ᠪᠠᠷᠠᠭᠤᠨ ᠦᠵᠦᠮᠦᠴᠢᠨ ᠬᠤᠰᠢᠭᠤᠨ ᠤ 2018 ᠤᠨ ᠤ ︽ᠤᠪᠤᠭᠠᠨ ᠰᠤᠶᠤᠯ ᠢ ᠤᠶᠢᠯᠠᠭᠠᠨ᠂ ᠤᠩᠭᠤᠨ ᠪᠠᠶᠢᠭᠠᠯᠢ ᠪᠠᠷ ᠵᠤᠭᠠᠴᠠᠬᠤ︾ ᠵᠢᠭᠤᠯᠴᠢᠯᠠᠯ ᠤᠨ ᠠᠵᠢᠯᠯᠠᠭ᠎ᠠ ᠪᠤᠯᠤᠨ ᠤᠯᠠᠭᠠᠨ ᠤᠳᠠᠢ ᠶᠢᠨ ᠤᠪᠤᠭᠠᠨ ᠲᠠᠬᠢᠯᠭ᠎ᠠ ᠶᠢᠨ ᠨᠠᠶᠢᠷ ᠶᠠᠪᠤᠭᠳᠠᠭᠰᠠᠨ
ᠨᠡᠶᠢᠲᠡᠯᠡᠭᠰᠡᠨ ᠴᠠᠭ᠄
2018-06-27
2018 ᠤᠨ ᠤ ︽ᠤᠪᠤᠭᠠᠨ ᠰᠤᠶᠤᠯ ᠢ ᠤᠶᠢᠯᠠᠭᠠᠨ᠂ ᠤᠩᠭᠤᠨ ᠪᠠᠶᠢᠭᠠᠯᠢ ᠪᠠᠷ ᠵᠤᠭᠠᠴᠠᠬᠤ︾ ᠵᠢᠭᠤᠯᠴᠢᠯᠠᠯ ᠤᠨ ᠠᠵᠢᠯᠯᠠᠭ᠎ᠠ ᠪᠤᠯᠤᠨ ᠤᠯᠠᠭᠠᠨ ᠤᠳᠠᠢ ᠶᠢᠨ ᠤᠪᠤᠭᠠᠨ ᠲᠠᠬᠢᠯᠭ᠎ᠠ ᠶᠢᠨ ᠨᠠᠶᠢᠷ ᠶᠠᠪᠤᠭᠳᠠᠭᠰᠠᠨ                        6 ᠰᠠᠷ᠎ᠠ ᠶᠢᠨ 26᠎ ᠤ ᠡᠳᠦᠷ 2018 ᠤᠨ ᠤ ︽ᠤᠪᠤᠭᠠᠨ ᠰᠤᠶᠤᠯ ᠢ ᠤᠶᠢᠯᠠᠭᠠᠨ᠂ ᠤᠩᠭᠤᠨ ᠪᠠᠶᠢᠭᠠᠯᠢ ᠎ ᠪᠠᠷ ᠵᠤᠭᠠᠴᠠᠬᠤ︾ ᠵᠢᠭᠤᠯᠴᠢᠯᠠᠯ ᠤᠨ ᠠᠵᠢᠯᠯᠠᠭ᠎ᠠ ᠪᠤᠯᠤᠨ ᠤᠯᠠᠭᠠᠨ ᠤᠳᠠᠢ ᠤᠪᠤᠭᠠᠨ ᠲᠠᠬᠢᠯᠭ᠎ᠠ ᠶᠢᠨ ᠨᠠᠶᠢᠷ ᠶᠠᠪᠤᠭᠳᠠᠵᠤ᠂ ᠠᠶᠢᠮᠠᠭ ᠤᠨ ᠵᠢᠭᠤᠯᠴᠢᠯᠠᠯ ᠤᠨ ᠬᠦᠭᠵᠢᠭᠦᠯᠦᠯᠳᠡ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ ᠤᠷᠳᠤᠨᠠᠰᠤᠨ᠂ ᠬᠤᠰᠢᠭᠤᠨ ᠤ ᠲᠡᠳ᠋ ᠲᠠᠷᠤᠭ᠎ᠠ ᠪᠤᠯᠤᠳ ᠪᠤᠯᠤᠨ ᠬᠡᠰᠡᠭ ᠶᠡᠭᠡ ᠰᠤᠷᠭᠠᠭᠤᠯᠢ ᠶᠢᠨ ᠫᠧᠷᠤᠹᠧᠰᠰᠤᠷ᠂ ᠵᠢᠭᠤᠯᠴᠢᠯᠠᠯ ᠤᠨ ᠭᠠᠵᠠᠷ ᠤᠨ ᠬᠠᠷᠢᠭᠤᠴᠠᠯᠭᠠᠳᠠᠨ᠂ ᠡᠯ᠎ᠡ ᠶᠡᠭᠡ ᠮᠡᠳᠡᠭᠡ ᠵᠢᠭᠤᠴᠢᠯᠠᠭᠤᠷ ᠤᠨ ᠬᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃
        ᠲᠤᠰ ᠤᠳᠠᠭᠠᠨ ᠤ ᠠᠵᠢᠯᠯᠠᠭ᠎ᠠ ᠶᠢ ᠬᠤᠰᠢᠭᠤ ᠵᠠᠰᠠᠭ ᠤᠨ ᠤᠷᠳᠤᠨ᠂ ᠠᠶᠢᠮᠠᠭ ᠤᠨ ᠵᠢᠭᠤᠯᠴᠢᠯᠠᠯ ᠤᠨ ᠬᠦᠭᠵᠢᠭᠦᠯᠦᠯᠳᠡ ᠶᠢᠨ ᠦᠢᠯᠡᠴᠢᠯᠡᠭᠡᠨ ᠤ ᠲᠦᠪ  ᠠᠴᠠ ᠭᠤᠤᠯᠯᠠᠨ ᠡᠷᠬᠢᠯᠡᠵᠦ᠂ ᠬᠤᠰᠢᠭᠤᠨ ᠤ ᠪᠡᠶ᠎ᠡ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠵᠢᠭᠤᠯᠴᠢᠯᠠᠯ ᠤᠨ ᠬᠦᠭᠵᠢᠭᠦᠯᠦᠯᠳᠡ ᠶᠢᠨ ᠦᠢᠯᠡᠴᠢᠯᠡᠭᠡᠨ ᠤ ᠲᠦᠪ᠂ ᠦᠢᠯᠡᠰ ᠵᠢᠭᠤᠯᠴᠢᠯᠠᠯ ᠤᠨ ᠠᠵᠤ ᠦᠢᠯᠡᠰ ᠤᠨ ᠬᠦᠭᠵᠢᠬᠦᠯᠦᠯᠳᠡ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠲᠠᠭᠠᠭᠠᠴᠢᠯᠠᠨ ᠡᠷᠬᠢᠯᠡᠵᠦ᠂ ᠡᠬᠢᠯᠡᠯᠳᠡ ᠶᠢᠨ ᠶᠤᠰᠤᠯᠠᠯ ᠳᠤ᠂ ᠬᠤᠰᠢᠭᠤᠨ ᠤ ᠤᠯᠠᠭᠠᠠᠮᠦ᠋ᠴᠢᠷ ᠤᠨ ᠲᠤᠭᠯᠠᠭᠴᠢᠳ ᠎ ᠠᠴᠠ ᠢᠷᠠᠭᠤ ᠤᠶᠠᠩᠭᠠᠳᠤ ᠠᠶ᠎ᠠ ᠲᠠᠭᠤᠨ ᠤ ᠲᠤᠭᠯᠠᠯᠳᠠ ᠪᠠᠨ ᠰᠤᠨᠢᠷᠬᠠᠭᠤᠯᠤᠨ ᠮᠤᠷᠢᠳᠠᠨ ᠤᠭᠰᠠᠭᠠᠳᠠᠨ ᠤ ᠴᠤᠭ ᠵᠢᠪᠬᠤᠭ᠎ᠠ ᠶᠢ ᠦᠵᠡᠭᠴᠢ ᠤᠯᠠᠨ ᠳᠤ ᠪᠠᠨ ᠬᠠᠷᠠᠭᠤᠯᠵᠠᠢ᠃ ᠠᠶᠢᠮᠠᠭ ᠤᠨ ᠵᠢᠭᠤᠯᠴᠢᠯᠠᠯ ᠤᠨ ᠬᠦᠭᠵᠢᠭᠦᠯᠦᠯᠳᠡ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ ᠤᠷᠳᠤᠨᠠᠰᠤᠨ᠂ 2018 ᠤᠨ ᠤ ︽ᠤᠪᠤᠭᠠᠨ ᠰᠤᠶᠤᠯ ᠢ ᠤᠶᠢᠯᠠᠭᠠᠨ᠂ ᠤᠩᠭᠤᠨ ᠪᠠᠶᠢᠭᠠᠯᠢ ᠪᠠᠷ ᠵᠤᠭᠠᠴᠠᠬᠤ︾ ᠵᠢᠭᠤᠯᠴᠢᠯᠠᠯ ᠤᠨ ᠠᠵᠢᠯᠯᠠᠭ᠎ᠠ ᠡᠬᠢᠯᠡᠭᠰᠡᠨ ᠢ ᠵᠠᠷᠯᠠᠪᠠ᠃
    ︽ᠤᠪᠤᠭᠠᠨ ᠰᠤᠶᠤᠯ ᠢ ᠤᠶᠢᠯᠠᠭᠠᠨ᠂ ᠤᠩᠭᠤᠨ ᠪᠠᠶᠢᠭᠠᠯᠢ ᠪᠠᠷ ᠵᠤᠭᠠᠴᠠᠬᠤ︾ ᠵᠢᠭᠤᠯᠴᠢᠯᠠᠯ ᠤᠨ ᠠᠵᠢᠯᠯᠠᠭ᠎ᠠ ᠎ ᠶᠢ ᠠᠶᠢᠮᠠᠭ ᠤᠨ ᠵᠢᠭᠤᠯᠴᠢᠯᠠᠯ ᠤᠨ ᠬᠦᠭᠵᠢᠭᠦᠯᠦᠯᠳᠡ ᠶᠢᠨ ᠦᠢᠯᠡᠴᠢᠯᠡᠭᠡᠨ ᠤ ᠲᠦᠪ ᠠᠴᠠ ᠰᠡᠳᠦᠨ ᠡᠷᠬᠢᠯᠡᠵᠦ᠂ ᠡᠨᠡ ᠵᠢᠯ ᠬᠤᠶᠠᠳᠠᠬᠢ ᠵᠢᠯ ᠳᠡᠭᠡᠨ ᠶᠠᠪᠤᠭᠳᠠᠵᠤ᠂ ᠲᠠᠯ᠎ᠠ ᠨᠤᠳᠤᠭ ᠤᠨ ᠰᠤᠶᠤᠯ᠂ ᠤᠪᠤᠭᠠᠨ ᠲᠠᠬᠢᠯᠭ᠎ᠠ ᠶᠢᠨ ᠵᠠᠩ ᠦᠢᠯᠡ ᠶᠢ ᠨᠡᠩ ᠤᠯᠠᠨ ᠬᠦᠮᠦᠰ ᠲᠤ ᠰᠤᠷᠳᠠᠯᠴᠢᠯᠠᠨ ᠤᠬᠠᠭᠤᠯᠵᠤ᠂ ᠡᠬᠡ ᠪᠠᠶᠢᠭᠠᠯᠢ ᠪᠠᠨ ᠬᠠᠶᠢᠷᠠᠯᠠᠨ ᠬᠠᠮᠠᠭᠠᠯᠠᠬᠤ ᠤᠯᠠᠮᠵᠢᠯᠠᠯᠳᠤ ᠰᠤᠷᠳᠠᠯ ᠢ ᠪᠠᠳᠠᠷᠠᠭᠤᠯᠬᠤ ᠪᠠᠷ ᠵᠤᠷᠢᠯᠳᠠ ᠪᠠᠨ ᠪᠤᠯᠭᠠᠭᠰᠠᠨ ᠪᠠᠶᠢᠨ᠎ᠠ᠃
            ᠤᠯᠠᠭᠠᠨ ᠤᠳᠠᠢ ᠦᠵᠡᠮᠵᠢ ᠶᠢᠨ ᠤᠷᠤᠨ ᠨᠢ ᠮᠠᠨ ᠤ ᠬᠤᠰᠢᠭᠤᠨ ᠤ 4A ᠲᠡᠰ ᠤᠨ ᠦᠵᠡᠮᠵᠢ ᠶᠢᠨ ᠤᠷᠤᠨ ᠪᠠᠶᠢᠵᠤ᠂ ᠠᠵᠢᠯᠯᠠᠭᠠᠨ ᠤ ᠡᠳᠦᠷ ᠢᠶᠠᠨ ᠰᠢᠯᠢ ᠶᠢᠨ ᠭᠤᠤᠯ ᠤᠨ ᠬᠦᠮᠦᠨ ᠰᠢᠯᠢ ᠶᠢᠨ ᠭᠤᠤᠯ ᠢᠶᠠᠷ ᠵᠤᠭᠠᠴᠠᠬᠤ ᠵᠢᠭᠤᠯᠴᠢᠯᠠᠯ ᠤᠨ ᠪᠦᠯᠬᠦᠮ ᠪᠤᠯᠤᠨ ᠳ᠋ᠠᠯᠢᠶᠠᠨ ᠬᠤᠳᠠ ᠶᠢᠨ ᠵᠢᠭᠤᠯᠴᠢᠯᠠᠯ ᠤᠨ ᠪᠦᠯᠬᠦᠮ ᠤᠨ ᠨᠡᠶᠢᠳᠡ 600 ᠭᠠᠷᠤᠢ ᠵᠢᠭᠤᠯᠴᠢᠯᠠᠭᠴᠢ ᠶᠢ ᠬᠦᠯᠢᠶᠡᠨ ᠠᠪᠴᠤ᠂ ᠤᠪᠤᠭᠠᠨ ᠲᠠᠬᠢᠯᠭ᠎ᠠ ᠶᠢᠨ ᠭᠠᠶᠢᠬᠠᠮᠰᠢᠭ ᠢ ᠤᠶᠢᠯᠠᠭᠠᠭᠤᠯᠤᠨ ᠲᠠᠯ᠎ᠠ ᠨᠤᠳᠤᠭ ᠤᠨ ᠦᠵᠡᠮᠵᠢ ᠶᠢ ᠰᠤᠨᠢᠷᠬᠠᠭᠤᠯᠵᠠᠢ᠃
                 ᠡᠨᠡ ᠵᠢᠯ ᠤᠨ ᠤᠯᠠᠭᠠᠨ ᠤᠳᠠᠢ ᠲᠠᠬᠢᠯᠭ᠎ᠠ ᠶᠢᠨ ᠨᠠᠶᠢᠷ ᠢ ᠵᠢᠷ ᠤᠨ ᠭᠤᠣᠯ ᠪᠠᠯᠭᠠᠰᠤᠨ ᠤ ᠪᠠᠶᠠᠠᠳᠠᠯ᠎ᠠ ᠭᠠᠴᠠᠭ᠎ᠠ ᠲᠠᠭᠠᠭᠠᠴᠢᠯᠠᠨ ᠡᠷᠬᠢᠯᠡᠵᠦ᠂ ᠡᠷᠳᠡ ᠶᠢᠨ ᠲᠦᠷᠪᠡᠨ ᠴᠠᠭ ᠠᠴᠠ ᠡᠬᠢᠯᠡᠨ ᠮᠠᠯᠴᠢᠨ ᠲᠦᠮᠡᠨ ᠤᠪᠤᠭ᠎ᠠ ᠤᠰᠤ ᠎ ᠪᠠᠨ ᠲᠠᠬᠢᠵᠦ ᠬᠤᠷ᠎ᠠ ᠤᠰᠤ ᠡᠯᠪᠡᠭ᠂ ᠮᠠᠯ ᠰᠦᠷᠦᠭ ᠲᠠᠷᠭᠤᠨ ᠲᠠᠪᠠᠳᠠᠢ ᠪᠠᠶᠢᠬᠤ ᠶᠢ ᠲᠠᠭᠠᠳᠬᠠᠪᠠ᠃ ᠨᠠᠶᠢᠷ ᠲᠤ ᠡᠷ᠎ᠡ ᠶᠢᠨ ᠭᠤᠷᠪᠠᠨ ᠨᠠᠭᠠᠳᠤᠮ ᠶᠠᠪᠤᠭᠳᠠᠵᠤ᠂ 128 ᠪᠦᠬᠡ ᠶᠢᠨ ᠪᠠᠷᠢᠯᠳᠤᠭᠠᠨ ᠳᠤ᠂ ᠵᠢᠷ ᠤᠨ ᠭᠤᠣᠯ ᠪᠠᠯᠭᠠᠰᠤᠨ ᠎ ᠤ ᠲᠡᠭᠦᠰᠵᠢᠷᠭᠠᠯ ᠲᠡᠷᠢᠭᠦᠯᠡᠨ᠂ ᠪᠠᠶᠠᠠᠬᠤᠸᠠ ᠪᠠᠯᠭᠠᠰᠤᠨ ᠤ ᠴᠠᠭᠠᠠᠵᠠᠭᠠᠨ᠎ᠠ ᠲᠡᠳ᠋ᠯᠡᠵᠦ᠂ ᠵᠢᠷ ᠤᠨ ᠭᠤᠣᠯ ᠪᠠᠯᠭᠠᠰᠤᠨ ᠎ ᠤ ᠡᠷᠳᠡᠨᠢ ᠪᠠ ᠵᠢᠷ ᠤᠨ ᠭᠤᠣᠯ ᠪᠠᠯᠭᠠᠰᠤᠨ ᠤ ᠦᠯᠵᠡᠢ ᠲᠤᠰᠪᠤᠷᠢ ᠭᠤᠷᠪᠠ᠂ ᠲᠦᠷᠪᠡᠳᠦᠭᠡᠷ ᠲᠤ ᠤᠷᠤᠭᠰᠠᠨ ᠪᠠᠶᠢᠨ᠎ᠠ᠃ 40 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠲᠦᠴᠢᠭᠡᠳ ᠮᠤᠷᠢ ᠤᠷᠤᠯᠴᠠᠨ᠂ ᠠᠪᠠᠭ᠎ᠠ ᠬᠤᠰᠢᠭᠤᠨ ᠤ ᠭᠡᠷᠡᠯ ᠤᠨ ᠬᠦᠷᠡᠩ ᠮᠤᠷᠢ ᠲᠡᠷᠢᠬᠦᠯᠡᠵᠦ᠂ ᠤᠯᠠᠭᠠᠠᠬᠠᠭᠠᠯᠭ᠎ᠠ ᠰᠤᠮᠤᠨ ᠤ ᠪᠤᠯᠠᠭ ᠤᠨ ᠬᠠᠯᠳᠠᠷ ᠮᠤᠷᠢ ᠲᠡᠳ᠋ᠯᠡᠨ᠂ 20 ᠭᠠᠵᠠᠷ ᠤᠨ ᠦᠷᠢᠶ᠎ᠡ ᠮᠤᠷᠢᠨ ᠤ ᠤᠷᠤᠯᠳᠤᠭᠠᠨ ᠳᠤ ᠪᠠᠶᠠᠠᠬᠤᠸᠠ ᠪᠠᠯᠭᠠᠰᠤᠨ ᠤ ᠨᠡᠭᠡᠭᠡᠭᠴᠢ ᠶᠢᠨ ᠬᠦᠷᠡᠩ ᠦᠷᠢᠶ᠎ᠡ ᠲᠡᠷᠢᠬᠦᠯᠡᠨ᠂ ᠵᠡᠭᠦᠨ ᠰᠦᠨᠢᠳ ᠤᠨ ᠭᠠᠩᠵᠤᠷᠢᠭ ᠤᠨ ᠬᠠᠷ᠎ᠠ ᠦᠷᠢᠶ᠎ᠡ ᠲᠡᠳ᠋ᠯᠡᠪᠡ᠃ 30 ᠮᠧᠲᠷ ᠎ ᠤᠨ ᠰᠤᠷ ᠬᠠᠷᠪᠤᠯᠭ᠎ᠠ ᠶᠢᠨ ᠤᠷᠤᠯᠳᠤᠭᠠᠨ ᠳᠤ ᠲᠠᠪᠢᠭᠠᠳ ᠰᠤᠷᠴᠢᠨ ᠤᠷᠤᠯᠴᠠᠨ᠂ ᠤᠷᠤᠯᠳᠤᠭᠠᠨ ᠤ ᠳ᠋ᠦᠩ ᠳᠤ᠂ ᠮᠠᠨ ᠤ ᠬᠤᠰᠢᠭᠤᠨ ᠤ ᠬᠦᠭᠵᠢᠯᠳᠦ ᠲᠡᠷᠢᠭᠦᠯᠡᠨ᠂ ᠭᠤᠷᠤᠬᠠᠨ ᠤ ᠰ᠊ ᠬᠦᠭᠵᠢᠯᠳᠦ ᠬᠤᠶᠠᠳᠤᠭᠠᠷ ᠲᠤ ᠤᠷᠤᠭᠰᠠᠨ ᠪᠠᠶᠢᠨ᠎ᠠ᠃    
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号