ᠲᠠᠪᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ︽ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠰᠤᠶᠤᠯ ᠤᠨ ᠨᠠᠶᠢᠷ︾ ᠵᠢᠴᠢ ᠵᠢᠷᠭᠠᠯᠠᠩᠳᠤ ᠲᠠᠯ᠎ᠠ ᠨᠤᠳᠤᠭ ᠰᠢᠯᠢ ᠶᠢᠨ ᠭᠤᠤᠯ᠂ ᠮᠤᠩᠭᠤᠯ ᠪᠦᠬᠡ ᠶᠢᠨ ᠴᠦᠷᠭᠦᠯᠡᠭᠡ ᠪᠠᠷᠢᠯᠳᠤᠭᠠᠨ᠂ ︽ᠵᠦᠩ ᠶᠦᠨ ᠬᠤᠨᠳᠠᠭᠠᠳᠤ︾ ᠤᠯᠠᠨ ᠤᠯᠤᠰ ᠤᠨ ᠠᠳᠤᠭᠤᠨ ᠰᠤᠶᠤᠯ ᠤᠨ ᠭᠡᠷᠡᠯ ᠵᠢᠷᠤᠭᠴᠢᠳ ᠤᠨ ︽ᠲᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ ︾ ᠳᠠᠬᠢ ᠲᠤᠮᠤ ᠬᠡᠯᠪᠡᠷᠢ ᠶᠢᠨ ᠵᠢᠷᠤᠭᠯᠠᠨ ᠰᠡᠭᠦᠳᠡᠷᠯᠡᠬᠦ  ᠠᠵᠢᠯᠯᠠᠭ᠎ᠠ ᠠᠮᠵᠢᠯᠳᠠᠳᠠᠢ ᠶᠠᠪᠤᠭᠳᠠᠵᠣ ᠥᠩᠭᠡᠷᠡᠯ᠎ᠡ
ᠨᠡᠶᠢᠲᠡᠯᠡᠭᠰᠡᠨ ᠴᠠᠭ᠄
2018-07-23
ᠲᠠᠪᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ︽ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠰᠤᠶᠤᠯ ᠤᠨ ᠨᠠᠶᠢᠷ︾ ᠵᠢᠴᠢ ᠵᠢᠷᠭᠠᠯᠠᠩᠳᠤ ᠲᠠᠯ᠎ᠠ ᠨᠤᠳᠤᠭ ᠰᠢᠯᠢ ᠶᠢᠨ ᠭᠤᠤᠯ᠂ ᠮᠤᠩᠭᠤᠯ ᠪᠦᠬᠡ  ᠶᠢᠨ ᠴᠦᠷᠭᠦᠯᠡᠭᠡ ᠪᠠᠷᠢᠯᠳᠤᠭᠠᠨ᠂ ︽ᠵᠦᠩ ᠶᠦᠨ ᠬᠤᠨᠳᠠᠭᠠᠳᠤ︾ ᠤᠯᠠᠨ ᠤᠯᠤᠰ ᠤᠨ ᠠᠳᠤᠭᠤᠨ ᠰᠤᠶᠤᠯ ᠤᠨ ᠭᠡᠷᠡᠯ ᠵᠢᠷᠤᠭᠴᠢᠳ ᠤᠨ ︽ᠲᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠳᠠᠬᠢ ᠲᠤᠮᠤ ᠬᠡᠯᠪᠡᠷᠢ ᠶᠢᠨ ᠵᠢᠷᠤᠭᠯᠠᠨ ᠰᠡᠭᠦᠳᠡᠷᠯᠡᠬᠦ  ᠠᠵᠢᠯᠯᠠᠭ᠎ᠠ ᠠᠮᠵᠢᠯᠳᠠᠳᠠᠢ ᠶᠠᠪᠤᠭᠳᠠᠵᠣ ᠥᠩᠭᠡᠷᠡᠯ᠎ᠡ                    
     ᠨᠠᠷᠠ ᠬᠤᠷ᠎ᠠ ᠲᠡᠩᠴᠡᠭᠰᠠᠨ ᠨᠠᠯᠠᠭᠠᠷ ᠵᠣᠨ ᠤ ᠤᠯᠠᠷᠢᠯ ᠳᠤ ᠨᠠᠭᠠᠳᠤᠮᠴᠢᠨ ᠤᠯᠠᠨ ᠢᠶᠠᠨ ᠪᠠᠶᠠᠰᠬᠠᠭᠰᠠᠨ ᠲᠠᠪᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ︽ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠠᠳᠤᠭᠤᠨ  ᠤ ᠰᠤᠶᠤᠯ ᠤᠨ ᠨᠠᠶᠢᠷ︾ ᠵᠢᠴᠢ ᠵᠢᠷᠭᠠᠯᠠᠩᠳᠤ ᠲᠠᠯ᠎ᠠ ᠨᠤᠳᠤᠭ ᠰᠢᠯᠢ ᠶᠢᠨ ᠭᠤᠤᠯ᠂ ᠮᠤᠩᠭᠤᠯ ᠪᠦᠬᠡ ᠶᠢᠨ ᠴᠦᠷᠭᠦᠯᠡᠭᠡ ᠪᠠᠷᠢᠯᠳᠤᠭᠠᠨ᠂ ︽ᠵᠦᠩ ᠶᠦᠨ ᠬᠤᠨᠳᠠᠭᠠᠳᠤ︾ ᠤᠯᠠᠨ ᠤᠯᠤᠰ ᠤᠨ ᠠᠳᠤᠭᠤᠨ ᠰᠤᠶᠤᠯ ᠤᠨ ᠭᠡᠷᠡᠯ ᠵᠢᠷᠤᠭᠴᠢᠳ ᠤᠨ ︽ᠲᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠳᠠᠬᠢ ᠲᠤᠮᠤ ᠬᠡᠯᠪᠡᠷᠢ ᠶᠢᠨ ᠵᠢᠷᠤᠭᠯᠠᠨ ᠰᠡᠭᠦᠳᠡᠷᠯᠡᠬᠦ ᠠᠵᠢᠯᠯᠠᠭ᠎ᠠ ᠵᠢᠴᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠮᠦ᠋ᠴᠢᠷ ᠪᠠᠶᠢᠭᠤᠯᠤᠭᠳᠠᠭᠰᠠᠨ60 ᠵᠢᠯ ᠤᠨ ᠤᠢ ᠶᠢ ᠪᠠᠯᠬᠡᠯᠠᠬᠦ ᠭᠦᠳᠠᠯᠬᠡᠬᠡᠨ ᠦᠪᠡᠳᠡᠭᠰᠢ ᠶᠡᠬᠡᠪᠡᠷ ᠶᠠᠪᠤᠭᠳᠠᠵᠤ ᠦᠩᠭᠡᠷᠡᠯ᠎ᠡ᠃
         ᠲᠤᠰ ᠤᠳᠠᠭᠠᠨ ᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠠᠷᠡᠳ ᠤᠨ ᠵᠠᠰᠠᠭ ᠤᠨ ᠤᠷᠳᠣᠨ᠂ ᠲᠤᠮᠳᠠᠳᠣ ᠤᠯᠤᠰ ᠤᠨ  ᠠᠳᠣᠭᠤᠨ ᠤ ᠨᠠᠶᠢᠬᠡᠮᠯᠢᠭ᠂ ᠲᠤᠮᠳᠠᠳᠣ ᠤᠯᠤᠰ ᠤᠨ ᠰᠣᠶᠤᠯ ᠤᠨ ᠠᠵᠦ ᠦᠢᠯᠠᠰ ᠢ ᠠᠬᠢᠭᠤᠯᠬᠤ ᠨᠠᠶᠢᠬᠡᠮᠯᠢᠭ ᠤᠨ ᠠᠳᠤᠭᠤᠨ ᠰᠣᠶᠤᠯ   ᠤᠨ ᠵᠦᠪᠯᠠᠯ᠂ ᠵᠦᠩ ᠶᠦᠨ ᠱᠢ ᠶᠧ ᠬᠢᠵᠠᠭᠠᠷᠳᠣ ᠺᠤᠮᠫᠠᠨᠢ᠂ ᠦᠪᠤᠷ ᠮᠤᠩᠭᠤᠯ ᠤᠨ ᠦᠪᠡᠷᠳᠠᠬᠡᠨ ᠵᠠᠰᠠᠬᠤ ᠤᠷᠤᠨ ᠤ ᠬᠡᠷᠡᠯ ᠵᠢᠷᠤᠭᠴᠢᠳ ᠤᠨ ᠨᠠᠶᠢᠬᠡᠮᠯᠢᠭ᠂ ᠰᠢᠨᠵᠢᠶᠠᠩ ᠤᠨ ᠤᠶᠢᠭᠤᠷ ᠦᠨᠳᠣᠰᠣᠳᠠᠨ ᠤ ᠬᠡᠷᠡᠯ ᠵᠢᠷᠤᠭᠴᠢᠳ ᠤᠨ ᠨᠠᠶᠢᠬᠡᠮᠯᠢᠭ᠂ ᠱᠠᠨ ᠰᠢ ᠮᠤᠵᠢ ᠶᠢᠨ ᠬᠡᠷᠡᠯ ᠵᠢᠷᠤᠭᠴᠢᠳ ᠤᠨ ᠨᠠᠶᠢᠬᠡᠮᠯᠢᠭ᠂ ᠡᠾᠧᠪᠸᠢ ᠮᠤᠵᠢ ᠶᠢᠨ ᠬᠡᠷᠡᠯ ᠵᠢᠷᠤᠭᠴᠢᠳ ᠤᠨ ᠨᠠᠶᠢᠬᠡᠮᠯᠢᠭ᠂ ᠦᠪᠤᠷ ᠮᠤᠩᠭᠤᠯ ᠤᠨ ᠦᠪᠡᠷᠳᠠᠬᠡᠨ  ᠵᠠᠰᠠᠬᠤ ᠤᠷᠤᠨ ᠤ ᠵᠢᠭᠤᠯᠴᠢᠯᠠᠯ ᠤᠨ ᠬᠡᠷᠡᠯ ᠵᠢᠷᠤᠭᠴᠢᠳ ᠤᠨ ᠨᠠᠶᠢᠬᠡᠮᠯᠢᠭ᠂ ᠵᠧᠨ ᠱᠢ ᡁᠢ ᠳ᠋ᠢ  ᠪᠦᠯᠦᠭᠯᠠᠯ ᠤᠨ ᠬᠢᠵᠠᠭᠠᠷᠳᠣ ᠺᠤᠮᠫᠠᠨᠢ᠂ ᠡᠸ᠋ᠾᠪᠸᠢ ᠮᠤᠵᠢ ᠶᠢᠨ ᠲᠤᠭᠤᠷ ᠤᠨ ᠭᠦᠷᠢᠶᠠᠯᠠᠩ ᠰᠣᠶᠤᠯ ᠤᠨ ᠠᠵᠦ ᠦᠢᠯᠠᠰ ᠤᠨ ᠭᠦᠭᠵᠢᠬᠦᠯᠤᠯᠳᠠ ᠶᠢᠨ ᠬᠢᠵᠠᠭᠠᠷᠳᠣ ᠺᠤᠮᠫᠠᠨᠢ᠂ ᠬᠠᠨ  ᠳ᠋ᠦ᠋  ᠬᠡᠷᠡᠯ ᠵᠢᠷᠤᠭ   ᠤᠨ ᠨᠠᠶᠢᠬᠡᠮᠯᠢᠭ ᠠᠴᠠ ᠬᠠᠮᠵᠢᠯᠴᠠᠨ ᠡᠷᠬᠢᠯᠡᠵᠡᠢ  ᠃
      7 ᠰᠠᠷ᠎ᠠ ᠶᠢᠨ 21 ᠤ ᠡᠳᠦᠷ ᠤᠨ ᠡᠬᠢᠯᠡᠯᠳᠡ ᠶᠢᠨ ᠶᠤᠰᠤᠯᠠᠯ ᠨᠢ ᠤᠯᠤᠰ ᠤᠨ ᠰᠦᠯᠳᠠ ᠲᠠᠭᠤᠨ ᠤ ᠲᠤᠮᠳᠠ᠂ ᠲᠠᠪᠤᠨ ᠤᠳᠣᠳᠣ  ᠲᠤᠭ ᠨᠠᠮᠢᠷᠡᠨ ᠮᠠᠨᠳᠣᠵᠦ  ᠂  ᠤᠯᠠᠭᠠᠮᠦ᠋ᠴᠢᠷ ᠤᠨ ᠲᠤᠭᠯᠠᠭᠴᠢᠳ ᠤᠨ ᠡᠩᠨᠡᠭᠡ  ᠂ ᠮᠠᠯᠴᠢᠳ ᠤᠨ ᠡᠩᠨᠡᠭᠡ᠂ ᠴᠠᠭᠠᠨ ᠮᠤᠷᠢᠳᠠᠨ ᠤ ᠡᠩᠨᠡᠭᠡ ᠴᠤᠭ ᠵᠢᠪᠬᠤᠭ᠎ᠠ᠂ ᠤᠷᠮ᠎ᠠ ᠢᠳᠠᠬᠡᠯ ᠲᠠᠭᠦᠯᠳᠠᠷ ᠢᠶᠠᠷ ᠲᠠᠯᠠᠪᠤᠷ ᠳᠤ ᠤᠷᠤᠨ  ᠂ ᠤᠯᠠᠭᠠᠮᠦ᠋ᠴᠢᠷ ᠤᠨ  ᠪᠦᠵᠢᠭᠴᠢᠳ ᠠᠴᠠ ︽ᠤᠯᠠᠭᠠᠨᠮᠦ᠋ᠴᠢᠷ ᠢᠷᠡᠯ᠎ᠠ  ︾ ᠬᠡᠬᠦ ᠠᠭᠤᠯᠭ᠎ᠠ  ᠶᠢ ᠲᠤᠪᠤᠶᠢᠯᠭᠠᠰᠠᠨ ᠪᠦᠵᠢᠭ   ᠢᠶᠠᠷ᠂  ᠤᠯᠠᠭᠠᠮᠦ᠋ᠴᠢᠷ ᠪᠠᠶᠢᠭᠤᠯᠤᠭᠳᠠᠭᠰᠠᠨ 60 ᠵᠢᠯ ᠤᠨ  ᠲᠤᠷᠰᠢ᠂ ᠦᠨᠳᠣᠰᠣᠨ  ᠤ ᠦᠷᠬᠡᠨ ᠤᠯᠠᠨ ᠮᠠᠯᠴᠢᠨ ᠲᠦᠮᠠᠨ ᠳᠤ ᠦᠢᠯᠠᠴᠢᠯᠠᠨ᠂ ᠨᠠᠮ ᠤᠨ ᠲᠦᠷᠦ ᠶᠢᠨ ᠪᠤᠳᠣᠯᠭ᠎ᠠ ᠰᠢᠢᠳᠪᠦᠷᠢ ᠶᠢ ᠤᠬᠠᠭᠤᠯᠤᠨ ᠰᠣᠷᠳᠠᠯᠴᠢᠯᠠᠭᠰᠠᠨ  ᠬᠡᠷᠡᠯ ᠰᠠᠴᠣᠷᠠᠩᠭᠤᠢ ᠲᠠᠣᠬᠡ  ᠪᠤᠯᠤᠨ ᠬᠦᠴᠦᠨ ᠵᠢᠳᠬᠦᠯ ᠢ  ᠢᠯᠠᠷᠡᠬᠦᠯᠦᠨ ᠲᠤᠭᠯᠠᠭᠰᠠᠨ ᠪᠠᠶᠢᠨ᠎ᠠ  ᠃
   7 ᠰᠠᠷ᠎ᠡ ᠶᠢᠨ 22 ᠤ ᠡᠳᠦᠷ  ᠂ ᠮᠠᠨ ᠤ ᠬᠤᠰᠢᠭᠤᠨ ᠤ ᠵᠢᠷᠭᠠᠯᠠᠩᠲᠦ ᠲᠠᠯ᠎ᠠ ᠨᠣᠲᠤᠭ ᠰᠢᠯᠢ ᠶᠢᠨ ᠭᠤᠣᠯ᠂ ᠮᠣᠩᠭᠤᠯ ᠪᠦᠬᠡ ᠶᠢᠨ ᠴᠦᠷᠬᠦᠯᠡᠭᠡ ᠪᠠᠷᠢᠯᠳᠣᠭᠠᠨ ᠵᠢᠴᠢ ᠮᠠᠨ ᠤ ᠬᠤᠰᠢᠭᠤᠨ ᠤ ᠬᠤᠶᠠᠳᠣᠭᠠᠷ ᠬᠤᠭᠤᠴᠠᠭᠠᠨ ᠤ ᠤᠯᠠᠨ ᠤᠯᠤᠰ ᠤᠨ ᠰᠣᠷ ᠬᠠᠷᠪᠤᠯᠳᠠ ᠶᠢᠨ ᠤᠷᠤᠯᠳᠣᠭᠠᠨ ᠠᠮᠵᠢᠯᠳᠠᠳᠠᠢ ᠦᠨᠳᠣᠷᠯᠡᠭᠰᠠᠨ ᠪᠠᠶᠢᠨ᠎ᠠ  ᠃
       ᠣᠶᠢᠯᠠᠭᠠᠭᠰᠠᠨ ᠢᠶᠠᠷ᠂ ᠲᠣᠰ ᠣᠳᠠᠭᠠᠨ ᠤ  ᠪᠠᠷᠢᠯᠳᠣᠭᠠᠨ ᠳᠤ ᠣᠷᠣᠯᠴᠠᠭᠰᠠᠨ ᠪᠦᠬᠡᠴᠢᠳ ᠢ ᠰᠢᠪᠠᠭ᠎ᠠ ᠳᠠᠲᠠᠨ ᠪᠠᠷᠢᠯᠳᠠᠭᠤᠯᠵᠣ᠂ ᠮᠣᠩᠭᠤᠯ ᠪᠦᠬᠡ ᠶᠢᠨ ᠣᠯᠠᠮᠵᠢᠯᠠᠯᠲᠦ ᠨᠣᠭᠤᠯᠠᠭ᠎ᠠ ᠪᠠᠷᠢᠯᠳᠣᠭᠠᠨ ᠤ ᠬᠡᠯᠪᠡᠷᠢ ᠪᠠᠷ ᠶᠠᠪᠤᠭᠳᠠᠭᠤᠯᠵᠠᠢ᠃ ᠪᠠᠷᠢᠯᠳᠣᠭᠠᠨ ᠳᠤ ᠣᠷᠣᠯᠴᠠᠭᠰᠠᠨ ᠪᠦᠬᠡᠴᠢᠳ ᠴᠦᠮ ᠡᠮᠦᠰᠬᠡᠯ  ᠵᠠᠰᠠᠯ ᠪᠦᠷᠢᠨ ᠭᠦᠢᠴᠡᠳ ᠪᠠᠶᠢᠵᠦ᠂ ᠪᠠᠷᠢᠯᠳᠣᠭᠠᠨ ᠤ ᠳᠦᠷᠢᠮ ᠢ ᠴᠢᠩᠭ᠎ᠠ  ᠵᠢᠷᠦᠮᠯᠡᠨ᠂ ᠨᠠᠶᠢᠷ   ᠤᠨ ᠲᠡᠭᠦᠰ ᠠᠮᠵᠢᠯᠲᠠ ᠲᠠᠢ   ᠶᠠᠪᠣᠭᠳᠠᠬᠤ  ᠶᠢ  ᠠᠬᠢᠭᠤᠯᠣᠭᠰᠠᠨ ᠪᠠᠶᠢᠨ᠎ᠠ᠃
      ᠣᠯᠠᠨ   ᠤ ᠣᠣᠬᠠᠢ ᠶᠢᠨ ᠳᠠᠭᠤᠨ ᠳᠤ ᠪᠠᠷᠢᠯᠳᠣᠭᠠᠨ ᠨᠢ  ᠬᠤᠷᠴᠠ ᠰᠢᠷᠦᠭᠦᠨ  ᠶᠠᠪᠣᠭᠳᠠᠵᠦ᠂ ᠳᠡᠭᠡᠷ᠎ᠡ ᠳᠦᠷᠪᠡ  ᠶᠢᠨ ᠪᠠᠷᠢᠯᠳᠣᠭᠠᠨ   ᠪᠠᠷ ᠮᠠᠨ ᠤ ᠬᠤᠰᠢᠭᠤᠨ ᠤ ᠴᠠᠭᠠᠨᠵᠠᠭᠠᠨ᠎ᠠ ᠵᠠᠭᠦᠨ ᠦᠵᠦᠮᠦᠴᠢᠨ ᠤ ᠦᠯᠵᠡᠶᠢᠪᠠᠭᠠᠲᠣᠷ ᠢ ᠭᠠᠨᠵᠣᠭᠠᠯᠠᠵᠦ  ᠬᠠᠶᠠᠨ᠂ ᠪᠠᠷᠠᠭᠤᠨ ᠪᠠᠭᠠᠷᠢᠨ ᠤ ᠴᠢᠩᠵᠣᠷᠢᠭ ᠠᠷᠣ ᠬᠤᠷᠴᠢᠨ ᠤ ᠮᠦᠩᠬᠡᠳᠦᠭᠦᠷᠡᠩ   ᠢ ᠭᠠᠨᠵᠣᠭᠠᠯᠠᠵᠦ ᠬᠠᠶᠠᠵᠦ᠂ ᠳᠡᠳ᠋ ᠲᠡᠷᠢᠭᠦᠨ   ᠤ  ᠪᠠᠷᠢᠯᠳᠣᠭᠠᠨ ᠪᠠᠷ ᠮᠠᠨ ᠤ ᠬᠤᠰᠢᠭᠤᠨ ᠤ ᠴᠠᠭᠠᠨᠵᠠᠭᠠᠨ᠎ᠠ  ᠪᠠᠷᠠᠭᠤᠨ ᠪᠠᠭᠠᠷᠢᠨ ᠤ ᠴᠢᠩᠵᠣᠷᠢᠭ  ᠢᠶᠠᠷ ᠳᠠᠪᠠᠨ ᠲᠣᠰ ᠨᠠᠶᠢᠷ ᠳᠠᠭᠠᠨ ᠤᠳᠤᠳᠠᠢ ᠰᠠᠶᠢᠬᠠᠨ ᠪᠠᠷᠢᠯᠳᠤᠨ  ᠲᠡᠷᠢᠭᠦᠯᠡᠵᠦ᠂  ᠪᠠᠷᠠᠭᠤᠨ ᠪᠠᠭᠠᠷᠢᠨ ᠤ ᠴᠢᠩᠵᠣᠷᠢᠭ ᠳᠡᠳ᠋ᠯᠡᠨ᠂ ᠵᠠᠭᠦᠨ ᠦᠵᠦᠮᠦᠴᠢᠨ ᠤ ᠦᠯᠵᠡᠶᠢᠪᠠᠭᠠᠲᠣᠷ ᠭᠤᠷᠪᠠ ᠳᠤ  ᠂ ᠠᠷᠣ ᠬᠤᠷᠴᠢᠨ ᠤ ᠮᠦᠩᠬᠡᠳᠦᠭᠦᠷᠡᠩ ᠳᠦᠷᠪᠡ ᠳᠤ ᠣᠷᠣᠭᠰᠠᠨ ᠪᠠᠶᠢᠨ᠎ᠠ᠃
      ᠲᠤᠰ ᠤᠳᠠᠭᠠᠨ ᠤ ᠰᠣᠷ ᠬᠠᠷᠪᠤᠯᠳᠠ ᠶᠢᠨ ᠤᠷᠤᠯᠳᠣᠭᠠᠨ ᠳᠤ ᠮᠠᠨ ᠤ ᠠᠶᠢᠮᠠᠭ ᠤᠨ ᠡᠯ᠎ᠡ ᠬᠤᠰᠢᠭᠤ ᠨᠤᠳᠤᠭ ᠪᠤᠯᠤᠨ ᠣᠯᠠᠭᠠᠨᠬᠠᠳᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠬᠤᠰᠢᠭᠤ᠂ ᠤᠩᠨᠢᠭᠤᠳ ᠬᠤᠰᠢᠭᠤᠨ  ᠤ ᠰᠤᠷᠴᠢᠨ ᠠᠴᠠ ᠭᠠᠳᠠᠨ᠎ᠠ ᠠᠬᠾᠦᠢ᠂ ᠱᠠᠨᠳᠦ᠋ᠩ ᠵᠡᠷᠭᠡ ᠭᠠᠵᠠᠷ ᠤᠨ ᠨᠡᠶᠢᠳᠡ 29 ᠲᠦᠯᠦᠭᠡᠯᠡᠭᠴᠢ ᠶᠢᠨ ᠪᠠᠭ  ᠤᠨ 150 ᠭᠠᠷᠤᠢ ᠲᠠᠮᠢᠷᠴᠢᠨ ᠤᠷᠤᠯᠴᠠᠵᠤ᠂ ᠬᠤᠶᠠᠷ ᠡᠳᠦᠷ ᠤᠨ ᠬᠤᠭᠤᠴᠠᠭᠠᠨ ᠳᠤ ᠨᠢᠭᠡᠴᠡ ᠶᠢᠨ ᠪᠠ ᠬᠤᠪᠢ ᠬᠦᠮᠦᠨ ᠤ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠠᠷᠠᠨ ᠫᠠᠢ ᠶᠢᠨ ᠤᠷᠤᠯᠳᠤᠭᠠᠨ᠂ ᠬᠤᠯᠠ ᠬᠠᠷᠪᠤᠯᠳᠠ᠂ ᠨᠠᠮᠨᠠᠭ᠎ᠠ ᠵᠡᠷᠭᠡ ᠤᠷᠤᠯᠳᠤᠭᠠᠨ ᠤ ᠲᠦᠷᠦᠯ ᠳᠤ ᠮᠦᠷᠦᠶᠢᠴᠡᠵᠦ᠂ ᠬᠤᠶᠠᠷ ᠡᠳᠦᠷ ᠤᠨ ᠬᠤᠷᠴᠠ ᠰᠢᠷᠦᠬᠦᠨ ᠦᠷᠢᠰᠦᠯᠳᠦᠬᠡᠨ ᠢᠶᠠᠷ ᠳᠠᠮᠵᠢᠨ᠂ ᠠᠨᠾᠦᠶ᠋ᠢ ᠶᠢᠨ ᠰᠤᠷᠴᠢᠨ ᠵᠠᠩ ᠯᠢ᠂ ᠮᠠᠨ ᠤ ᠬᠤᠰᠢᠭᠤᠨ ᠤ ᠰᠣᠷᠴᠢᠨ ᠭᠠᠯᠰᠠᠩᠷᠠᠰᠢ ᠪᠤᠯᠤᠨ ᠪᠠᠭᠠᠷᠢᠨ ᠪᠠᠷᠠᠭᠤᠨ ᠬᠤᠰᠢᠭᠤᠨ ᠤ ᠰᠤᠷᠴᠢᠨ ᠠᠭᠤᠯᠠ ᠨᠠᠮᠨᠠᠭ᠎ᠠ ᠤᠷᠤᠯᠳᠤᠭᠠᠨ ᠤ ᠳᠡᠬᠡᠷ᠎ᠡ ᠭᠤᠷᠪᠠ ᠳᠤ ᠤᠷᠤᠵᠠᠢ᠃
    ᠣᠯᠠᠮᠵᠢᠯᠠᠯᠳᠣ ᠰᠠᠷᠠᠨ ᠫᠠᠢ ᠶᠢᠨ ᠤᠷᠤᠯᠳᠤᠭᠠᠨ ᠤ ᠡᠷᠡᠭᠳᠡᠢ ᠶᠢᠨ ᠬᠤᠪᠢ ᠬᠦᠮᠦᠨ ᠤ ᠤᠷᠤᠯᠳᠤᠭᠠᠨ ᠤ ᠳᠡᠬᠡᠷ᠎ᠡ ᠭᠤᠷᠪᠠ ᠳᠤ ᠮᠠᠨ ᠤ ᠬᠤᠰᠢᠭᠤᠨ ᠤ ᠰᠣᠷᠴᠢᠨ ᠮᠦᠩᠬᠡᠪᠠᠭᠠᠳᠣᠷ᠂ ᠪᠠᠭᠠᠷᠢᠨ ᠪᠠᠷᠠᠭᠤᠨ ᠬᠤᠰᠢᠭᠤᠨ ᠤ ᠰᠣᠷᠴᠢᠨ ᠳᠡᠮᠦᠷᠪᠠᠭᠠᠳᠣᠷ᠂ ᠠᠪᠠᠭ᠎ᠠ ᠬᠤᠰᠢᠭᠤᠨ ᠤ ᠰᠣᠷᠴᠢᠨ ᠳᠣᠯᠭᠠᠭᠤᠷᠢ ᠳᠣᠳᠣᠷᠠᠵᠤ᠂ ᠪᠠᠭᠠᠷᠢᠨ ᠪᠠᠷᠠᠭᠤᠨ ᠬᠤᠰᠢᠭᠤᠨ ᠤ ᠰᠣᠷᠴᠢᠨ ᠴᠣᠯᠮᠣᠨᠴᠢᠮᠡᠭ᠂ ᠠᠯᠳᠠᠨᠳᠣᠶᠠᠭ᠎ᠠ᠂ ᠬᠤᠩ ᠮᠸᠢ ᠡᠮᠡᠭᠳᠡᠢ ᠶᠢᠨ ᠬᠤᠪᠢ ᠬᠦᠮᠦᠨ ᠤ ᠤᠷᠤᠯᠳᠤᠭᠠᠨ ᠤ ᠳᠡᠭᠡᠷ᠎ᠡ ᠭᠤᠷᠪᠠ ᠳᠤ ᠳᠣᠳᠣᠷᠠᠵᠠᠢ᠃     ᠪᠦᠯᠦᠩ ᠤᠨ ᠤᠷᠤᠯᠳᠤᠭᠠᠨ ᠳᠤ ᠰᠢᠯᠦᠭᠤᠨ ᠴᠠᠭᠠᠨ ᠬᠤᠰᠢᠭᠤᠨ ᠤ ᠣᠶᠣᠨᠳᠡᠬᠦᠰ᠂ ᠠᠪᠠᠭ᠎ᠠ ᠬᠤᠰᠢᠭᠤᠨ ᠤ ᠰᠢᠷᠦᠨ᠎ᠡ᠂ ᠵᠡᠬᠦᠨ ᠦᠵᠦᠮᠦᠴᠢᠨ ᠬᠤᠰᠢᠭᠤᠨ ᠤ ᠪᠠᠭᠠᠳᠣᠷ ᠳᠡᠬᠡᠷ᠎ᠡ ᠭᠤᠷᠪᠠ ᠳᠤ ᠳᠣᠳᠣᠷᠠᠭᠰᠠᠨ ᠪᠠᠶᠢᠨ᠎ᠠ᠃     ᠬᠤᠯᠠ ᠬᠠᠷᠪᠤᠯᠳᠠ ᠶᠢᠨ ᠤᠷᠤᠯᠳᠤᠭᠠᠨ ᠳᠤ ᠮᠠᠨ ᠤ ᠬᠤᠰᠢᠭᠤᠨ ᠤ ᠰᠣᠷᠴᠢᠨ ᠰᠠᠮᠤᠤ᠂ ᠠᠨᠾᠦᠢ ᠶᠢᠨ ᠵᠠᠩ ᠯᠢ ᠪᠤᠯᠤᠨ ᠮᠠᠨ ᠤ ᠬᠤᠰᠢᠭᠤᠨ ᠤ ᠰᠣᠷᠴᠢᠨ ᠵᠠᠶᠠᠭ᠎ᠠ ᠳᠡᠬᠡᠷ᠎ᠡ ᠭᠤᠷᠪᠠ ᠳᠤ ᠳᠣᠳᠣᠷᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ᠂ ᠪᠠᠢ ᠶᠥᠩ ᠴᠦᠨ᠂ ᠮᠦᠩᠬᠡ᠂ ᠪᠣᠯᠣᠳ ᠨᠠᠷ᠎ᠠ ᠰᠣᠷᠴᠢᠳ ᠲᠤ ᠱᠠᠩᠨᠠᠯ ᠭᠠᠷᠳᠠᠭᠤᠯᠵᠠᠢ  ᠃        
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号