ᠪᠠᠷᠠᠭᠤᠨ ᠦᠵᠦᠮᠦᠴᠢᠨ ᠬᠤᠰᠢᠭᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠠᠯᠬᠡᠯᠠᠬᠦ  ︽ᠵᠢᠷᠭᠠᠯ ᠨᠦᠬᠦᠷ ᠤᠨ ᠵᠤᠷᠢᠭ ᠰᠠᠨᠠᠭ᠎ᠠ ᠶᠢ ᠰᠣᠷᠣᠯᠴᠠᠵᠦ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠣᠯᠠᠬᠤ ᠲᠠᠶᠢᠯᠠᠯᠳᠣᠭᠠᠨ ᠢ ᠠᠬᠢᠭᠤᠯᠬᠤ︾  ᠨᠠᠶᠢᠳᠠ ᠶᠢᠨ  ᠰᠠᠶᠢᠨ ᠲᠤᠷ᠎ᠠ ᠶᠢᠨ ᠠᠵᠢᠯᠯᠠᠭ᠎ᠠ ᠦᠷᠨᠢᠬᠦᠯᠦᠭᠰᠠᠨ
ᠨᠡᠶᠢᠲᠡᠯᠡᠭᠰᠡᠨ ᠴᠠᠭ᠄
2018-07-02
ᠪᠠᠷᠠᠭᠤᠨ ᠦᠵᠦᠮᠦᠴᠢᠨ ᠬᠤᠰᠢᠭᠤ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠠᠯᠬᠡᠯᠠᠬᠦ  ︽ᠵᠢᠷᠭᠠᠯ ᠨᠦᠬᠦᠷ ᠤᠨ ᠵᠤᠷᠢᠭ ᠰᠠᠨᠠᠭ᠎ᠠ ᠶᠢ ᠰᠣᠷᠣᠯᠴᠠᠵᠦ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠣᠯᠠᠬᠤ ᠲᠠᠶᠢᠯᠠᠯᠳᠣᠭᠠᠨ ᠢ ᠠᠬᠢᠭᠤᠯᠬᠤ︾  ᠨᠠᠶᠢᠳᠠ ᠶᠢᠨ  ᠰᠠᠶᠢᠨ ᠲᠤᠷ᠎ᠠ ᠶᠢᠨ ᠠᠵᠢᠯᠯᠠᠭ᠎ᠠ ᠦᠷᠨᠢᠬᠦᠯᠦᠭᠰᠠᠨ                  
   6 ᠰᠠᠷ᠎ᠡ ᠶᠢᠨ 30 ᠤ ᠡᠳᠦᠷ᠂  ᠪᠠᠷᠠᠭᠤᠨ  ᠦᠵᠦᠮᠦᠴᠢᠨ ᠬᠤᠰᠢᠭᠤ ᠨᠢ  ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ  ᠪᠠᠯᠬᠡᠯᠡᠬᠦ ᠵᠢᠷᠭᠠᠯ ᠨᠦᠬᠦᠷ ᠤᠨ ᠵᠤᠷᠢᠭ ᠰᠠᠨᠠᠭ᠎ᠠ ᠶᠢ ᠰᠣᠷᠣᠯᠴᠠᠵᠦ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠣᠯᠠᠬᠤ ᠲᠠᠶᠢᠯᠠᠯᠳᠣᠭᠠᠨ ᠢ ᠠᠬᠢᠭᠤᠯᠬᠤ ᠨᠠᠶᠢᠳᠠ ᠶᠢᠨ ᠰᠠᠶᠢᠨ ᠲᠤᠷ᠎ᠠ ᠶᠢᠨ ᠠᠵᠢᠯᠯᠠᠭ᠎ᠠ ᠦᠷᠨᠢᠬᠦᠯᠵᠦ  ᠂ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠪᠠᠯᠬᠡᠯᠠᠨ  ᠂  ︽ᠵᠢᠷᠭᠠᠯ ᠨᠦᠬᠦᠷ  ᠤᠨ ᠵᠤᠷᠢᠭ ᠰᠠᠨᠠᠭ᠎ᠠ ᠶᠢ ᠰᠣᠷᠣᠯᠴᠠᠨ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠣᠯᠠᠬᠤ ᠲᠠᠶᠢᠯᠠᠯᠳᠣᠭᠠᠨ  ᠢ ᠠᠬᠢᠭᠤᠯᠬᠤ︾ ᠨᠠᠶᠢᠳᠠ ᠶᠢᠨ ᠠᠵᠢᠯᠯᠠᠭ᠎ᠠ ᠪᠠᠨ ᠡᠬᠢᠯᠠᠬᠦᠯᠵᠡᠢ  ᠃
    ᠠᠵᠢᠯᠯᠠᠭᠠᠨ ᠤ ᠠᠬᠤᠢ ᠲᠠᠯᠠᠪᠤᠷ ᠲᠤ ᠠᠬᠠᠮᠠᠳ ᠨᠠᠮ ᠤᠨ ᠬᠡᠰᠢᠬᠦᠨ ᠠᠯᠳᠠᠨᠪᠠᠯ ᠤᠨ ᠲᠠᠭᠠᠭᠤᠯᠭ᠎ᠠ ᠲᠤᠤᠷ᠎ᠠ  ᠂ 128 ᠨᠠᠷ᠎ᠠ ᠰᠢᠨ᠎ᠠ ᠨᠠᠮ ᠤᠨ ᠬᠡᠰᠢᠬᠦᠳ ᠬᠠᠮᠳᠣ ᠪᠠᠷ ᠲᠠᠩᠭᠠᠷᠢᠭᠯᠠᠨ᠂ ᠡᠪ ᠬᠠᠮᠳᠣ ᠶᠢᠨ ᠦᠢᠯᠠᠰ ᠤᠨ ᠲᠦᠯᠤᠬᠡ ᠨᠠᠰᠣᠨ ᠲᠤᠷᠰᠢᠳᠠ ᠪᠠᠨ ᠴᠢᠷᠮᠠᠶᠢᠨ ᠵᠢᠳᠬᠦᠬᠦ ᠵᠤᠷᠢᠭ ᠢᠳᠠᠬᠡᠯ ᠢᠶᠠᠨ ᠢᠯᠠᠳᠬᠡᠵᠡᠢ᠃ ᠠᠬᠠᠮᠠᠳ ᠨᠠᠮ ᠤᠨ ᠬᠡᠰᠢᠬᠦᠨ  ᠠᠴᠠ ᠨᠠᠮ ᠳᠤ ᠤᠷᠤᠬᠤ ᠦᠶᠠᠰ ᠤᠨ ᠲᠠᠩᠭᠠᠷᠢᠭ ᠢᠶᠠᠨ ᠲᠠᠬᠢᠨ ᠡᠷᠬᠢᠴᠠᠬᠦᠯᠵᠦ᠂ ᠨᠠᠮ ᠢᠶᠠᠨ ᠬᠠᠶᠢᠷᠠᠯᠠᠬᠤ ᠬᠦᠨ ᠵᠤᠵᠠᠭᠠᠨ ᠬᠠᠶᠢᠷ᠎ᠠ ᠰᠠᠳᠬᠢᠯᠬᠡ ᠪᠠᠨ ᠢᠯᠠᠳᠬᠡᠨ᠂ ᠨᠠᠮ ᠤᠨ ᠬᠡᠰᠢᠬᠦᠳ ᠤᠨ ᠡᠭᠦᠷᠬᠡ ᠬᠠᠷᠢᠭᠤᠴᠠᠯᠭ᠎ᠠ ᠪᠠᠨ ᠪᠠᠳᠣ ᠴᠠᠬᠡᠵᠢᠯᠠᠵᠦ᠂ ᠪᠦᠬᠦ ᠬᠤᠰᠢᠭᠤᠨ ᠤ ᠡᠯ᠎ᠠ ᠲᠦᠷᠦᠯ ᠤᠨ ᠠᠵᠢᠯ ᠦᠢᠯᠠᠰ ᠢ ᠬᠤᠪᠢ ᠨᠠᠮᠠᠷᠢ ᠪᠠᠨ ᠦᠵᠡᠬᠦᠯᠬᠦ ᠶᠢ ᠤᠷᠢᠶᠠᠯᠠᠨ ᠲᠠᠶᠢᠴᠢᠯᠠᠭᠰᠠᠨ ᠪᠠᠶᠢᠨ᠎ᠠ  ᠃
      ᠭᠤᠷᠤᠬᠠᠨ ᠪᠠᠯᠭᠠᠰᠣᠨ ᠤ ᠪᠠᠶᠠᠨᠬᠠᠶᠢᠯᠠᠰᠣᠳᠠᠢ ᠭᠠᠴᠠᠭᠠᠨ ᠤ ᠮᠠᠯᠴᠢᠨ ᠪᠤᠶᠠᠨᠪᠠᠳᠣ᠂ ᠬᠤᠰᠢᠭᠤ ᠨᠢᠬᠡᠳᠣᠬᠡᠷ ᠪᠠᠭ᠎ᠠ ᠰᠣᠷᠭᠠᠭᠤᠯᠢ ᠶᠢᠨ ᠨᠠᠮ ᠤᠨ ᠬᠡᠰᠢᠬᠦᠨ ᠪᠠᠢ ᠶᠠᠨ ᠯᠢᠩ ᠰᠢᠨ᠎ᠠ ᠨᠠᠮ ᠤᠨ ᠬᠡᠰᠢᠬᠦᠳ ᠢ ᠲᠦᠯᠤᠬᠡᠯᠠᠨ ᠤᠪᠤᠷ  ᠢᠶᠠᠨ ᠢᠯᠠᠳᠬᠡᠵᠡᠢ᠃      ᠠᠵᠢᠯᠯᠠᠭᠠᠨ ᠳᠤ ᠪᠠᠰᠠ ᠪᠦᠬᠦ ᠤᠯᠤᠰ ᠤᠨ ᠶᠤᠰᠣ ᠰᠣᠷᠳᠠᠬᠤᠨ ᠤ ᠵᠢᠱᠢᠶᠠᠴᠢ᠂ ᠪᠦᠬᠦ ᠤᠯᠤᠰ ᠤᠨ ᠰᠢᠯᠢᠳᠡᠭ ᠨᠠᠮ ᠤᠨ ᠬᠡᠰᠢᠬᠦᠨ᠂ ᠦᠷᠡᠭᠳᠡᠭᠰᠠᠨ ᠪᠠᠭᠠᠳᠣᠷ ᠵᠢᠷᠭᠠᠯ ᠤᠨ ᠲᠠᠷᠢᠬᠦᠨ ᠤ ᠦᠢᠯᠠ ᠠᠵᠢᠯᠯᠠᠭ᠎ᠠ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠭᠰᠠᠨ ᠤ ᠬᠠᠮᠳᠣ᠂ ᠵᠢᠷᠭᠠᠯ ᠨᠦᠬᠦᠷ ᠢ ᠲᠤᠷᠠᠰᠣᠨ ᠰᠠᠨᠠᠭᠠᠯᠵᠠᠬᠤ ᠰᠢᠯᠦᠭ ᠢ ᠤᠶᠠᠩᠭᠠᠯᠠᠭᠰᠠᠨ ᠪᠠᠶᠢᠨ᠎ᠠ  ᠃     ᠠᠵᠢᠯᠯᠠᠭᠠᠨ ᠳᠤ ︽ᠵᠢᠷᠭᠠᠯ ᠨᠦᠬᠦᠷ ᠤᠨ ᠵᠤᠷᠢᠭ ᠰᠠᠨᠠᠭ᠎ᠠ ᠪᠠᠷ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠣᠯᠠᠬᠤ ᠨᠠᠶᠢᠳᠠ ᠶᠢᠨ ᠰᠠᠶᠢᠨ ᠲᠤᠷ᠎ᠠ ᠶᠢᠨ ᠠᠵᠢᠯᠯᠠᠭᠠᠨ  ︾ ᠤ ᠰᠠᠨᠠᠭᠠᠴᠢᠯᠠᠭ᠎ᠠ ᠶᠢᠨ ᠪᠢᠴᠢᠭ ᠢ ᠤᠯᠠᠮᠵᠢᠯᠠᠨ ᠨᠠᠶᠢᠳᠠᠯᠠᠵᠡᠢ᠃
          ᠤᠶᠢᠯᠠᠭᠠᠭᠰᠠᠨ ᠢᠶᠠᠷ ︽ᠵᠢᠷᠭᠠᠯ ᠰᠠᠶᠢᠨ ᠲᠤᠷ᠎ᠠ ᠶᠢᠨ ᠦᠢᠯᠠᠴᠢᠯᠠᠬᠡᠨ ᠤ ᠠᠩᠬᠢ︾ ᠨᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠠᠰ᠂ ᠵᠤᠬᠢᠶᠠᠨ ᠪᠠᠶᠢᠭᠤᠯᠬᠤ ᠬᠡᠯᠳᠠᠰ᠂ ᠭᠤᠷᠤᠬᠠᠨ ᠪᠠᠯᠭᠠᠰᠣᠨ ᠤ ᠨᠠᠮ ᠤᠨ ᠬᠤᠷᠢᠶ᠎ᠠ᠂ ᠵᠢᠷᠭᠠᠯ ᠨᠦᠬᠦᠷ ᠤᠨ ᠲᠦᠷᠦᠯ ᠰᠠᠳᠣᠨ᠂ ᠬᠠᠮᠳᠣ ᠠᠵᠢᠯᠳᠠᠨ  ᠂ ᠨᠠᠶᠢᠵᠠ ᠨᠦᠬᠦᠳ ᠵᠢᠴᠢ ᠵᠢᠷᠭᠠᠯ ᠨᠦᠬᠦᠷ ᠤᠨ ᠲᠠᠷᠢᠬᠦᠨ ᠤ ᠦᠢᠯᠠ ᠠᠵᠢᠯᠯᠠᠭᠠᠨ ᠤ ᠮᠠᠳᠠᠬᠦᠯᠤᠯᠳᠠ ᠶᠢᠨ ᠪᠦᠯᠬᠦᠮ ᠤᠨ ᠬᠡᠰᠢᠬᠦᠨ ᠢᠶᠠᠷ ᠪᠦᠷᠢᠯᠳᠣᠵᠦ᠂ ᠵᠢᠷᠭᠠᠯ ᠨᠦᠬᠦᠷ ᠤᠨ ᠲᠠᠷᠢᠬᠦᠨ ᠤ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠪᠠᠷ ᠵᠤᠷᠢᠯᠳᠠ ᠪᠠᠨ ᠪᠤᠯᠭᠠᠵᠦ᠂ ᠬᠤᠰᠢᠭᠤ ᠤᠯᠠᠭᠠᠨ ᠵᠠᠭᠠᠯᠮᠠᠶᠢᠳᠠᠨ ᠤ ᠨᠠᠶᠢᠬᠡᠮᠯᠢᠭ ᠠᠴᠠ ︽ᠵᠢᠷᠭᠠᠯ ᠶᠠᠳᠠᠭᠤ ᠭᠦᠴᠢᠷᠳᠠᠯᠳᠠᠢ ᠶᠢ ᠲᠠᠳᠭᠦᠨ ᠲᠠᠮᠵᠢᠬᠦ ᠪᠠᠩᠬᠢ ᠶᠢᠨ ᠺᠠᠷᠲ︾  ᠶᠢ ᠪᠠᠶᠢᠭᠤᠯᠤᠨ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠣᠯᠠᠬᠤ ᠠᠵᠢᠯ ᠳᠤ ᠲᠠᠮᠵᠢᠯᠬᠡ ᠦᠵᠡᠬᠦᠯᠵᠦ᠂ ᠭᠦᠨᠳᠣ ᠡᠪᠡᠳᠴᠢᠳᠠᠨ᠂  ᠭᠦᠨᠳᠣ ᠨᠤᠴᠢᠳᠠᠢ ᠭᠠᠢ ᠭᠠᠮᠰᠢᠭ  ᠪᠤᠯᠤᠨ  ᠬᠡᠷᠡᠭ ᠶᠠᠪᠤᠳᠠᠯ  ᠲᠤᠬᠢᠶᠠᠯᠳᠣᠭᠰᠠᠨ ᠶᠠᠳᠠᠭᠤ ᠭᠦᠴᠢᠷᠳᠠᠯᠳᠠᠢ ᠬᠡᠷ ᠪᠦᠯᠢ ᠳᠤ ᠵᠤᠷᠢᠭᠤᠯᠤᠭᠰᠠᠨ ᠪᠠᠶᠢᠨ᠎ᠠ  ᠃
   ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠠᠰ ᠤᠨ ᠲᠠᠷᠤᠭ᠎ᠠ ᠤᠯᠠᠭᠠᠨ ᠠᠴᠠ ᠵᠢᠷᠭᠠᠯ ᠰᠠᠶᠢᠨ ᠲᠤᠷ᠎ᠠ ᠶᠢᠨ ᠦᠢᠯᠠᠴᠢᠯᠠᠬᠡᠨ ᠤ ᠠᠩᠬᠢ ᠳᠤ ᠲᠤᠭ ᠤᠯᠭᠤᠨ᠂ ᠠᠵᠢᠯᠯᠠᠭᠠᠨ ᠳᠤ ᠤᠷᠤᠯᠴᠠᠭᠰᠠᠳ ᠨᠢ ᠠᠬᠤᠢ ᠲᠠᠯᠠᠪᠤᠷ ᠳᠤ 124285.00 ᠲᠦᠮᠠᠨ ᠲᠦᠭᠦᠷᠡᠭ ᠬᠠᠨᠳᠢᠪᠯᠠᠭᠰᠠᠨ ᠪᠠᠶᠢᠨ᠎ᠠ  ᠃
        ᠠᠬᠤᠢ ᠲᠠᠯᠠᠪᠤᠷ ᠲᠤ ︽ᠵᠢᠷᠭᠠᠯ ᠨᠦᠬᠦᠷ ᠤᠨ ᠵᠤᠷᠢᠭ ᠰᠠᠨᠠᠭ᠎ᠠ ᠶᠢ ᠰᠣᠷᠣᠯᠴᠠᠵᠦ  ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠣᠯᠠᠬᠤ ᠲᠠᠶᠢᠯᠠᠯᠳᠣᠭᠭᠠᠨ ᠢ ᠠᠬᠢᠭᠤᠯᠬᠤ︾ ᠰᠠᠶᠢᠨ ᠲᠤᠷ᠎ᠠ ᠶᠢᠨ ᠠᠵᠢᠯᠯᠠᠭ᠎ᠠ ᠶᠢ ᠡᠬᠢᠯᠠᠬᠦᠯᠵᠦ  ᠂ ᠲᠠᠪᠤᠨ ᠶᠠᠳᠠᠭᠤ ᠭᠦᠴᠢᠷᠳᠠᠯᠳᠠᠢ ᠡᠷᠣᠬᠡ ᠳᠤ ᠲᠤᠰᠠᠯᠠᠮᠵᠢ ᠦᠵᠡᠬᠦᠯᠵᠡᠢ  ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号