ᠪᠠᠷᠠᠭᠤᠨ ᠦᠵᠦᠮᠦᠴᠢᠨ ᠬᠤᠰᠢᠭᠤᠨ ᠤ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠤᠰᠤᠳᠤᠯ ᠢ ᠵᠠᠯᠠᠬᠤ ᠠᠵᠢᠯ ᠢ | ᠠᠬᠢᠭᠤᠯᠵᠤ ᠪᠤᠢ | | | | 7 ᠰᠠᠷ᠎ᠠ ᠶᠢᠨ 7 ᠤ ᠡᠳᠦᠷ ᠤᠨ 18 ᠴᠠᠭ ᠠᠴᠠ ᠡᠬᠢᠯᠠᠨ ᠮᠠᠨ ᠤ ᠬᠤᠰᠢᠭᠤᠨ ᠤ ᠡᠯ᠎ᠡ ᠰᠤᠮᠤ ᠪᠠᠯᠠᠭᠠᠰᠤᠨ | ᠳᠤ ᠲᠤᠮᠳᠠ ᠵᠡᠷᠭᠡ ᠠᠴᠠ ᠶᠡᠭᠡ ᠪᠤᠷᠤᠭᠠᠨ ᠤᠷᠤᠵᠤ᠂ ᠵᠠᠷᠢᠮ ᠭᠡᠰᠡᠭ ᠭᠠᠵᠠᠷ ᠤᠷᠤᠨ ᠳᠤ ᠰᠢᠷᠦᠬᠦᠨ ᠪᠤᠷᠤᠭᠠᠨ | ᠤᠷᠤᠵᠤ᠂ 8 ᠤ ᠡᠳᠦᠷ ᠤᠨ 7 ᠴᠠᠭ ᠲᠤ ᠪᠦᠬᠦ ᠬᠤᠰᠢᠭᠤᠨ ᠤ ᠲᠤᠨᠤᠳᠠᠰᠤᠨ ᠤ ᠬᠡᠮᠵᠢᠶ᠎ᠠ 50 ᠮᠢᠯᠢᠮᠧᠲᠷ ᠠᠴᠠ | ᠳᠡᠭᠡᠭᠰᠢ ᠬᠦᠷᠴᠤ᠂ ᠪᠠᠯᠭᠠᠷᠭᠤᠤᠯ ᠪᠠᠯᠭᠠᠰᠤᠨ ᠤ ᠵᠠᠷᠢᠮ ᠭᠡᠰᠡᠭ ᠭᠠᠵᠠᠷ ᠲᠤ ᠶᠡᠭᠡ ᠬᠡᠮᠵᠢᠶᠠᠨ ᠤ ᠤᠰᠤ | ᠳᠤᠨᠤᠭᠰᠠᠨ ᠪᠠᠶᠢᠨ᠎ᠠ᠃ | | | | | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠲᠤᠰ ᠤᠳᠠᠭᠠᠨ ᠤ ᠰᠢᠷᠦᠬᠦᠨ ᠪᠤᠷᠤᠭᠠᠨ ᠠᠴᠠ | ᠪᠤᠯᠤᠭᠰᠠᠨ ᠬᠤᠬᠢᠷᠠᠯ ᠰᠦᠢᠳᠦᠯ ᠤᠨ ᠪᠠᠶᠢᠳᠠᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠢᠳᠡᠪᠬᠢᠳᠠᠢ | ᠠᠷᠭ᠎ᠠ ᠬᠡᠮᠵᠢᠶ᠎ᠠ ᠠᠪᠴᠤ᠂ ᠬᠤᠰᠢᠭᠤ ᠤᠳᠤᠷᠢᠳᠤᠯᠭ᠎ᠠ ᠨᠠᠷ ᠤᠰᠤ ᠲᠤᠨᠤᠭᠰᠠᠨ ᠰᠠᠭᠤᠭᠠᠯᠢ ᠠᠷᠠᠳ ᠤᠨ ᠲᠤᠭᠤᠷᠢᠭ | ᠂ ᠵᠡᠭᠡᠯᠢ ᠭᠤᠳᠤᠮᠵᠢ ᠪᠠᠷ ᠬᠦᠨᠵᠡᠭᠡᠶᠢᠷᠡᠨ᠂ ᠤᠰᠤ ᠭᠠᠳᠠᠭᠰᠢᠯᠠᠭᠤᠯᠬᠤ ᠠᠵᠢᠯ ᠢ ᠵᠢᠭᠠᠨ ᠵᠢᠯᠤᠭᠤᠳᠬᠤ ᠶᠢᠨ ᠬᠠᠮᠳᠤ | ᠲᠤᠭᠤᠶᠢᠯᠠᠩ ᠬᠤᠪᠢᠶᠠᠨ᠂ ᠬᠠᠷᠢᠶ᠎ᠠ ᠲᠤᠭᠤᠷᠢᠭ ᠢᠶᠠᠷ ᠬᠦᠷᠴᠤ ᠪᠤᠷᠤᠭᠠᠨ ᠠᠴᠠ ᠪᠤᠯᠤᠭᠰᠠᠨ ᠬᠤᠬᠢᠷᠠᠯ ᠰᠦᠢᠳᠦᠯ | ᠵᠢᠴᠢ ᠠᠶᠤᠯᠳᠠᠢ ᠭᠡᠷ ᠪᠠᠶᠢᠰᠢᠩ ᠢ ᠪᠠᠶᠢᠴᠠᠭᠠᠨ ᠦᠵᠡᠭᠰᠡᠨ ᠪᠠᠶᠢᠨ᠎ᠠ᠃ | | | | | ᠡᠯ᠎ᠡ ᠲᠤᠭᠤᠷᠢᠭ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠤᠰᠬᠤᠨ ᠳᠤ ᠰᠠᠭᠤᠭ᠎ᠠ ᠺᠠᠳ᠋ᠷ᠂ | ᠰᠤᠮᠤ ᠪᠠᠯᠭᠠᠰᠤᠨ ᠤ ᠬᠠᠷᠢᠴᠠᠭᠤᠯᠭᠠᠳᠠᠨ ᠨᠠᠷ ᠠᠬᠤᠢ ᠳᠠᠯᠠᠪᠠᠢ ᠳᠤ ᠬᠦᠨᠵᠡᠭᠡᠶᠢᠷᠡᠨ ᠪᠠᠶᠢᠳᠠᠯ ᠢ ᠤᠶᠢᠯᠠᠭᠠᠬᠤ ᠶᠢᠨ | ᠬᠠᠮᠳᠤ᠂ ᠬᠦᠨᠳᠤ ᠨᠤᠴᠢᠳᠠᠢ ᠤᠰᠤ ᠳᠤᠨᠤᠭᠰᠠᠨ ᠰᠠᠭᠤᠭᠠᠯᠢ ᠲᠤᠭᠤᠷᠢᠭ ᠢᠶᠠᠷ ᠬᠦᠷᠴᠤ ᠵᠠᠮ ᠨᠡᠪᠳᠡᠷᠡᠯᠭᠡ ᠪᠤᠯᠤᠨ | ᠤᠰᠤ ᠭᠠᠳᠠᠭᠰᠢᠯᠠᠭᠤᠯᠬᠤ ᠠᠵᠢᠯ ᠢ ᠵᠢᠭᠠᠨ ᠵᠢᠯᠤᠭᠤᠳᠴᠤ ᠂ ᠠᠮᠤᠷ ᠲᠦᠪᠰᠢᠨ ᠤ ᠳᠠᠯᠳᠠ ᠭᠡᠮ ᠰᠤᠭᠤᠭ ᠢ | ᠪᠠᠶᠢᠴᠠᠭᠠᠨ ᠦᠵᠡᠭᠰᠡᠨ ᠪᠠᠶᠢᠨ᠎ᠠ᠃ | | | | | 7 ᠰᠠᠷ᠎ᠠ ᠶᠢᠨ 7 ᠤ ᠡᠳᠦᠷ ᠤᠨ ᠰᠢᠷᠦᠬᠦᠨ ᠪᠤᠷᠤᠭᠠᠨ ᠳᠤ ᠪᠦᠬᠦ ᠬᠤᠰᠢᠭᠤᠨ ᠤ 11ᠦᠷᠳᠡᠭᠡᠨ ᠤ | ᠲᠤᠨᠤᠳᠠᠰᠤᠨ ᠤ ᠬᠡᠮᠵᠢᠶ᠎ᠠ 50 ᠮᠢᠯᠢᠮᠧᠲᠷ ᠠᠴᠠ ᠳᠡᠭᠡᠭᠰᠢ ᠬᠦᠷᠴᠤ᠂ 26 ᠦᠷᠳᠡᠭᠡᠨ ᠤ ᠲᠤᠨᠤᠳᠠᠰᠤᠨ ᠤ | ᠬᠡᠮᠵᠢᠶ᠎ᠠ 25 —50 ᠮᠢᠯᠢᠮᠧᠲᠷ ᠬᠦᠷᠴᠤ᠃ ᠪᠤᠰᠤᠳ 6 ᠦᠷᠳᠡᠭᠡᠨ ᠳᠤ ᠲᠤᠮᠳᠠ ᠵᠡᠷᠭᠡ ᠶᠢᠨ ᠪᠤᠷᠤᠭᠠᠨ | ᠤᠷᠤᠵᠤ᠂ ᠰᠠᠷᠠᠭᠤᠯ ᠨᠤᠳᠤᠭ ᠭᠠᠴᠠᠭᠠᠨ ᠤ ᠲᠤᠨᠤᠳᠠᠰᠤᠨ ᠤ ᠬᠡᠮᠵᠢᠶ᠎ᠠ 89.5ᠮᠢᠯᠢᠮᠧᠲᠷ ᠬᠦᠷᠴᠤ ᠂ | ᠪᠠᠯᠭᠠᠷᠭᠤᠤᠯ ᠪᠠᠯᠭᠠᠰᠤᠨ ᠤ ᠵᠠᠷᠢᠮ ᠭᠡᠰᠡᠭ ᠭᠠᠵᠠᠷ ᠲᠤ ᠬᠦᠨᠳᠤ ᠨᠤᠴᠢᠳᠠᠢ ᠤᠰᠤ ᠲᠤᠨᠤᠵᠤ᠂ ᠲᠡᠷᠭᠡ ᠤᠨᠤᠭ᠎ᠠ | ᠲᠤᠷᠴᠤ᠂ ᠬᠡᠷ ᠪᠠᠶᠢᠰᠢᠩ ᠳᠤ ᠤᠰᠤ ᠤᠷᠤᠭᠰᠠᠨ ᠪᠠᠶᠢᠨ᠎ᠠ᠃ ᠮᠠᠨ ᠤ ᠬᠤᠰᠢᠭᠤ ᠨᠢ ᠪᠦᠬᠦ ᠺᠠᠳ᠋ᠷ ᠠᠵᠢᠯᠳᠠᠨ | ᠤᠯᠠᠨ ᠲᠦᠮᠡᠨ ᠢ ᠵᠤᠬᠢᠶᠠᠨ ᠪᠠᠶᠢᠭᠤᠯᠵᠤ᠂ ᠬᠦᠨᠳᠤ ᠨᠤᠴᠢᠳᠠᠢ ᠤᠰᠤ ᠲᠤᠨᠤᠭᠰᠠᠨ ᠰᠠᠭᠤᠭᠠᠯᠢ ᠲᠤᠭᠤᠷᠢᠭ ᠤᠨ | ᠰᠠᠭᠤᠭᠠᠯᠢ ᠠᠷᠠᠳ ᠢ ᠨᠡᠬᠦᠯᠭᠡᠨ ᠰᠢᠯᠵᠢᠬᠦᠯᠵᠤ᠂ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠬᠢᠨ ᠵᠡᠭᠡᠯᠢ | ᠭᠤᠳᠤᠮᠵᠢ ᠶᠢᠨ ᠲᠤᠨᠤᠭᠰᠠᠨ ᠤᠰᠤ ᠶᠢ ᠭᠠᠳᠠᠭᠰᠢᠯᠠᠭᠤᠯᠬᠤ ᠠᠵᠢᠯ ᠳᠤ ᠬᠠᠮᠵᠢᠯᠴᠢᠨ᠂ ᠦᠷᠭᠡᠨ ᠤᠯᠠᠨ ᠨᠠᠮ ᠤᠨ | ᠬᠡᠰᠢᠬᠦᠨ ᠺᠠᠳ᠋ᠷ ᠠᠵᠢᠯᠳᠠᠨ ᠨᠠᠷ ᠢᠳᠡᠪᠬᠢᠯᠠᠨ ᠤᠷᠤᠯᠴᠠᠭᠰᠠᠨ ᠪᠠᠶᠢᠨ᠎ᠠ᠃ | | | | | 7 ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠪᠠᠯᠭᠠᠷᠭᠤᠤᠯ ᠪᠠᠯᠭᠠᠰᠤᠨ ᠤ ᠭᠡᠰᠡᠭ ᠵᠡᠭᠡᠯᠢ ᠭᠤᠳᠤᠮᠵᠢ ᠪᠠᠷ | ᠬᠦᠷᠬᠦ ᠳᠤ ᠤᠷᠤᠨ ᠰᠠᠭᠤᠴᠠ ᠪᠤᠯᠤᠨ ᠪᠦᠳᠦᠭᠡᠨ ᠪᠠᠶᠢᠭᠤᠯᠤᠯᠳᠠ ᠶᠢᠨ ᠲᠤᠪᠴᠢᠶᠠᠨ ᠤ ᠬᠢᠨ ᠺᠠᠳ᠋ᠷ ᠠᠵᠢᠯᠳᠠᠨ᠂ | ᠤᠷᠴᠢᠨ ᠲᠤᠭᠤᠷᠢᠨ ᠤ ᠴᠡᠪᠡᠷᠯᠡᠭᠴᠢ ᠶᠢ ᠵᠤᠬᠢᠶᠠᠨ ᠪᠠᠶᠢᠭᠤᠯᠵᠤ᠂ ᠵᠠᠭᠡᠯᠢ ᠶᠢᠨ ᠰᠢᠪᠠᠷ ᠰᠢᠷᠤᠢ ᠶᠢ ᠴᠡᠪᠡᠷᠯᠡᠬᠦ | ᠠᠵᠢᠯ ᠢ ᠨᠢᠭᠡᠨᠳᠠ ᠡᠬᠢᠯᠡᠬᠦᠯᠵᠤ᠂ ᠦᠷᠭᠡᠨ ᠤᠯᠠᠨ ᠰᠠᠶᠢᠨ ᠲᠤᠷᠠᠴᠢᠳ ᠴᠤ ᠬᠦᠷᠵᠡ᠂ ᠱᠦᠬᠦᠷ ᠵᠡᠷᠭᠡ ᠪᠠᠭᠠᠵᠢ | ᠬᠡᠷᠡᠭᠰᠡᠯ ᠠᠳᠬᠤᠨ ᠵᠡᠭᠡᠯᠢ ᠴᠡᠪᠡᠷᠡᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠦᠬᠦᠮ ᠦᠵᠡᠬᠦᠯᠵᠤ | ᠪᠠᠶᠢᠯ᠎ᠠ᠃ | | | ᠡᠯ᠎ᠡ ᠨᠡᠶᠢᠭᠡᠮ ᠲᠤᠭᠤᠷᠢᠭ᠂ ᠪᠠᠯᠭᠠᠷᠭᠤᠤᠯ ᠪᠠᠯᠭᠠᠰᠤᠨ ᠤ ᠵᠠᠰᠠᠭ ᠤᠨ ᠤᠷᠳᠤᠨ ᠤ ᠺᠠᠳ᠋ᠷ ᠠᠵᠢᠯᠳᠠᠨ᠂ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶᠠᠨ ᠤ ᠠᠵᠢᠯᠳᠠᠨ ᠪᠤᠯᠤᠨ ᠨᠡᠶᠢᠭᠡᠮ | ᠲᠤᠭᠤᠷᠢᠭ ᠤᠨ ᠠᠵᠢᠯᠳᠠᠨ ᠨᠠᠷ ᠡᠷᠦᠬᠡ ᠪᠠᠷ ᠬᠦᠨᠵᠡᠭᠡᠶᠢᠷᠡᠨ᠂ ᠰᠠᠭᠤᠭᠠᠯᠢ ᠠᠷᠠᠳ ᠤᠨ ᠬᠡᠷ ᠪᠠᠶᠢᠰᠢᠩ ᠤᠨ | ᠬᠤᠬᠢᠷᠠᠯ ᠰᠦᠢᠳᠦᠯ ᠤᠨ ᠪᠠᠶᠢᠳᠠᠯ ᠢ ᠤᠶᠢᠯᠠᠭᠠᠬᠤ ᠶᠢᠨ ᠬᠠᠮᠳᠤ ᠰᠠᠭᠤᠭᠠᠯᠢ ᠠᠷᠠᠳ ᠤᠨ ᠤᠰᠤ ᠶᠢ | ᠭᠠᠳᠠᠭᠰᠢᠯᠠᠭᠤᠯᠤᠨ᠂ ᠤᠷᠤᠰᠢᠵᠤ ᠪᠠᠶᠢᠭ᠎ᠠ ᠳᠠᠯᠳᠠ ᠭᠡᠮ ᠰᠤᠭᠤᠭ ᠢ ᠪᠠᠶᠢᠴᠠᠭᠠᠨ ᠤᠶᠢᠯᠠᠭᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠪᠠᠯᠭᠠᠷᠭᠤᠤᠯ ᠪᠠᠯᠭᠠᠰᠤ ᠨᠢ 5 ᠪᠠᠴᠢᠮ ᠠᠪᠤᠷᠠᠯᠳᠠ ᠶᠢᠨ ᠲᠤᠭᠤᠶᠢᠯᠠᠩ ᠪᠤᠯᠤᠨ 1 ᠵᠢᠭᠠᠨ | ᠵᠢᠯᠤᠭᠤᠳᠬᠤ ᠲᠦᠪ ᠢ ᠪᠠᠶᠢᠭᠤᠯᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠪᠦᠬᠦ ᠬᠦᠴᠦᠨ ᠢᠶᠠᠷ ᠪᠠᠳᠤᠯᠠᠵᠤ ᠪᠤᠢ᠃ | ᠤᠳᠤᠬᠠᠨ ᠳᠤ ᠪᠦᠬᠦ ᠬᠤᠰᠢᠭᠤᠨ ᠤ ᠤᠰᠤᠳᠤᠯ ᠢ ᠵᠠᠯᠠᠬᠤ ᠡᠯ᠎ᠡ ᠲᠦᠷᠦᠯ ᠤᠨ ᠠᠵᠢᠯ ᠡᠮᠬᠢ ᠴᠡᠭᠴᠡ ᠲᠠᠢ᠂ | ᠠᠯᠬᠤᠮ ᠳᠠᠷᠠᠭ᠎ᠠ ᠲᠠᠢ᠂ ᠤᠷᠤᠭᠰᠢᠳᠠᠢ ᠶᠠᠪᠤᠭᠳᠠᠵᠤ ᠪᠤᠢ | |