ᠪᠠᠷᠠᠭᠤᠨ ᠦᠵᠦᠮᠦᠴᠢᠨ ᠬᠤᠰᠢᠭᠤᠨ ᠤ ᠰᠠᠯᠠᠭ᠎ᠠ ᠳᠡᠰ ᠤᠨ ᠤᠳᠤᠷᠢᠳᠬᠤ ᠺᠠᠳ᠋ᠷ ᠤᠨ ᠬᠤᠶᠠᠳᠤᠭᠠᠷ ᠬᠤᠭᠤᠴᠠᠭᠠᠨ ᠤ ᠲᠤᠰᠬᠠᠢ ᠰᠡᠳᠦᠪᠳᠤ ᠪᠤᠯᠪᠠᠰᠤᠷᠠᠯ ᠤᠨ ᠠᠩᠬᠢ  ᠬᠢᠴᠢᠶᠡᠯ ᠡᠬᠢᠯᠡᠭᠰᠡᠨ
ᠨᠡᠶᠢᠲᠡᠯᠡᠭᠰᠡᠨ ᠴᠠᠭ᠄
2018-06-26
ᠪᠠᠷᠠᠭᠤᠨ ᠦᠵᠦᠮᠦᠴᠢᠨ ᠬᠤᠰᠢᠭᠤᠨ ᠤ ᠰᠠᠯᠠᠭ᠎ᠠ ᠳᠡᠰ ᠤᠨ ᠤᠳᠤᠷᠢᠳᠬᠤ ᠺᠠᠳ᠋ᠷ ᠤᠨ ᠬᠤᠶᠠᠳᠤᠭᠠᠷ ᠬᠤᠭᠤᠴᠠᠭᠠᠨ ᠎ ᠤ ᠲᠤᠰᠬᠠᠢ ᠰᠡᠳᠦᠪᠳᠤ ᠪᠤᠯᠪᠠᠰᠤᠷᠠᠯ  ᠎ ᠤᠨ ᠠᠩᠬᠢ  ᠬᠢᠴᠢᠶᠡᠯ ᠡᠬᠢᠯᠡᠭᠰᠡᠨ                              ᠪᠦᠬᠦ ᠬᠤᠰᠢᠭᠤᠨ ᠤ ᠰᠠᠯᠠᠭ᠎ᠠ ᠳᠡᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠶᠠᠳᠤᠭᠠᠷ ᠬᠤᠭᠤᠴᠠᠭᠠᠨ ᠤ  ᠲᠤᠰᠬᠠᠢ ᠰᠡᠳᠦᠪᠳᠤ ᠪᠤᠯᠪᠠᠰᠤᠷᠠᠯ ᠨᠢ 6 ᠰᠠᠷ᠎ᠠ ᠶᠢᠨ 25᠎ ᠤ ᠡᠳᠦᠷ᠂ ᠬᠤᠰᠢᠭᠤ ᠨᠠᠮ ᠤᠨ ᠬᠤᠷᠢᠶᠠᠨ  ᠎ ᠤ ᠨᠠᠮ ᠎ ᠤᠨ ᠰᠤᠷᠭᠠᠭᠤᠯᠢ ᠳᠤ ᠬᠢᠴᠢᠶᠡᠯ ᠡᠬᠢᠯᠡᠵᠤ᠂  ᠰᠢ ᠶᠢᠨ ᠫᠢᠩ ᠤᠨ  ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠎ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠎ ᠤᠨ ᠵᠤᠷᠢᠭ ᠰᠠᠨᠠᠭ᠎ᠠ ᠶᠢ ᠬᠦᠨᠵᠡᠭᠡᠢ  ᠰᠤᠷᠤᠯᠴᠠᠨ ᠲᠤᠤᠱᠯᠠᠭᠤᠯᠵᠤ᠂ ᠦᠷᠭᠡᠨ ᠤᠯᠠᠨ ᠰᠠᠯᠠᠭ᠎ᠠ ᠳᠡᠰ ᠤᠨ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠪᠠᠶᠢᠭᠤᠯᠤᠯᠳᠠ ᠪᠤᠯᠤᠨ ᠦᠵᠡᠯ ᠰᠠᠨᠠᠭᠠᠨ ᠤ ᠪᠠᠶᠢᠭᠤᠯᠤᠯᠳᠠ ᠶᠢ ᠴᠢᠨᠠᠭᠰᠢᠳᠠ ᠴᠢᠩᠭᠠᠳᠬᠠᠨ᠂ ᠠᠵᠢᠯ ᠤᠨ ᠴᠢᠳᠠᠪᠬᠢ ᠪᠤᠯᠤᠨ ᠡᠬᠦᠷᠭᠡ  ᠬᠠᠷᠢᠭᠤᠴᠠᠯᠭ᠎ᠠ ᠶᠢ  ᠳᠡᠭᠡᠭᠰᠢᠯᠡᠬᠦᠯᠬᠦ ᠪᠠᠷ ᠵᠤᠷᠢᠯᠭ᠎ᠠ ᠪᠠᠨ ᠪᠤᠯᠭᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ  ᠵᠠᠩ ᠯᠢ ᠬᠦᠸᠧ ᠡᠬᠢᠯᠠᠯᠳᠠ ᠶᠢᠨ ᠶᠤᠰᠤᠯᠠᠯ ᠳᠤ ᠤᠷᠤᠯᠴᠠᠨ ᠶᠠᠷᠢᠶ᠎ᠠ ᠳᠠᠯᠪᠢᠵᠠᠢ᠃
        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂  ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠵᠠᠩ ᠯᠢ ᠬᠦᠸᠧ ᠵᠢᠠᠭᠠᠬᠤ ᠳᠠᠭᠠᠨ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠭᠡᠢ ᠰᠤᠷᠤᠯᠴᠠᠨ ᠲᠤᠤᠱᠯᠠᠭᠤᠯᠬᠤ ᠪᠤᠯ ᠤᠳᠤᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠤᠯᠤᠨ᠎ᠠ᠂ ᠦᠷᠭᠡᠨ ᠤᠯᠠᠨ ᠰᠠᠯᠠᠭ᠎ᠠ  ᠳᠡᠰ ᠤᠨ ᠤᠳᠤᠷᠢᠳᠬᠤ ᠺᠠᠳ᠋ᠷ ᠨᠠᠷ ᠡᠨᠡ ᠤᠳᠠᠭᠠᠨ ᠤ ᠰᠤᠷᠤᠯᠴᠠᠯᠭ᠎ᠠ  ᠎ ᠪᠠᠷ ᠠᠵᠠ ᠲᠤᠬᠢᠶᠠᠯ ᠪᠤᠯᠭᠠᠨ᠂  ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠭᠡᠢ ᠰᠤᠷᠤᠯᠴᠠᠨ ᠤᠶᠢᠯᠠᠭᠠᠵᠤ᠂ ᠪᠤᠳᠠᠳᠠᠢ ᠠᠵᠢᠯ ᠤᠨ ᠲᠤᠮᠳᠠ ᠪᠠᠨ ᠨᠠᠶᠢᠳᠠᠪᠤᠷᠢᠵᠢᠭᠤᠯᠬᠤ ᠬᠡᠷᠡᠭᠳᠠᠢ ᠬᠡᠵᠠᠢ᠃
     ᠵᠠᠩ ᠯᠢ ᠬᠦᠸᠧ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠬᠦᠨᠵᠭᠡᠢ ᠰᠤᠷᠤᠯᠴᠠᠨ ᠲᠤᠤᠱᠯᠠᠭᠤᠯᠬᠤ ᠶᠢᠨ ᠠᠴᠢ ᠬᠤᠯᠪᠤᠭᠳᠠᠯ ᠢ ᠬᠦᠨᠵᠡᠭᠡᠢ ᠳᠠᠨᠢᠬᠤ ᠬᠡᠷᠡᠭᠳᠠᠢ᠃ ᠦᠷᠭᠡᠨ ᠤᠯᠠᠨ ᠺᠠᠳ᠋ᠷ ᠤᠳᠤᠷᠢᠳᠤᠯᠭ᠎ᠠ ᠨᠠᠷ ᠰᠤᠷᠤᠯᠴᠠᠯᠭ᠎ᠠ ᠪᠤᠯᠤᠨ ᠦᠢᠯᠡᠳᠦᠯᠭᠡ ᠪᠠᠨ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠰᠢ ᠶᠢᠨ ᠫᠢᠩ ᠦᠪᠦᠷ ᠮᠤᠩᠭᠤᠯ ᠳᠤ ᠪᠠᠶᠢᠴᠭᠠᠠᠨ ᠰᠤᠳᠤᠯᠤᠯᠳᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠢ ᠬᠢᠨᠠᠨ ᠵᠦᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠤᠶᠢᠷᠭ ᠰᠠᠨᠠᠭ᠎ᠠ ᠶᠢ ᠮᠠᠨ ᠤ ᠬᠤᠰᠢᠭᠤᠨ ᠤ ᠡᠯ᠎ᠡ ᠳᠠᠯ᠎ᠠ ᠶᠢᠨ ᠠᠵᠢᠯ ᠲᠤᠮᠳᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠤᠳᠠᠳᠤ ᠬᠦᠴᠦᠨ ᠲᠠᠢ ᠪᠠᠷᠠᠭᠤᠨ ᠦᠵᠦᠮᠦᠴᠢᠨ᠂ ᠪᠤᠬᠢᠷᠳᠤᠯ ᠦᠬᠡᠢ ᠪᠠᠷᠠᠭᠤᠨ ᠦᠵᠦᠮᠦᠴᠢᠨ᠂ ᠰᠡᠳᠬᠢᠯ ᠳᠠᠳᠠᠮ᠎ᠠ ᠪᠠᠷᠠᠭᠤᠨ ᠦᠵᠦᠮᠦᠴᠢᠨ᠂  ᠵᠤᠯ ᠵᠢᠷᠭᠠᠯᠳᠤ ᠪᠠᠷᠠᠭᠤᠨ ᠦᠵᠦᠮᠦᠴᠢᠨ︾᠎ ᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠬᠡᠷᠡᠭᠳᠠᠢ᠃  ᠰᠠᠯᠠᠭ᠎ᠠ ᠳᠡᠰ ᠤᠨ ᠤᠳᠤᠷᠢᠳᠬᠤ ᠺᠠᠳ᠋ᠷ ᠨᠢ ᠠᠵᠢᠯ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳ ᠳᠠᠨᠢᠵᠤ᠂ ᠬᠡᠪ ᠴᠢᠨᠠᠷ ᠢᠶᠠᠨ ᠳᠠᠰᠤᠷᠠᠯᠳᠠ ᠦᠬᠡᠢ ᠳᠡᠭᠡᠭᠰᠢᠯᠡᠬᠦᠯᠦᠨ᠂ ᠠᠵᠢᠯ ᠤᠨ ᠬᠢᠷᠢ ᠲᠦᠪᠰᠢᠨ ᠢᠶᠠᠨ ᠦᠨᠡᠨᠬᠦ ᠳᠡᠭᠡᠰᠢᠯᠡᠬᠦᠯᠬᠦ ᠬᠡᠷᠡᠭᠳᠢ᠃  ᠰᠢ ᠶᠢᠨ ᠫᠢᠩ ᠤᠨ  ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠢ ᠶᠢᠨ ᠫᠢᠩ ᠦᠪᠦᠷ ᠮᠤᠩᠭᠤᠯ ᠳᠤ ᠪᠠᠶᠢᠴᠭᠠᠠᠨ ᠰᠤᠳᠤᠯᠤᠯᠳᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢᠴᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠢ ᠬᠢᠨᠠᠨ ᠵᠦᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠠᠢ ᠤᠶᠠᠯᠳᠤᠭᠤᠯᠤᠨ ︽ᠰᠤᠷᠤᠯᠴᠠᠨ ᠡᠵᠡᠮᠰᠢᠵᠤ ᠪᠤᠳᠠᠳᠠᠢ ᠠᠵᠢᠯ ᠤᠨ ᠲᠤᠮᠳᠠ ᠪᠠᠨ ᠨᠠᠶᠢᠳᠠᠪᠤᠷᠢᠵᠢᠭᠤᠯᠬᠤ︾ ᠳᠡᠭᠡᠷ᠎ᠡ ᠬᠦᠴᠦ ᠪᠠᠨ ᠳᠠᠯᠪᠢᠵᠤ᠂ ᠰᠤᠷᠤᠯᠴᠠᠯᠭ᠎ᠠ ᠪᠠᠷ ᠠᠵᠢᠯ ᠤᠨ ᠡᠬᠦᠷᠭᠡ ᠬᠠᠷᠢᠴᠠᠭᠤᠯᠭ᠎ᠠ ᠪᠤᠯᠤᠨ ᠠᠵᠢᠯ ᠤᠨ ᠰᠤᠷᠳᠠᠯ ᠢᠶᠠᠨ ᠵᠢᠯᠤᠭᠤᠳᠤᠭᠤᠯᠬᠤ ᠬᠡᠷᠡᠭᠳᠠᠢ ᠬᠡᠵᠠᠢ᠃
         ᠤᠶᠢᠯᠠᠭᠠᠭᠰᠠᠨ ᠢᠶᠠᠷ᠂ ᠲᠤᠰ ᠤᠳᠠᠭᠠᠨ ᠤ ᠪᠤᠯᠪᠠᠰᠤᠷᠠᠯ ᠤᠨ ᠠᠩᠬᠢ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂  ᠠᠶᠢᠮᠠᠭ ᠤᠨ ᠨᠠᠮ ᠤᠨ  ᠬᠤᠷᠢᠶᠠᠨ ᠤ ᠨᠠᠮ ᠤᠨ ᠰᠤᠷᠭᠠᠭᠤᠯᠢ ᠶᠢᠨ ᠡᠷᠳᠡᠨᠢᠪᠠᠶᠠᠷ᠂  ᠰᠢᠦᠢ ᠭᠦᠢ ᠹᠠᠩ 2  ᠫᠠᠷᠤᠹᠰᠰᠤᠷ ᠢ ᠤᠷᠢᠨ ᠵᠠᠯᠠᠵᠤ ᠬᠢᠴᠢᠶᠡᠯᠯᠡᠬᠦᠯᠬᠦ ᠪᠤᠯᠤᠨ᠎ᠠ᠂ ᠪᠤᠯᠪᠠᠰᠤᠷᠠᠯ ᠤᠨ ᠬᠤᠭᠤᠴᠭᠠᠨ ᠳᠤ  ᠪᠤᠯᠪᠠᠰᠣᠷᠠᠯ ᠤᠷᠤᠯᠴᠠᠭᠰᠠᠳ ᠪᠠᠭᠰᠢ ᠶᠢᠨ ᠵᠢᠯᠤᠭᠤᠳᠤᠯᠭ᠎ᠠ  ᠎ ᠪᠠᠷ ᠪᠤᠳᠠᠳᠠᠢ ᠠᠵᠢᠯ  ᠎ ᠤᠨ ᠪᠠᠶᠢᠳᠠᠯ ᠲᠠᠢ ᠪᠠᠨ ᠤᠶᠠᠯᠳᠤᠭᠤᠯᠤᠨ ᠤᠳᠤᠷᠢᠳᠬᠤ ᠺᠠᠳ᠋ᠷ  ᠨᠠᠷ ᠪᠤᠳᠠᠳᠠᠢ ᠠᠵᠢᠯ ᠤᠨ ᠲᠤᠮᠳᠠ ᠪᠠᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠢ ᠬᠢᠨᠠᠨ ᠵᠦᠪᠯᠡᠬᠦ ᠦᠶ᠎ᠡ  ᠎ ᠳᠤ ᠲᠤᠷᠠᠳᠤᠨ ᠭᠠᠷᠭᠠᠭᠰᠠᠨ ︽ᠭᠤᠷᠪᠠᠨ ᠯᠠᠪᠳᠠᠭᠤᠨ  ᠪᠠᠶᠢᠬᠤ︾ ᠱᠠᠭᠠᠷᠳᠠᠯᠭ᠎ᠠ ᠪᠤᠯᠤᠨ  ︽ᠭᠤᠷᠪᠠᠨ ᠪᠤᠭᠤᠮᠳᠠ ᠰᠢᠪᠳᠤᠯᠬᠤ  ᠲᠠᠶᠢᠯᠠᠯᠳᠣᠭᠠᠨ︾  ᠎ ᠢ   ᠬᠡᠷᠬᠢᠨ ᠨᠠᠶᠢᠳᠠᠪᠤᠷᠢᠵᠢᠭᠤᠯᠬᠤ ᠵᠡᠷᠭᠡ ᠳᠠᠯ᠎ᠠ ᠪᠠᠷ ᠶᠠᠷᠢᠯᠴᠠᠨ ᠰᠠᠨᠠᠯ ᠰᠠᠨᠠᠭᠤᠯᠭ᠎ᠠ ᠪᠠᠨ ᠰᠤᠯᠢᠯᠴᠠᠬᠤ ᠪᠤᠯᠤᠨ᠎ᠠ᠃
        ᠡᠯ᠎ᠡ ᠰᠤᠮᠤ ᠪᠠᠯᠭᠠᠰᠤ᠂  ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂  ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂  ᠠᠷᠠᠳ ᠤᠨ ᠪᠦᠯᠬᠦᠮ ᠤᠨ 89 ᠬᠦᠮᠦᠨ ᠪᠤᠯᠪᠠᠰᠤᠷᠠᠯ ᠳᠤ ᠤᠷᠤᠯᠴᠠᠵᠠᠢ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号