ᠪᠠᠷᠠᠭᠤᠨ ᠦᠵᠦᠮᠦᠴᠢᠨ ᠬᠤᠰᠢᠭᠤ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠦᠨ᠂ ᠨᠠᠮ ᠪᠠᠶᠢᠭᠤᠯᠤᠭᠳᠠᠭᠰᠠᠨ 97 ᠵᠢᠯ ᠤᠨ ᠤᠢ ᠪᠠᠨ ᠪᠠᠯᠬᠡᠯᠡᠭᠰᠠᠨ
ᠨᠡᠶᠢᠲᠡᠯᠡᠭᠰᠡᠨ ᠴᠠᠭ᠄
2018-07-02
ᠪᠠᠷᠠᠭᠤᠨ ᠦᠵᠦᠮᠦᠴᠢᠨ ᠬᠤᠰᠢᠭᠤ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠦᠨ᠂ ᠨᠠᠮ ᠪᠠᠶᠢᠭᠤᠯᠤᠭᠳᠠᠭᠰᠠᠨ 97 ᠵᠢᠯ ᠤᠨ ᠤᠢ ᠪᠠᠨ ᠪᠠᠯᠬᠡᠯᠡᠭᠰᠠᠨ                                  ᠲᠤᠮᠳᠠᠳᠣ ᠤᠯᠤᠰ ᠤᠨ ᠡᠪ ᠬᠠᠮᠳᠣ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢᠨ ᠪᠠᠶᠠᠷ ᠭᠦᠷᠴᠦ ᠢᠷᠡᠬᠦ ᠶᠢ ᠲᠤᠬᠢᠶᠠᠯᠳᠠᠭᠤᠯᠤᠨ᠂ ᠮᠠᠨ ᠤ ᠬᠤᠰᠢᠭᠤ ᠨᠢ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠦᠷᠨᠢᠬᠦᠯᠵᠦ᠂ ᠨᠠᠮ ᠪᠠᠶᠢᠭᠤᠯᠤᠭᠳᠠᠭᠰᠠᠨ ᠪᠠᠶᠠᠷ ᠢᠶᠠᠨ ᠪᠠᠯᠬᠡᠯᠡᠭᠰᠠᠨ ᠪᠠᠶᠢᠨ᠎ᠠ  ᠃
         6 ᠰᠠᠷ᠎ᠠ ᠶᠢᠨ 29᠎ ᠤ ᠡᠳᠦᠷ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠬᠡᠯᠡᠬᠦ ᠤᠷᠠᠨ ᠰᠠᠶᠢᠬᠠᠨ ᠎ ᠤ ᠳᠣᠭᠯᠠᠯᠳᠠ  ᠪᠠᠶᠠᠰᠣᠯ ᠮᠠᠯᠵᠢᠬᠤ ᠤᠷᠤᠨ ᠤ ᠨᠠᠰᠣᠳᠠᠶᠢᠴᠣᠳ ᠤᠨ ᠬᠦᠷᠢᠶᠡᠯᠡᠩ ᠳᠤ ᠬᠦᠭᠵᠢᠶᠡᠨᠳᠡᠢ ᠶᠠᠪᠤᠭᠳᠠᠯ᠎ᠠ᠃
          ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠠᠶᠠᠷᠯᠠᠨ ᠪᠡᠯᠭᠡᠯᠡᠵᠦ᠂ ᠨᠠᠰᠣᠳᠠᠶᠢᠴᠣᠳ ᠤᠨ ᠬᠦᠷᠢᠶᠡᠯᠡᠩ ᠎ ᠤᠨ ᠨᠠᠰᠣᠳᠠᠳ ᠤᠨ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠬᠤ ᠵᠤᠷᠢᠯᠭ᠎ᠠ ᠪᠠᠷ ᠬᠤᠰᠢᠭᠤ ᠠᠷᠠᠳ ᠤᠨ ᠶᠠᠪᠤᠳᠠᠯ ᠎ ᠤᠨ ᠲᠤᠪᠴᠢᠶᠠᠨ ᠤ ᠨᠠᠮ ᠤᠨ ᠡᠬᠦᠷ ᠠᠴᠠ ᠭᠤᠤᠯᠯᠠᠨ᠂ ᠪᠠᠶᠠᠰᠣᠯ ᠮᠠᠯᠵᠢᠬᠤ ᠤᠷᠤᠨ ᠤ ᠨᠠᠰᠣᠳᠠᠶᠢᠴᠣᠳ ᠤᠨ ᠬᠦᠷᠢᠶᠡᠯᠡᠩ ᠤᠨ ᠨᠠᠮ ᠤᠨ ᠡᠬᠦᠷ ᠪᠤᠯᠤᠨ ᠬᠤᠰᠢᠭᠤ ᠤᠯᠠᠭᠠᠨᠮᠦ᠋ᠴᠢᠷ ᠠᠴᠠ ᠬᠠᠮᠵᠢᠯᠴᠠᠨ ᠡᠨᠡ ᠣᠳᠠᠭᠠᠨ ᠤ ᠣᠷᠠᠨ ᠰᠠᠶᠢᠬᠠᠨ ᠤ ᠳᠣᠭᠯᠠᠯᠳᠠ ᠶᠢ ᠶᠠᠪᠤᠭᠳᠠᠭᠤᠯᠵᠠᠢ᠃
        ᠳᠣᠭᠯᠠᠯᠳᠠ ᠨᠢ ᠬᠤᠰᠢᠭᠤ ᠣᠯᠠᠭᠠᠨᠮᠦ᠋ᠴᠢᠷ ᠤᠨ ᠳᠣᠭᠯᠠᠭᠴᠢ ᠶᠢᠨ ᠣᠷᠳᠣ ᠶᠢᠨ ᠳᠠᠭᠤᠨ ᠤ ᠳᠣᠮᠳᠠ ᠡᠬᠢᠯᠡᠯᠳᠡ ᠶᠢᠨ ᠬᠦᠰᠢᠬᠡ ᠰᠡᠬᠦᠵᠦ᠂ ᠣᠷᠳᠣ ᠶᠢᠨ ᠳᠠᠭᠤᠤ᠂ ᠬᠠᠮᠳᠣ ᠶᠢᠨ ᠪᠦᠵᠢᠭ᠂ ᠭᠤᠴᠣᠯᠠᠯ ᠳᠠᠭᠤᠤ᠂ ᠬᠦᠬᠡᠮᠡᠢ᠂ ᠮᠤᠷᠢᠨ ᠬᠤᠭᠤᠷ᠂ ᠬᠠᠮᠳᠣ ᠶᠢᠨ ᠳᠠᠭᠤᠤ ᠵᠡᠷᠬᠡ ᠣᠯᠠᠭᠠᠨᠮᠦ᠋ᠴᠢᠷ ᠤᠨ ᠳᠣᠭᠯᠠᠭᠴᠢᠳ ᠤᠨ ᠪᠡᠯᠡᠳᠭᠡᠭᠰᠡᠨ 7 ᠳᠣᠭᠯᠠᠯᠳᠠ ᠶᠢᠨ ᠳᠡᠬᠡᠷ᠎ᠡ ᠪᠠᠶᠠᠰᠣᠯ ᠮᠠᠯᠵᠢᠬᠤ ᠤᠷᠤᠨ ᠤ ᠨᠠᠰᠣᠳᠠᠶᠢᠴᠣᠳ ᠤᠨ ᠬᠦᠷᠢᠶᠡᠯᠡᠩ ᠤᠨ ᠨᠠᠰᠣᠳᠠᠶᠢᠴᠣᠳ ᠦᠪᠡᠷᠰᠡᠳ ᠢᠶᠠᠨ ᠪᠡᠯᠡᠳᠭᠡᠭᠰᠡᠨ ᠲᠦᠷᠪᠡᠨ ᠳᠣᠭᠯᠠᠯᠳᠠ ᠪᠠᠨ ᠡᠷᠬᠦᠵᠦ᠂ ᠣᠯᠠᠭᠠᠨᠮᠦ᠋ᠴᠢᠷ ᠤᠨ ᠳᠣᠭᠯᠠᠭᠴᠢᠳ ᠪᠤᠯᠤᠨ ᠪᠠᠶᠠᠰᠣᠯ ᠮᠠᠯᠵᠢᠬᠤ ᠤᠷᠤᠨ ᠤ ᠨᠠᠰᠣᠳᠠᠶᠢᠴᠣᠳ ᠤᠨ ᠬᠦᠷᠢᠶᠡᠯᠡᠩ ᠤᠨ ᠨᠠᠰᠣᠳᠠᠳ ᠬᠠᠮᠳᠣ ᠎ ᠪᠠᠷ ᠳᠣᠮᠳᠠᠳᠣ ᠣᠯᠣᠰ ᠤᠨ ᠡᠪ ᠬᠠᠮᠳᠣ ᠨᠠᠮ ᠤᠨ ᠠᠤᠭ᠎ᠠ ᠭᠠᠪᠢᠶ᠎ᠠ᠂ ᠦᠬᠡᠷᠡᠴᠢᠯᠡᠯᠳᠡ ᠨᠡᠬᠡᠬᠡᠯᠳᠡ ᠶᠢᠨ ᠠᠤᠭ᠎ᠠ ᠦᠷ᠎ᠡ ᠪᠦᠳᠦᠮᠵᠢ ᠶᠢ ᠮᠠᠭᠳᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠣᠯᠠᠭᠠᠨᠮᠦ᠋ᠴᠢᠷ ᠤᠨ ᠳᠣᠭᠯᠠᠭᠴᠢ ᠪᠤᠯᠤᠨ ᠦᠷᠬᠡᠨ ᠣᠯᠠᠨ ᠲᠦᠮᠡᠨ ᠤ ᠰᠢᠨ᠎ᠡ ᠲᠦᠷᠢ ᠪᠠᠶᠢᠳᠠᠯ ᠢ ᠣᠯᠠᠨ ᠳᠤ ᠬᠠᠷᠠᠭᠤᠯᠵᠤ᠂ ᠮᠦᠨᠴᠦ ᠪᠠᠶᠠᠰᠣᠯ ᠮᠠᠯᠵᠢᠬᠤ ᠤᠷᠤᠨ ᠤ ᠨᠠᠰᠣᠳᠠᠶᠢᠴᠣᠳ ᠤᠨ ᠬᠦᠷᠢᠶᠡᠯᠡᠩ ᠤᠨ ᠨᠠᠰᠣᠳᠠᠳ ᠤᠨ ᠰᠣᠨᠣᠷ ᠢ ᠨᠢ ᠮᠢᠯᠢᠶᠠᠵᠤ᠂ ᠬᠠᠷᠠᠭ᠎ᠠ ᠶᠢ ᠨᠢ ᠪᠠᠶᠠᠰᠬᠠᠭᠰᠠᠨ ᠪᠠᠶᠢᠨ᠎ᠠ᠃         6 ᠰᠠᠷ᠎ᠠ ᠶᠢᠨ 29᠎ ᠤ ᠡᠳᠦᠷ᠂ ᠨᠠᠮ ᠤᠨ ᠰᠢᠯᠢᠳᠡᠭ  ᠣᠯᠠᠮᠵᠢᠯᠠᠯ ᠢ ᠪᠠᠳᠠᠷᠠᠭᠤᠯᠣᠨ᠂ ᠨᠠᠮ ᠪᠠᠶᠢᠭᠤᠯᠣᠭᠳᠠᠭᠰᠠᠨ ᠪᠠᠶᠠᠷ ᠤᠨ ᠡᠳᠦᠷ ᠢ ᠪᠡᠯᠭᠡᠳᠡᠨ᠂ ᠪᠦᠬᠦ ᠬᠤᠰᠢᠭᠤ ᠤ ᠺᠠᠳ᠋ᠷ ᠠᠵᠢᠯᠳᠠᠳ ᠤᠨ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠬᠤ ᠵᠣᠷᠢᠯᠭ᠎ᠠ ᠪᠠᠷ ᠬᠤᠰᠢᠭᠤ ᠠᠵᠢᠯᠴᠢᠨ ᠤ ᠶᠡᠷᠦᠩᠬᠡᠢ ᠡᠪᠯᠡᠯ ᠨᠢ ᠰᠣᠶᠣᠯ ᠲᠠᠮᠢᠷ ᠤᠨ ᠲᠣᠪᠴᠢᠶ᠎ᠠ ᠲᠠᠢ ᠬᠠᠮᠲᠣᠷᠠᠨ  ᠂ ︽7᠂1︾᠎ ᠤ ᠨᠠᠮ ᠪᠠᠶᠢᠭᠤᠯᠣᠭᠳᠠᠭᠰᠠᠨ ᠪᠠᠶᠠᠷ ᠢ ᠪᠡᠯᠭᠡᠯᠡᠬᠦ ᠪᠦᠬᠦ ᠬᠤᠰᠢᠭᠤᠨ ᠤ ᠠᠵᠢᠯᠴᠢᠨ ᠤ ᠳᠡᠭᠡᠰᠦ ᠦᠰᠦᠷᠬᠦ ᠣᠷᠣᠯᠳᠣᠭᠠᠨ ᠡᠷᠬᠢᠯᠡᠨ ᠶᠠᠪᠣᠭᠳᠠᠭᠤᠯᠵᠠᠢ᠃  ᠲᠣᠰ ᠣᠳᠠᠭᠠᠨ ᠤ ᠳᠠᠭᠡᠰᠦ ᠦᠰᠦᠷᠬᠦ ᠣᠷᠣᠯᠳᠣᠭᠠᠨ ᠳᠤ᠂ ᠵᠠᠰᠠᠭ ᠵᠠᠬᠢᠷᠭ᠎ᠠ ᠪᠣᠯᠣᠨ ᠠᠵᠦ ᠠᠬᠤᠢ ᠠᠵᠢᠯ ᠦᠢᠯᠡᠰ ᠤᠨ ᠨᠢᠭᠡᠴᠡ ᠶᠢᠨ 24 ᠲᠦᠯᠦᠭᠡᠯᠡᠭᠴᠢ ᠶᠢᠨ ᠠᠩᠬᠢ ᠣᠷᠣᠯᠴᠠᠵᠠᠢ᠃               ᠬᠤᠷᠴᠠ ᠰᠢᠷᠦᠬᠦᠨ ᠣᠷᠣᠯᠳᠣᠭᠠᠨ ᠪᠠᠷ ᠳᠠᠮᠵᠢᠨ᠂ ᠬᠠᠮᠲᠦ ᠨᠢᠭᠡᠴᠡ ᠶᠢᠨ ᠣᠷᠣᠯᠳᠣᠭᠠᠨ ᠳᠤ ᠬᠠᠢ ᠵᠸᠣ ᠵᠠᠳᠠᠭᠠᠢ ᠨᠡᠭᠦᠷᠡᠰᠦᠨ ᠠᠭᠤᠷᠬᠠᠢ ᠲᠡᠷᠢᠭᠦᠯᠡᠵᠦ᠂ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠣᠷᠭᠠᠭᠤᠯᠢ ᠳᠡᠳ᠋ ᠨᠡᠷ᠎ᠡ ᠳᠤ ᠪᠠᠶᠢᠷᠢᠯᠠᠵᠦ᠂ ᠮᠣᠩᠭᠤᠯ  ᠦᠨᠳᠦᠰᠦᠲᠡᠨ ᠤ ᠳᠣᠮᠳᠠᠳᠦ ᠰᠣᠷᠭᠠᠭᠤᠯᠢ  ᠭᠤᠷᠪᠠᠳᠣᠭᠠᠷ ᠨᠡᠷ᠎ᠡ ᠳᠤ ᠣᠷᠣᠵᠠᠢ ᠃ ᠡᠷᠡᠭᠲᠠᠢ ᠶᠢᠨ ᠳᠣᠭᠤᠶᠢᠯᠠᠩ ᠳᠤ ᠵᠠᠩ ᠾᠧᠩ᠂ ᠦᠨᠳᠦᠰᠦ᠂ ᠰᠦᠩ ᠶᠸᠢ ᠲᠦᠷᠦᠭᠦᠣ ᠭᠤᠷᠪᠠᠨ ᠨᠡᠷ᠎ᠡ ᠳᠤ ᠣᠷᠣᠵᠦ᠂ ᠡᠮᠡᠭᠲᠠᠢ ᠶᠢᠨ ᠳᠣᠭᠤᠶᠢᠯᠠᠩ ᠳᠤ ᠣᠳᠬᠠᠨᠲᠣᠶᠠᠭ᠎ᠠ᠂ ᠹᠦ᠋ ᠶᠠᠨ ᠵᠦᠢ᠂ ᠤᠳᠪᠠᠯ᠎ᠠ ᠲᠦᠷᠦᠭᠦᠣ ᠭᠤᠷᠪᠠ ᠎ ᠳᠤ ᠣᠷᠣᠵᠠᠢ᠃      ᠭᠤᠷᠤᠬᠠᠨ ᠪᠠᠯᠭᠠᠰᠣᠨ ᠤ ᠨᠠᠮ ᠤᠨ ᠬᠡᠰᠢᠬᠦᠨ ᠺᠠᠳ᠋ᠷᠴᠣᠳ ᠪᠤᠯᠤᠨ ᠡᠯ᠎ᠠ ᠭᠠᠴᠠᠭᠠᠨ ᠤ ᠨᠠᠮ  ᠎ ᠤᠨ ᠬᠡᠰᠢᠬᠦᠳ ᠎ ᠨᠢ ᠬᠠᠮᠳᠣ ᠪᠠᠷ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠠᠯᠬᠡᠯᠡᠬᠦ ᠠᠵᠢᠯᠯᠠᠭ᠎ᠠ ᠦᠷᠨᠢᠬᠦᠯᠵᠡᠢ᠃      ᠠᠵᠢᠯᠯᠠᠭᠠᠨ ᠳᠤ ᠭᠤᠷᠤᠬᠠᠨ ᠪᠠᠯᠭᠠᠰᠣᠨ ᠤ ᠨᠠᠮ ᠤᠨ ᠬᠡᠰᠢᠬᠦᠳ ᠬᠠᠮᠳᠣᠪᠠᠷ ᠤᠯᠤᠰ ᠤᠨ ᠲᠤᠭ ᠮᠠᠨᠳᠣᠭᠤᠯᠤᠨ᠂ ᠨᠠᠮ ᠳᠤ ᠤᠷᠤᠬᠤ ᠦᠶᠠᠰ ᠤᠨ ᠲᠠᠩᠭᠠᠷᠢᠭ ᠢᠶᠠᠨ ᠲᠠᠬᠢᠨ ᠡᠷᠬᠢᠴᠠᠬᠦᠯᠦᠭᠰᠠᠨ ᠤ ᠬᠠᠮᠳᠣ᠂ ᠭᠤᠷᠤᠬᠠᠨ ᠪᠠᠯᠭᠠᠰᠣᠨ ᠤ ᠰᠠᠬᠡᠬᠡᠳᠠᠨ ᠤ ᠲᠤᠷᠠᠰᠬᠠᠯ ᠤᠨ ᠤᠷᠳᠣᠨ ᠢ ᠲᠤᠭᠤᠷᠢᠨ ᠦᠵᠡᠵᠦ᠂ ᠨᠠᠮ ᠤᠨ ᠬᠡᠰᠢᠬᠦᠳ ᠎ ᠳᠤ ᠲᠤᠰᠬᠠᠢ ᠪᠤᠯᠪᠠᠰᠣᠷᠠᠯ ᠭᠦᠷᠳᠠᠬᠡᠵᠡᠢ  ᠃      ᠭᠤᠷᠤᠬᠠᠨ ᠪᠠᠯᠭᠠᠰᠣᠨ ᠤ ᠲᠤᠰ ᠤᠳᠠᠭᠠᠨ ᠤ ᠠᠵᠢᠯᠯᠠᠭ᠎ᠠ ᠨᠢ ᠭᠠᠴᠠᠭᠠᠨ ᠤ ᠬᠤᠭᠤᠴᠠᠭ᠎ᠠ ᠬᠠᠯᠠᠬᠤ ᠰᠣᠩᠭᠤᠭᠤᠯᠢ  ᠂ ᠶᠠᠳᠠᠭᠤ ᠶᠢ ᠲᠠᠳᠭᠦᠵᠦ ᠪᠤᠭᠤᠮᠳᠠ ᠰᠢᠪᠳᠣᠯᠠᠬᠤ ᠲᠠᠶᠢᠯᠠᠯᠳᠣᠭᠠᠨ ᠪᠤᠯᠤᠨ ᠦᠬᠡᠷᠴᠢᠯᠠᠯᠳᠠ ᠶᠢ ᠪᠦᠬᠦ ᠲᠠᠯ᠎ᠠ ᠪᠠᠷ ᠭᠦᠨᠵᠡᠬᠡᠶᠢᠷᠡᠬᠦᠯᠬᠦ ᠵᠠᠩᠭᠢᠯᠠᠭ᠎ᠠ ᠶᠢᠨ ᠴᠠᠭ ᠦᠶ᠎ᠠ ᠳᠤ ᠶᠠᠪᠤᠭᠳᠠᠵᠦ᠂ ᠬᠤᠶᠢᠰᠢᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠳᠤ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ  ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号