᠡᠨ ᠤ ᠬᠢᠨᠠᠯᠳᠠ ᠳᠠᠯᠪᠢᠬᠤ ᠪᠤᠯᠤᠨ ᠨᠡᠶᠢᠬᠡᠮ ᠤᠨ ᠬᠢᠨᠠᠯᠳᠠ ᠳᠠᠯᠪᠢᠬᠤ ᠦᠢᠡᠯᠳᠦᠯ ᠢ ᠬᠦᠢᠴᠡᠳ ᠪᠠᠳᠠᠷᠠᠭᠤᠯᠵᠤ᠂ ᠬᠢᠨᠠᠨ ᠪᠠᠶᠢᠴᠠᠭᠠᠯᠳᠠ ᠶᠢ ᠴᠢᠩᠭᠠᠳᠬᠠᠨ᠂ ᠬᠤᠭᠤᠴᠠᠭ᠎ᠠ ᠬᠠᠯᠠᠬᠤ ᠠᠵᠢᠯ ᠤᠨ ᠡᠮᠬᠢ ᠴᠡᠭᠴᠡ ᠲᠠᠢ ᠶᠠᠪᠤᠭᠳᠠᠬᠤ ᠶᠢ ᠪᠠᠳᠣᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号