ᠪᠠᠷᠠᠭᠤᠨ ᠦᠵᠦᠮᠦᠴᠢᠨ ᠬᠤᠰᠢᠭᠤᠨ ᠤ ᠠᠩᠬᠠᠳᠠᠭᠴᠢ ᠣᠳᠠᠭᠠᠨ ᠤ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠡᠷᠡᠬᠦᠯ ᠴᠢᠬᠢᠷᠠᠭ ᠵᠢᠭᠤᠯᠴᠢᠯᠠᠯ᠂ ᠰᠠᠶᠢᠨ ᠰᠠᠶᠢᠬᠠᠨ ᠠᠮᠢᠳᠣᠷᠠᠯ ︾ ᠶᠠᠪᠠᠭᠠᠨ ᠠᠯᠬᠤᠬᠤ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2018-07-02
ᠪᠠᠷᠠᠭᠤᠨ ᠦᠵᠦᠮᠦᠴᠢᠨ ᠬᠤᠰᠢᠭᠤᠨ ᠤ ᠠᠩᠬᠠᠳᠠᠭᠴᠢ ᠣᠳᠠᠭᠠᠨ ᠤ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠡᠷᠡᠬᠦᠯ ᠴᠢᠬᠢᠷᠠᠭ ᠵᠢᠭᠤᠯᠴᠢᠯᠠᠯ᠂ ᠰᠠᠶᠢᠨ ᠰᠠᠶᠢᠬᠠᠨ ᠠᠮᠢᠳᠣᠷᠠᠯ  ︾ ᠶᠠᠪᠠᠭᠠᠨ ᠠᠯᠬᠤᠬᠤ ᠠᠵᠢᠯᠯᠠᠭ᠎ᠠ ᠶᠠᠪᠤᠭᠳᠠᠭᠰᠠᠨ
                                                  6 ᠰᠠᠷ᠎ᠠ ᠶᠢᠨ 27 ᠤ ᠡᠳᠦᠷ ᠮᠠᠨ ᠤ ᠬᠤᠰᠢᠭᠤᠨ ᠤ ᠠᠩᠬᠠᠳᠠᠭᠴᠢ ᠣᠳᠠᠭᠠᠨ ᠤ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂  ᠡᠷᠡᠬᠦᠯ ᠴᠢᠬᠢᠷᠠᠭ ᠵᠢᠭᠤᠯᠴᠢᠯᠠᠯ᠂ ᠰᠠᠶᠢᠨ ᠰᠠᠶᠢᠬᠠᠨ ᠠᠮᠢᠳᠣᠷᠠᠯ  ᠬᠡᠬᠦ ᠭᠤᠤᠯ ᠰᠠᠳᠣᠪᠳᠣ ᠶᠠᠪᠠᠭᠠᠨ   ᠢᠶᠠᠷ ᠠᠶᠠᠯᠠᠬᠤ  ᠠᠵᠢᠯᠯᠠᠭ᠎ᠠ ᠠᠮᠵᠢᠯᠳᠠᠳᠠᠢ ᠶᠠᠪᠤᠭᠳᠠᠯ᠎ᠠ᠃
         5 ᠰᠠᠷ᠎ᠠ ᠶᠢᠨ 15 ᠤ ᠡᠳᠦᠷ ᠮᠠᠨ ᠤ ᠬᠤᠰᠢᠭᠤ ᠨᠢ ᠠᠩᠬᠠᠳᠠᠭᠴᠢ ᠣᠳᠠᠭᠠᠨ ᠤ ᠳᠣᠷᠭᠠᠨ ᠵᠠᠮ ᠳ᠋ᠥᠨᠬᠤᠸᠠᠩ ᠣᠯᠠᠨ ᠣᠯᠣᠰ ᠤᠨ ᠶᠠᠪᠠᠭᠠᠨ ᠠᠯᠬᠤᠬᠤ ᠪᠠᠶᠠᠷ ᠲᠤ ︽ᠠᠷᠪᠠᠨ ᠬᠠᠮᠤᠭ ᠰᠠᠶᠢᠬᠠᠨ ᠶᠠᠪᠠᠭᠠᠨ ᠠᠯᠬᠤᠬᠤ ᠬᠤᠳᠠ︾ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠂ ᠡᠶᠢᠨᠬᠦ ᠬᠠᠮᠤᠭ ᠰᠠᠶᠢᠬᠠᠨ ᠶᠠᠪᠠᠭᠠᠨ ᠠᠯᠬᠤᠬᠤ ᠬᠤᠳᠠ  ᠶᠢᠨ ᠨᠡᠷ᠎ᠡ ᠠᠯᠳᠠᠷᠰᠢᠯ ᠪᠤᠯᠤᠨ ᠨᠦᠯᠦᠬᠡᠯᠡᠯ ᠢ ᠬᠦᠴᠦᠨ ᠢ ᠦᠷᠬᠡᠳᠬᠡᠬᠦ ᠵᠤᠷᠢᠯᠭ᠎ᠠ ᠪᠠᠷ ᠬᠤᠰᠢᠭᠤ ᠰᠤᠶᠤᠯ ᠳᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠬᠤᠰᠢᠭᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠦᠢᠯᠡᠴᠢᠯᠡᠬᠡᠨ ᠤ ᠲᠦᠪ ᠠᠴᠠ ᠭᠤᠤᠯᠯᠠᠨ᠂ ᠬᠤᠰᠢᠭᠤ ᠰᠣᠶᠣᠯ ᠵᠢᠭᠤᠯᠴᠢᠯᠠᠯ ᠤᠨ ᠨᠡᠶᠢᠬᠡᠮᠯᠢᠭ ᠠᠴᠠ ᠳᠠᠭᠠᠭᠴᠢᠯᠠᠵᠤ᠂ ᠦᠵᠦᠮᠦᠴᠢᠨ ᠬᠡᠬᠡᠷ᠎ᠡ ᠭᠠᠳᠠᠨᠠᠬᠢ ᠠᠵᠢᠯᠯᠠᠭᠠᠨ ᠤ ᠨᠡᠶᠢᠬᠡᠮᠯᠢᠭ᠂ ᠮᠤᠩᠭᠤᠯ ᠮᠤᠷᠢ ᠬᠡᠬᠡᠷ᠎ᠡ ᠭᠠᠳᠠᠨᠠᠬᠢ ᠠᠵᠢᠯᠯᠠᠭᠠᠨ ᠤ ᠨᠡᠶᠢᠬᠡᠮᠯᠢᠭ᠂ ᠬᠠᠢ ᠲᠦ᠋ ᠬᠡᠬᠡᠷ᠎ᠡ ᠭᠠᠳᠠᠨᠠᠬᠢ ᠠᠵᠢᠯᠯᠠᠭᠠᠨ ᠤ ᠨᠡᠶᠢᠬᠡᠮᠯᠢᠭ ᠪᠤᠯᠤᠨ ᠠᠵᠢᠨᠠᠢ  ᠶᠠᠪᠠᠭᠠᠨ ᠠᠯᠬᠤᠬᠤ ᠬᠤᠯᠪᠤᠭ᠎ᠠ᠂ ᠯᠠᠨ ᠲᠢᠶᠠᠨ ᠶᠠᠪᠠᠭᠠᠨ ᠠᠯᠬᠤᠬᠤ ᠬᠤᠯᠪᠤᠭ᠎ᠠ ᠠᠴᠠ ᠬᠠᠮᠵᠢᠯᠴᠠᠨ ᠠᠩᠬᠠᠳᠠᠭᠴᠢ ᠣᠳᠠᠭᠠᠨ ᠤ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠡᠷᠡᠬᠦᠯ ᠴᠢᠬᠢᠷᠠᠭ ᠵᠢᠭᠤᠯᠴᠢᠯᠠᠯ᠂ ᠰᠠᠶᠢᠨ ᠰᠠᠶᠢᠬᠠᠨ ᠠᠮᠢᠳᠣᠷᠠᠯ ᠶᠠᠪᠠᠭᠠᠨ ᠠᠯᠬᠤᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠠᠢ᠃
     ᠮᠠᠨ ᠤ ᠬᠤᠰᠢᠭᠤᠨ ᠤ 9 ᠶᠠᠪᠠᠭᠠᠨ ᠠᠯᠬᠤᠬᠤ ᠺᠯᠦ᠋ᠪ᠂ ᠰᠢᠯᠢᠨᠬᠤᠳᠠ ᠶᠢᠨ 2 ᠶᠠᠪᠠᠭᠠᠨ ᠠᠯᠬᠤᠬᠤ ᠺᠯᠦ᠋ᠪ  ᠤᠨ 320 ᠶᠠᠪᠠᠭᠠᠨ ᠠᠯᠬᠤᠬᠤ ᠳᠣᠷ᠎ᠠ ᠪᠠᠭ᠋ᠠᠳᠠᠨ ᠠᠵᠢᠯᠯᠠᠭ᠎ᠠ ᠳᠤ ᠢᠳᠡᠪᠬᠢᠯᠡᠨ ᠤᠷᠤᠯᠴᠠᠵᠠᠢ᠃ ᠦᠷᠯᠦᠬᠡ ᠶᠢᠨ 7 ᠴᠠᠭ ᠲᠤ ᠰᠡᠷᠬᠦᠯᠡᠩ ᠬᠠᠷᠠᠭᠠᠳᠣ ᠵᠢᠭᠤᠯᠴᠢᠯᠠᠯ ᠤᠨ ᠠᠮᠠᠷᠠᠯᠳᠠ ᠶᠢᠨ ᠭᠠᠵᠠᠷ ᠲᠤ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠢ ᠶᠠᠪᠤᠭᠳᠠᠭᠤᠯᠵᠤ᠂ 7  ᠴᠠᠭ 30 ᠮᠢᠨᠦ᠋ᠲ ᠲᠤ ᠶᠠᠪᠠᠭᠠᠨ ᠠᠯᠬᠤᠬᠤ ᠠᠵᠢᠯᠯᠠᠭ᠎ᠠ ᠡᠬᠢᠯᠡᠨ ᠶᠠᠪᠤᠭᠳᠠᠵᠤ ᠂ ᠰᠡᠷᠬᠦᠯᠡᠩ ᠬᠠᠷᠠᠭᠠᠳᠣ ᠦᠵᠡᠮᠵᠢ ᠶᠢᠨ ᠤᠷᠤᠨ ᠬᠦᠷᠳᠡᠯ᠎ᠡ 13 ᠺᠢᠯᠤᠮᠧᠲᠷ ᠠᠯᠬᠤᠭᠰᠠᠨ ᠪᠠᠶᠢᠨ᠎ᠠ᠃
    ᠤᠷᠤᠯᠳᠤᠭᠠᠨ ᠤ ᠳ᠋ᠥᠩ ᠳᠤ ᠮᠠᠨ ᠤ ᠬᠤᠰᠢᠭᠤᠨ ᠤ ᠮᠤᠩᠭᠤᠯ ᠮᠤᠷᠢ ᠶᠠᠪᠠᠭᠠᠨ ᠠᠯᠬᠤᠬᠤ ᠨᠡᠶᠢᠬᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠬᠡᠬᠡᠷ᠎ᠡ ᠭᠠᠳᠠᠨᠠᠬᠢ ᠠᠵᠢᠯᠯᠠᠭᠠᠨ ᠤ ᠨᠡᠶᠢᠬᠡᠮᠯᠢᠭ᠂ ᠮᠠᠨ ᠤ ᠬᠤᠰᠢᠭᠤᠨ ᠤ ᠰᠢᠨ᠎ᠡ ᠬᠦᠳᠡᠭᠡ ᠮᠠᠯᠵᠢᠯ ᠤᠨ ᠬᠤᠷᠰᠢᠶᠠᠵᠢᠯ ᠤᠨ ᠲᠦᠯᠦᠭᠡᠯᠡᠭᠴᠢ ᠶᠢᠨ ᠪᠠᠭ᠂ ᠠᠵᠢᠨᠠᠢ ᠬᠡᠬᠡᠷ᠎ᠡ ᠭᠠᠳᠠᠨᠠᠬᠢ ᠠᠵᠢᠯᠯᠠᠭᠠᠨ ᠤ ᠬᠤᠯᠪᠤᠭ᠎ᠠ᠂ ᠬᠤᠰᠢᠭᠤᠨ ᠤ ᠠᠮᠢ ᠠᠬᠤᠢ ᠬᠠᠮᠠᠭᠠᠯᠠᠯᠠᠳᠠ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠲᠤᠪᠴᠢᠶᠠᠨ ᠤ ᠲᠦᠯᠦᠭᠡᠯᠡᠭᠴᠢ ᠶᠢᠨ ᠪᠠᠭ᠂ ᠯᠠᠨ ᠲᠢᠶᠠᠨ ᠶᠠᠪᠠᠭᠠᠨ ᠠᠯᠬᠤᠬᠤ ᠬᠤᠯᠪᠤᠭ᠎ᠠ ᠪᠤᠯᠤᠨ ᠰᠢᠯᠢᠨᠬᠤᠳᠠ ᠶᠢᠨ ᠳᠠᠯ᠎ᠠ ᠨᠣᠳᠤᠭ ᠢᠶᠠᠷ ᠠᠶᠠᠯᠠᠬᠤ ᠬᠡᠬᠡᠷ᠎ᠡ ᠭᠠᠳᠠᠨᠠᠬᠢ ᠠᠵᠢᠯᠯᠠᠭᠠᠨ ᠤ ᠺᠯᠦ᠋ᠪ᠂ ᠰᠢᠯᠢᠨᠬᠤᠳᠠ ᠶᠢᠨ ᠮᠤᠩᠭᠤᠯ ᠮᠤᠷᠢ ᠬᠡᠬᠡᠷ᠎ᠡ ᠭᠠᠳᠠᠨᠠᠬᠢ ᠠᠵᠢᠯᠯᠠᠭᠠᠨ ᠤ ᠺᠯᠦ᠋ᠪ ᠰᠢᠯᠢᠳᠡᠭ ᠵᠤᠬᠢᠶᠠᠨ ᠪᠠᠶᠢᠭᠤᠯᠤᠭᠰᠠᠨ ᠨᠢᠬᠡᠴᠡ ᠪᠠᠷ ᠦᠨᠡᠯᠡᠭᠳᠡᠭᠰᠡᠨ ᠪᠠᠶᠢᠨ᠎ᠠ᠃ ᠬᠤᠰᠢᠭᠤ ᠳᠡᠳ᠋ ᠳᠠᠷᠤᠭ᠎ᠠ ᠪᠤᠯᠤᠳ ᠠᠵᠢᠯᠯᠠᠭᠠᠨ ᠳᠤ ᠤᠷᠤᠯᠴᠠᠵᠤ᠂ ᠱᠠᠩᠨᠠᠯ ᠬᠦᠷᠳᠡᠭᠰᠡᠳ ᠲᠤ ᠱᠠᠩᠨᠠᠯ ᠭᠠᠷᠳᠠᠭᠤᠯᠵᠠᠢ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号