ᠠᠶᠢᠮᠠᠭ ᠤᠨ ᠠᠷᠡᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ ᠎ ᠤᠨ ᠪᠠᠶᠢᠴᠠᠭᠠᠨ ᠰᠣᠳᠣᠯᠠᠬᠤ ᠲᠤᠭᠤᠶᠢᠯᠠᠩ ᠨᠢ ᠪᠠᠷᠠᠭᠤᠨ ᠦᠵᠦᠮᠦᠴᠢᠨ ᠬᠤᠰᠢᠭᠤᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠪᠠᠶᠢᠴᠠᠭᠠᠨ ᠰᠣᠳᠣᠯᠤᠭᠰᠠᠨ
ᠨᠡᠶᠢᠲᠡᠯᠡᠭᠰᠡᠨ ᠴᠠᠭ᠄
2018-07-11
ᠠᠶᠢᠮᠠᠭ ᠤᠨ ᠠᠷᠡᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ  ᠎ ᠤᠨ ᠪᠠᠶᠢᠴᠠᠭᠠᠨ ᠰᠣᠳᠣᠯᠠᠬᠤ ᠲᠤᠭᠤᠶᠢᠯᠠᠩ ᠨᠢ ᠪᠠᠷᠠᠭᠤᠨ ᠦᠵᠦᠮᠦᠴᠢᠨ ᠬᠤᠰᠢᠭᠤᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠪᠠᠶᠢᠴᠠᠭᠠᠨ ᠰᠣᠳᠣᠯᠤᠭᠰᠠᠨ                                7 ᠰᠠᠷ᠎ᠡ ᠶᠢᠨ 5 - 6 ᠎ ᠤ ᠡᠳᠦᠷ᠂ ᠠᠶᠢᠮᠠᠭ ᠤᠨ ᠠᠷᠡᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠠᠯ ᠤᠨ ᠪᠠᠶᠢᠴᠠᠭᠠᠨ ᠰᠣᠳᠣᠯᠠᠬᠤ ᠲᠤᠭᠤᠶᠢᠯᠠᠩ ᠨᠢ ᠮᠠᠨ ᠤ ᠬᠤᠰᠢᠭᠤᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠪᠠᠶᠢᠴᠠᠭᠠᠨ ᠦᠵᠡᠵᠦ ᠵᠢᠭᠠᠨ ᠵᠢᠯᠤᠭᠤᠳᠣᠭᠰᠠᠨ ᠪᠠᠶᠢᠨ᠎ᠠ  ᠃ ᠬᠤᠰᠢᠭᠤ ᠤᠳᠣᠷᠢᠳᠣᠯᠭ᠎ᠠ ᠪᠠᠭᠠᠨ᠎ᠠ  ᠂ ᠯᠢᠤ ᠴᠢᠩ᠂ ᠯᠢ ᠰᠢᠤᠸᠠᠢ ᠶᠢᠩ ᠪᠠᠷ᠎ᠠ ᠪᠤᠯᠵᠦ ᠪᠠᠶᠢᠴᠠᠭᠠᠨ ᠰᠣᠳᠣᠯᠤᠯᠳᠠ ᠳᠤ ᠤᠷᠤᠯᠴᠠᠵᠡᠢ  ᠃
     ᠪᠠᠶᠢᠴᠠᠭᠠᠨ ᠰᠣᠳᠣᠯᠠᠬᠤ ᠲᠤᠭᠤᠶᠢᠯᠠᠩ ᠨᠢ ᠪᠠᠶᠠᠠᠬᠤᠰᠢᠭᠤ ᠰᠣᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠬᠤᠰᠢᠭᠤ ᠮᠤᠩᠭᠤᠯ ᠡᠮᠨᠡᠯᠬᠡ ᠶᠢᠨ ᠬᠤᠷᠢᠶ᠎ᠠ᠂ ᠬᠤᠰᠢᠭᠤ ᠶᠠᠷᠤᠩᠬᠡᠶᠢᠯᠡᠭᠰᠠᠨ ᠡᠮᠨᠡᠯᠬᠡ ᠶᠢᠨ ᠬᠤᠷᠢᠶ᠎ᠠ᠂ ᠪᠠᠶᠠᠰᠣᠯ  ᠮᠠᠯᠵᠢᠬᠤ ᠤᠷᠤᠨ ᠤ ᠨᠠᠰᠣᠳᠠᠶᠢᠴᠣᠳ ᠢ ᠠᠰᠠᠷᠡᠬᠤ ᠭᠦᠷᠢᠶᠠᠯᠠᠩ ᠢᠶᠠᠷ ᠭᠦᠷᠴᠦ᠂ ᠠᠬᠤᠢ ᠲᠠᠯᠠᠪᠤᠷ ᠲᠤ ᠲᠤᠭᠤᠷᠢᠨ ᠦᠵᠡᠬᠦ᠂ ᠠᠰᠠᠭᠤᠨ ᠯᠠᠪᠯᠠᠬᠤ᠂ ᠲᠡᠩᠰᠠ ᠡᠪᠬᠡᠮᠡᠯ ᠢ ᠪᠠᠶᠢᠴᠠᠭᠠᠨ ᠦᠵᠡᠬᠦ ᠬᠡᠯᠪᠡᠷᠢ ᠪᠠᠷ ᠪᠦᠬᠦ ᠬᠤᠰᠢᠭᠤᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠪᠦᠬᠦ ᠲᠠᠯ᠎ᠠ ᠪᠠᠷ ᠦᠢᠯᠭᠠᠭᠰᠠᠨ ᠤ ᠬᠠᠮᠳᠣ᠂ ᠡᠪᠡᠳᠴᠢᠨ ᠡᠮᠬᠡᠭ ᠠᠴᠠ ᠪᠤᠯᠵᠦ ᠶᠠᠳᠠᠭᠤᠷᠠᠭᠰᠠᠨ ᠶᠠᠳᠠᠭᠤ ᠭᠦᠴᠢᠷᠳᠠᠯᠳᠠᠢ ᠡᠷᠣᠬᠡ ᠳᠤ ᠭᠦᠨᠵᠡᠬᠡᠶᠢᠷᠡᠨ᠂ ᠲᠠᠳᠠᠨ ᠤ ᠦᠢᠯᠠᠳᠪᠤᠷᠢᠯᠠᠯ ᠠᠮᠢᠳᠣᠷᠠᠯ ᠤᠨ ᠪᠠᠶᠢᠳᠠᠯ᠂ ᠡᠮᠴᠢᠯᠠᠬᠡᠨ ᠤ ᠵᠠᠷᠣᠳᠠᠯ᠂ ᠲᠠᠩᠰᠠᠨ ᠠᠴᠠ ᠴᠠᠶᠢᠷᠠᠭᠤᠯᠵᠦ ᠪᠠᠶᠢᠭ᠎ᠠ ᠪᠠᠶᠢᠳᠠᠯ ᠵᠡᠷᠬᠡ ᠶᠢ ᠨᠠᠷᠢᠨ ᠦᠢᠯᠭᠠᠭᠰᠠᠨ ᠪᠠᠶᠢᠨ᠎ᠠ  ᠃
   
     ᠪᠠᠶᠢᠴᠠᠭᠠᠨ ᠰᠣᠳᠣᠯᠠᠬᠤ ᠲᠤᠭᠤᠶᠢᠯᠠᠩ ᠨᠢ ᠮᠠᠨ ᠤ ᠬᠤᠰᠢᠭᠤᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠭᠦᠢᠴᠠᠳ ᠨᠤᠳᠠᠯᠠᠭᠰᠠᠨ ᠤ ᠬᠠᠮᠳᠣ᠂ ᠬᠤᠶᠢᠰᠢᠳᠠ ᠶᠢᠨ ᠠᠵᠢᠯ ᠤᠨ ᠲᠤᠮᠳᠠ ᠪᠠᠨ ᠤᠬᠠᠭᠤᠯᠭ᠎ᠠ ᠰᠣᠷᠳᠠᠯᠴᠢᠯᠭ᠎ᠠ ᠶᠢᠨ ᠭᠦᠴᠦᠯᠠᠴᠠ ᠪᠤᠯᠤᠨ  ᠰᠠᠯᠠᠭ᠎ᠠ  ᠮᠦᠴᠢᠷ ᠤᠨ ᠬᠤᠭᠤᠷᠳᠣᠨᠬᠢ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠵᠤᠬᠢᠴᠠᠮᠵᠢ ᠶᠢ ᠲᠠᠭᠦᠯᠳᠠᠷᠵᠢᠬᠦᠯᠵᠦ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠯᠠᠪᠳᠠᠭᠤᠨ ᠢᠶᠠᠷ ᠠᠬᠢᠭᠤᠯᠦᠨ᠂ ᠶᠠᠳᠠᠭᠤ ᠭᠦᠴᠢᠷᠳᠠᠯᠳᠠᠢ ᠬᠦᠮᠦᠰ ᠤᠨ ᠡᠪᠡᠳᠴᠢᠨ ᠡᠮᠬᠡᠭ ᠢᠶᠠᠨ ᠡᠮᠴᠢᠯᠠᠬᠦᠯᠬᠦ ᠳᠤ ᠲᠦᠬᠦᠮ ᠲᠦᠳᠠ ᠨᠦᠬᠦᠴᠠᠯ ᠢ ᠪᠦᠷᠢᠯᠳᠣᠬᠦᠯᠦᠨ ᠦᠭᠴᠦ᠂ ᠲᠠᠳᠠᠨ ᠳᠤ ᠲᠦᠷᠦ ᠶᠢᠨ ᠪᠤᠳᠣᠯᠭ᠎ᠠ ᠎ ᠶᠢᠨ ᠠᠰᠢᠭ ᠭᠦᠷᠳᠡᠬᠡᠬᠦ ᠬᠡᠷᠡᠭᠳᠠᠢ ᠬᠡᠵᠡᠢ  ᠃
      ᠳᠠᠷᠠᠭ᠎ᠠ ᠨᠢ᠂ ᠪᠠᠶᠢᠴᠠᠭᠠᠨ ᠰᠣᠳᠣᠯᠠᠬᠤ ᠲᠤᠭᠤᠶᠢᠯᠠᠩ ᠨᠢ ᠰᠠᠭᠤᠳᠠᠯ ᠤᠨ ᠬᠤᠷᠠᠯ ᠬᠤᠷᠠᠯᠳᠣᠭᠤᠯᠤᠨ᠂ ᠪᠦᠬᠦ ᠬᠤᠰᠢᠭᠤᠨ ᠤ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠤᠨ ᠬᠠᠷᠢᠭᠤ ᠮᠠᠳᠠᠬᠦᠯᠤᠯᠳᠠ ᠶᠢ ᠰᠣᠨᠤᠰᠴᠠᠢ᠃ ᠬᠤᠰᠢᠭᠤ ᠲᠠᠳ᠋ ᠲᠠᠷᠤᠭ᠎ᠠ ᠯᠢ ᠰᠢᠤᠸᠠᠢ ᠶᠢᠩ ᠬᠠᠷᠢᠭᠤ ᠮᠠᠳᠠᠬᠦᠯᠤᠯᠳᠠ ᠬᠢᠵᠡᠢ  ᠃     ᠦᠢᠯᠭᠠᠭᠰᠠᠨ ᠢᠶᠠᠷ ᠮᠠᠨ ᠤ ᠬᠤᠰᠢᠭᠤ ᠨᠢ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠤᠨ ᠳᠠᠯ᠎ᠠ ᠎ ᠪᠠᠷ ︽ᠭᠤᠷᠪᠠ ᠶᠢ ᠪᠠᠶᠢᠭᠤᠯᠤᠨ ᠲᠠᠪᠤ ᠶᠢ ᠭᠦᠷᠬᠡᠬᠦ︾ ᠠᠵᠢᠯ ᠤᠨ ᠵᠤᠬᠢᠴᠠᠮᠵᠢ ᠶᠢ ᠪᠠᠶᠢᠭᠤᠯᠤᠨ᠂ ᠬᠡᠷ ᠪᠦᠯᠢ ᠶᠢᠨ ᠡᠮᠴᠢ ᠶᠢᠨ ᠬᠡᠯᠡᠯᠴᠠᠬᠡᠷ ᠤᠨ ᠦᠢᠯᠠᠴᠢᠯᠠᠬᠡᠨ ᠤ ᠵᠤᠬᠢᠴᠠᠮᠵᠢ᠂ ᠬᠡᠷ ᠪᠦᠯᠢ ᠶᠢᠨ ᠡᠮᠴᠢ ᠲᠤᠭᠳᠠᠭᠰᠠᠨ ᠬᠤᠭᠤᠴᠠᠭ᠎ᠠ ᠎ ᠲᠠᠢ ᠪᠠᠷ ᠲᠤᠭᠤᠷᠢᠨ ᠦᠵᠡᠬᠦ ᠵᠤᠬᠢᠴᠠᠮᠵᠢ ᠪᠤᠯᠤᠨ ᠸᠢᠴᠠᠲ ᠶᠢᠨ ᠡᠮᠴᠢᠯᠠᠬᠡᠨ ᠤ ᠦᠢᠯᠠᠴᠢᠯᠡᠭᠡ ᠬᠠᠩᠭᠠᠬᠤ ᠵᠤᠬᠢᠴᠠᠮᠵᠢ ᠶᠢ ᠪᠠᠶᠢᠭᠤᠯᠤᠨ᠂ ᠡᠮᠴᠢᠯᠡᠭᠡ᠂ ᠡᠮ ᠲᠠᠩ᠂ ᠡᠷᠡᠬᠦᠯ ᠴᠢᠬᠢᠷᠠᠭ᠂ ᠲᠦᠷᠦ ᠶᠢᠨ ᠪᠤᠳᠣᠯᠭ᠎ᠠ ᠪᠤᠯᠤᠨ ᠦᠢᠯᠠᠴᠢᠯᠡᠭᠡ ᠶᠢ ᠶᠠᠳᠠᠭᠤ ᠭᠦᠴᠢᠷᠳᠠᠯᠳᠠᠢ ᠡᠷᠣᠬᠡ ᠳᠤ ᠭᠦᠷᠬᠡᠵᠦ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠰᠠᠶᠢᠳᠣᠷ ᠦᠷᠨᠢᠬᠦᠯᠵᠦ᠂ ᠶᠠᠳᠠᠭᠤ ᠭᠦᠴᠢᠷᠳᠠᠯᠳᠠᠢ ᠬᠦᠮᠦᠰ ᠤᠨ ᠡᠪᠡᠳᠴᠢᠨ ᠡᠮᠭᠡᠭ ᠠᠴᠠ ᠪᠤᠯᠵᠦ ᠲᠠᠬᠢᠨ ᠶᠠᠳᠠᠭᠤᠷᠠᠬᠤ ᠶᠢ ᠪᠦᠳᠦᠮᠵᠢᠳᠠᠢ ᠰᠢᠢᠳᠪᠤᠷᠢᠯᠡᠵᠦ ᠪᠠᠶᠢᠨ᠎ᠠ  ᠃
          ᠪᠠᠶᠢᠴᠠᠭᠠᠨ ᠰᠣᠳᠣᠯᠠᠬᠤ ᠲᠤᠭᠤᠶᠢᠯᠠᠩ ᠨᠢ ᠱᠠᠭᠠᠷᠳᠠᠬᠤ ᠳᠠᠭᠠᠨ᠂ ᠬᠠᠮᠢᠶᠠᠳᠠᠢ ᠰᠠᠯᠠᠭ᠎ᠠ ᠮᠦᠴᠢᠷ ᠨᠢ ᠦᠵᠡᠯᠳᠠ ᠲᠠᠨᠢᠯᠳᠠ ᠪᠤᠯᠤᠨ ᠦᠢᠯᠠᠴᠢᠯᠠᠬᠡᠨ ᠤ ᠠᠷᠭ᠎ᠠ ᠬᠡᠯᠪᠡᠷᠢ ᠪᠠᠨ ᠰᠢᠨᠠᠳᠬᠡᠨ ᠬᠤᠪᠢᠷᠠᠭᠤᠯᠵᠤ᠂ ᠴᠢᠭᠯᠡᠯᠳᠤ ᠴᠢᠨᠠᠷ ᠲᠠᠢ ᠠᠷᠭ᠎ᠠ ᠬᠡᠮᠵᠢᠶ᠎ᠠ ᠠᠪᠴᠦ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠢ ᠤᠯᠠᠮ ᠤᠨᠤᠪᠴᠢᠳᠠᠢ  ᠂ ᠤᠯᠠᠮ ᠪᠤᠳᠠᠳᠠᠢ ᠪᠠᠷ ᠦᠷᠨᠢᠬᠦᠯᠬᠦ ᠬᠡᠷᠡᠭᠳᠠᠢ᠃ ᠲᠦᠷᠦ ᠶᠢᠨ ᠪᠤᠳᠣᠯᠭ᠎ᠠ ᠶᠢᠨ ᠤᠬᠠᠭᠤᠯᠭ᠎ᠠ ᠰᠣᠷᠳᠠᠯᠴᠢᠯᠭ᠎ᠠ ᠶᠢ ᠴᠢᠩᠭᠠᠳᠬᠠᠨ᠂ ᠤᠯᠠᠨ ᠲᠦᠮᠠᠨ ᠤ ᠡᠷᠡᠬᠦᠯ ᠴᠢᠬᠢᠷᠠᠭ ᠤᠨ ᠤᠬᠠᠮᠰᠠᠷ ᠢ ᠲᠡᠭᠡᠭᠰᠢᠯᠠᠬᠦᠯᠵᠦ᠂ ᠡᠪᠡᠳᠴᠢᠨ ᠠᠴᠠ ᠪᠤᠯᠵᠦ ᠶᠠᠳᠠᠭᠤᠷᠠᠭᠰᠠᠨ ᠶᠠᠳᠠᠭᠤ ᠭᠦᠴᠢᠷᠳᠠᠯᠳᠠᠢ ᠡᠷᠣᠬᠡ ᠳᠤ ᠦᠨᠠᠨ ᠪᠤᠳᠠᠳᠠᠢ ᠠᠰᠢᠭ ᠭᠦᠷᠳᠡᠬᠡᠨ ᠂ ᠡᠷᠡᠬᠦᠯ ᠴᠢᠬᠢᠷᠠᠭ ᠢᠶᠠᠷ ᠶᠠᠳᠠᠭᠤ ᠶᠢ ᠲᠠᠳᠭᠦᠭᠦ ᠠᠵᠢᠯ ᠤᠨ ᠰᠢᠢᠳᠪᠤᠷᠢᠳᠣ ᠢᠯᠠᠯᠳᠠ ᠶᠢ ᠲᠠᠮᠠᠴᠠᠨ ᠤᠯᠬᠤ ᠪᠠᠷ ᠴᠢᠷᠮᠠᠶᠢᠬᠤ ᠬᠡᠷᠡᠭᠳᠠᠢ ᠬᠡᠵᠡᠢ  ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号