ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠡᠯ᠎ᠠ ᠬᠢᠨᠠᠨ ᠪᠠᠶᠢᠴᠠᠭᠠᠬᠤ ᠲᠤᠭᠤᠶᠢᠯᠠᠩ  ᠨᠢ ᠰᠣᠮᠤ ᠪᠠᠯᠭᠠᠰᠣᠨ ᠤ ᠨᠠᠮ ᠤᠨ ᠬᠤᠷᠢᠶ᠎ᠠ ᠶᠢ ᠬᠢᠨᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2018-07-23
ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠡᠯ᠎ᠠ ᠬᠢᠨᠠᠨ ᠪᠠᠶᠢᠴᠠᠭᠠᠬᠤ ᠲᠤᠭᠤᠶᠢᠯᠠᠩ ᠨᠢ ᠰᠣᠮᠤ ᠪᠠᠯᠭᠠᠰᠣᠨ ᠤ ᠨᠠᠮ ᠤᠨ ᠬᠤᠷᠢᠶ᠎ᠠ ᠶᠢ ᠬᠢᠨᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠣᠭᠰᠠᠨ                    ᠦᠢᠷ᠎ᠡ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠡᠯ᠎ᠠ ᠬᠢᠨᠠᠨ ᠪᠠᠶᠢᠴᠠᠭᠠᠬᠤ ᠲᠤᠭᠤᠶᠢᠯᠠᠩ ᠨᠢ ᠰᠣᠮᠤ ᠪᠠᠯᠭᠠᠰᠣᠨ ᠤ ᠨᠠᠮ ᠤᠨ ᠬᠤᠷᠢᠶ᠎ᠠ ᠶᠢ ᠬᠢᠨᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠣᠵᠡᠢ  ᠃      ᠲᠠᠶᠢᠴᠢᠯᠠᠯᠳᠠ ᠶᠢᠨ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠡᠯ᠎ᠠ ᠬᠢᠨᠠᠨ ᠪᠠᠶᠢᠴᠠᠭᠠᠬᠤ ᠲᠤᠭᠤᠶᠢᠯᠠᠩ  ᠠᠴᠠ ᠲᠤᠰ ᠤᠳᠠᠭᠠᠨ ᠤ ᠬᠢᠨᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠤᠭᠳᠠᠯ  ᠂ ᠪᠤᠳᠠᠳᠠᠢ ᠡᠭᠦᠷᠬᠡ  ᠂ ᠬᠢᠨᠠᠨ ᠪᠠᠶᠢᠴᠠᠭᠠᠬᠤ ᠠᠷᠭ᠎ᠠ ᠬᠡᠯᠪᠡᠷᠢ ᠵᠡᠷᠬᠡ ᠠᠭᠤᠯᠭ᠎ᠠ ᠳᠤ ᠨᠠᠷᠢᠨ ᠲᠠᠶᠢᠯᠪᠤᠷᠢᠯᠠᠯᠳᠠ ᠬᠢᠭᠰᠡᠨ ᠤ ᠬᠠᠮᠳᠣ  ᠂ ᠦᠵᠡᠯ ᠲᠠᠨᠢᠯᠳᠠ ᠪᠠᠨ ᠨᠢᠬᠡᠳᠬᠡᠨ᠂ ᠬᠢᠨᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠤᠭᠳᠠᠯ ᠢ ᠬᠦᠢᠴᠠᠳ ᠲᠠᠨᠢᠵᠦ᠂ ᠭᠤᠤᠯᠳᠠᠯᠭ᠎ᠠ ᠶᠢ ᠲᠤᠪᠤᠶᠢᠯᠭᠠᠨ᠂ ᠡᠭᠦᠷᠬᠡ ᠬᠠᠷᠢᠭᠤᠴᠠᠯᠭ᠎ᠠ ᠪᠠᠨ ᠴᠢᠩᠭᠠᠳᠬᠠᠵᠦ᠂ ᠬᠢᠨᠠᠨ ᠪᠠᠶᠢᠴᠠᠭᠠᠬᠤ ᠠᠵᠢᠯ ᠢ ᠡᠮᠬᠢ ᠲᠠᠷᠠᠭ᠎ᠠ ᠲᠠᠢ ᠯᠠᠪᠳᠠᠭᠤᠨ ᠢᠶᠠᠷ ᠦᠷᠨᠢᠬᠦᠯᠦᠨ᠂ ᠬᠢᠨᠠᠨ ᠪᠠᠶᠢᠴᠭᠠᠬᠤ ᠠᠵᠢᠯ  ᠡᠭᠦᠷᠬᠡ ᠶᠢ ᠰᠠᠶᠢᠳᠣᠷ ᠪᠠᠶᠠᠯᠠᠬᠦᠯᠬᠦ ᠬᠡᠷᠡᠭᠳᠠᠢ ᠬᠡᠵᠦ ᠱᠠᠭᠠᠷᠳᠠᠵᠡᠢ  ᠃      ᠬᠤᠷᠠᠯ ᠠᠴᠠ ᠪᠠᠰᠠ᠂ ᠡᠯ᠎ᠠ ᠰᠣᠮᠤ ᠪᠠᠯᠭᠠᠰᠣ ᠨᠢ ᠲᠦᠪ ᠦᠪᠡᠷᠳᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ  ᠂ ᠠᠶᠢᠮᠠᠭ ᠤᠨ ᠨᠠᠮ ᠤᠨ ᠬᠤᠷᠢᠶ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠬᠢᠨᠠᠨ ᠪᠠᠶᠢᠴᠠᠭᠠᠬᠤ ᠠᠵᠢᠯ  ᠤᠨ ᠰᠢᠨ᠎ᠠ ᠵᠤᠷᠢᠭ ᠰᠠᠨᠠᠭ᠎ᠠ ᠰᠢᠨ᠎ᠠ ᠱᠠᠭᠠᠷᠳᠠᠯᠭ᠎ᠠ ᠶᠢ ᠭᠦᠨᠵᠡᠬᠡᠢ ᠰᠣᠷᠤᠯᠴᠠᠨ ᠲᠤᠤᠱᠯᠠᠭᠤᠯᠵᠦ᠂ ᠬᠠᠮᠢᠶᠠᠳᠠᠢ ᠠᠵᠢᠯ  ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠵᠢᠭᠤᠯᠤᠨ᠂ ᠤᠬᠠᠮᠰᠠᠷ ᠠᠴᠠ ᠪᠠᠨ ᠬᠢᠨᠠᠨ ᠪᠠᠶᠢᠴᠠᠭᠠᠯᠳᠠ ᠭᠦᠯᠢᠶᠠᠬᠦ ᠤᠯᠤᠰ ᠲᠦᠷᠦ ᠶᠢᠨ ᠤᠬᠠᠮᠰᠠᠷ ᠢᠶᠠᠨ ᠲᠡᠭᠡᠭᠰᠢᠯᠠᠬᠦᠯᠵᠦ᠂ ᠬᠢᠨᠠᠨ ᠪᠠᠶᠢᠴᠠᠭᠠᠬᠤ ᠲᠤᠭᠤᠶᠢᠯᠠᠩ ᠤᠨ ᠠᠵᠢᠯ ᠢ ᠪᠦᠬᠦ ᠲᠠᠯ᠎ᠠ ᠪᠠᠷ ᠬᠠᠮᠵᠢᠯᠴᠠᠬᠤ ᠬᠡᠷᠡᠭᠳᠠᠢ ᠬᠡᠵᠡᠢ  ᠃      ᠡᠯ᠎ᠠ ᠰᠣᠮᠤ ᠪᠠᠯᠭᠠᠰᠣᠨ ᠤ ᠬᠠᠷᠢᠭᠤᠴᠠᠯᠭᠠᠳᠠᠨ ᠠᠴᠠ ᠬᠢᠨᠠᠨ ᠪᠠᠶᠢᠴᠠᠭᠠᠬᠤ ᠡᠯ᠎ᠡ ᠲᠦᠷᠦᠯ   ᠤᠨ ᠠᠵᠢᠯ ᠳᠤ ᠰᠠᠶᠢᠳᠣᠷ ᠬᠠᠮᠵᠢᠯᠴᠠᠬᠤ ᠪᠠᠨ ᠢᠯᠠᠷᠬᠡᠶᠢᠯᠡᠭᠰᠠᠨ ᠤ ᠬᠠᠮᠳᠣ᠂ ᠦᠵᠡᠯ ᠲᠠᠨᠢᠯᠳᠠ ᠪᠠᠨ ᠲᠡᠭᠡᠭᠰᠢᠯᠠᠬᠦᠯᠦᠨ  ᠂ ᠬᠢᠨᠠᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠭᠦᠨᠵᠡᠬᠡᠢ ᠲᠠᠨᠢᠵᠦ᠂  ᠬᠢᠨᠠᠨ ᠪᠠᠶᠢᠴᠠᠭᠠᠬᠤ ᠲᠤᠭᠤᠶᠢᠯᠠᠩ ᠲᠠᠢ ᠢᠳᠠᠪᠬᠢᠳᠠᠢ ᠬᠠᠮᠵᠢᠯᠴᠠᠨ᠂  ᠬᠢᠨᠠᠨ ᠪᠠᠶᠢᠴᠠᠭᠠᠬᠤ ᠠᠵᠢᠯ ᠢ ᠤᠷᠤᠭᠰᠢᠳᠠᠢ ᠦᠷᠨᠢᠬᠦᠯᠬᠦ ᠳᠤ ᠰᠢᠯᠢᠳᠡᠭ ᠤᠷᠴᠢᠨ ᠨᠦᠬᠦᠴᠠᠯ ᠢ ᠬᠠᠩᠭᠠᠨ᠎ᠠ ᠬᠡᠵᠡᠢ  ᠃      ᠲᠠᠶᠢᠴᠢᠯᠠᠯᠳᠠ ᠶᠢᠨ ᠬᠤᠷᠠᠯ ᠳᠤ ᠪᠠᠰᠠ ᠡᠯ᠎ᠠ ᠰᠣᠮᠤ ᠪᠠᠯᠭᠠᠰᠣᠨ ᠤ ᠨᠠᠮ ᠤᠨ ᠬᠤᠷᠢᠶᠠᠨ ᠤ ᠤᠳᠣᠷᠢᠳᠬᠤ ᠪᠠᠭ  ᠂ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠤᠳᠣᠷᠢᠳᠬᠤ ᠪᠠᠭ  ᠪᠤᠯᠤᠨ ᠨᠠᠮ ᠤᠨ ᠬᠤᠷᠢᠶᠠᠨ ᠤ ᠤᠳᠣᠷᠢᠳᠬᠤ ᠪᠠᠭ ᠤᠨ ᠬᠡᠰᠢᠬᠦᠳ ᠲᠤ ᠠᠷᠠᠳᠴᠢᠯᠠᠭᠰᠠᠨ ᠦᠨᠠᠯᠠᠯᠳᠠ ᠬᠢᠵᠡᠢ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号