ᠪᠠᠷᠠᠭᠤᠨ  ᠦᠵᠦᠮᠦᠴᠢᠨ ᠬᠤᠰᠢᠭᠤᠨ ᠤ ᠤᠯᠠᠭᠠᠨᠮᠦ᠋ᠴᠢᠷ  ᠪᠠᠶᠢᠭᠤᠯᠥᠠᠠᠳᠠᠭᠰᠠᠨ60 ᠵᠢᠯ ᠤᠨ ᠤᠢ ᠶᠢᠨ ᠱᠠᠩᠨᠠᠨ ᠬᠦᠬᠢᠬᠦᠯᠭᠦ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2018-07-23
ᠪᠠᠷᠠᠭᠤᠨ  ᠦᠵᠦᠮᠦᠴᠢᠨ ᠬᠤᠰᠢᠭᠤᠨ ᠤ ᠤᠯᠠᠭᠠᠨᠮᠦ᠋ᠴᠢᠷ  ᠪᠠᠶᠢᠭᠤᠯᠥᠠᠠᠳᠠᠭᠰᠠᠨ60 ᠵᠢᠯ ᠤᠨ ᠤᠢ ᠶᠢᠨ ᠱᠠᠩᠨᠠᠨ ᠬᠦᠬᠢᠬᠦᠯᠭᠦ ᠬᠤᠷᠠᠯ ᠬᠤᠷᠠᠯᠳᠤᠭᠰᠠᠨ                                                     7 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂  ᠮᠠᠨ ᠤ  ᠬᠤᠰᠢᠭᠤᠨ ᠤ ᠤᠯᠠᠭᠠᠨᠮᠦ᠋ᠴᠢᠷ ᠪᠠᠶᠢᠭᠤᠯᠥᠠᠠᠳᠠᠭᠰᠠᠨ ᠵᠢᠷᠠᠨ ᠵᠢᠯ ᠤᠨ ᠤᠢ ᠶᠢᠨ ᠰᠠᠶᠢᠰᠢᠶᠠᠨ ᠬᠦᠬᠢᠬᠦᠯᠭᠦ ᠬᠤᠷᠠᠯ  ᠬᠤᠷᠠᠯᠳᠤᠵᠦ᠂  ᠬᠤᠷᠠᠯ ᠠᠴᠠ ᠤᠯᠠᠭᠠᠨᠮᠦ᠋ᠴᠢᠷ ᠤᠨ ᠦᠢᠯᠡᠰ   ᠤᠨ ᠭᠦᠭᠵᠢᠯᠲᠡ ᠶᠢᠨ ᠦᠷ᠎ᠡ ᠪᠦᠳᠦᠮᠵᠢ ᠶᠢ  ᠳ᠋ᠦᠡᠭᠨᠡᠵᠦ᠂ ᠤᠯᠠᠭᠠᠨᠮᠦ᠋ᠴᠢᠷ ᠤᠨ ᠦᠢᠯᠡᠰ ᠲᠤ ᠬᠤᠪᠢ ᠨᠡᠮᠡᠷᠢ ᠦᠵᠡᠭᠦᠯᠥᠭᠰᠡᠨ ᠲᠡᠷᠢᠭᠦᠨ ᠤ ᠬᠠᠮᠲᠦ ᠨᠢᠭᠡᠴᠡ ᠪᠤᠯᠥᠨ ᠲᠡᠷᠢᠭᠦᠨ ᠤ ᠬᠤᠪᠢ ᠬᠦᠮᠦᠨ  ᠶᠢ ᠰᠠᠶᠢᠰᠢᠶᠠᠨ ᠬᠦᠬᠢᠭᠦᠯᠵᠦ᠂ ᠰᠢᠨ᠎ᠡ ᠴᠠᠭ ᠦᠶ᠎ᠡ ᠵᠢᠨ‌ᠤᠯᠠᠭᠠᠨᠮᠦ᠋ᠴᠢᠷ   ᠤᠨ ᠦᠢᠯᠡᠰ ᠤᠨ ᠬᠦᠭᠵᠢᠯᠲᠡ ᠶᠢᠨ ᠰᠢᠨ᠎ᠡ ᠡᠭᠦᠷᠭᠡ ᠱᠠᠭᠠᠷᠳᠠᠯᠭ᠎ᠠ ᠶᠢ ᠪᠠᠶᠢᠷᠢᠯᠠᠭᠤᠯᠥᠠᠠᠰᠠᠨ ᠪᠠᠶᠢᠨ᠎ᠠ  ᠃
    ᠬᠤᠷᠠᠯ ᠳᠤ  ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠭᠢᠮ ᠪᠠ ᠠᠶᠢᠮᠠᠭ ᠤᠨ ᠰᠤᠶᠤᠯ ᠲᠠᠮᠢᠷ  ᠤᠨ ᠲᠤᠪᠴᠢᠶᠠᠨ ᠤ ᠤᠳᠤᠷᠢᠳᠤᠯᠭ᠎ᠠ ᠨᠠᠷ ᠤᠷᠢᠯᠭ᠎ᠠ ᠪᠠᠷ ᠬᠤᠷᠠᠯ ᠳᠤ ᠤᠷᠤᠯᠴᠠᠵᠦ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠬᠤᠷᠠᠯ   ᠳᠤ ᠤᠷᠤᠯᠴᠠᠨ ᠶᠠᠷᠢᠶ᠎ᠠ ᠲᠠᠯᠪᠢᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠴᠢᠯᠠᠭᠤ ᠬᠤᠷᠠᠯ ᠢ  ᠡᠷᠬᠢᠯᠡᠵᠡᠢ  ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠲᠠᠷᠬᠠᠠᠭᠦᠦ ︽ ᠪᠠᠷᠠᠭᠤᠨ ᠦᠵᠦᠮᠦᠴᠢᠨ ᠬᠤᠰᠢᠭᠤᠨ ‍ᠣ‌ᠤᠯᠠᠭᠠᠨᠮᠦ᠋ᠴᠢᠷ   ᠤᠨ ᠲᠡᠷᠢᠭᠦᠨ ᠤ ᠬᠠᠮᠲᠦ  ᠨᠢᠭᠡᠴᠡ ᠪᠤᠯᠥᠨ ᠲᠡᠷᠢᠭᠦᠨ ᠤ ᠬᠤᠪᠢ ᠬᠦᠮᠦᠨ ᠶᠢ ᠰᠠᠶᠢᠰᠢᠶᠠᠨ ᠬᠦᠬᠢᠭᠦᠯᠭᠦ ᠰᠢᠢᠳᠪᠦᠷᠢ︾ ᠶᠢ ᠵᠠᠷᠯᠠᠵᠦ᠂ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠤᠯᠠᠭᠠᠨ᠂  ᠬᠤᠰᠢᠭᠤ ᠳᠡᠳ᠋ ᠲᠠᠷᠤᠭ᠎ᠠ ᠪᠤᠯᠥᠳ᠂  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢᠦ ᠴᠢᠩ᠂ ᠤᠯᠤᠰ ᠲᠦᠷᠦ ᠶᠢᠨ ᠵᠦᠪᠯᠡᠯᠭᠡᠨ   ᠤ ᠳᠡᠳ᠋ ᠱᠦᠵᠢ ᠰᠠᠷᠠᠨᠲᠤᠶᠠᠭ᠎ᠠ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠨᠠᠮ  ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠤ ᠰᠤᠶᠤᠯ ᠤᠨ ᠦᠷᠳᠡᠭᠡᠨ ᠤ ᠲᠠᠷᠤᠭ᠎ᠠ᠂ ᠡᠯ᠎ᠡ ᠬᠠᠮᠢᠶ᠋ᠲᠠᠢ ᠪᠠᠶᠢᠭᠤᠯᠭ᠎ᠠ ᠨᠢᠭᠡᠴᠡ᠂ ᠠᠷᠡᠳ ᠤᠨ ᠪᠦᠯᠬᠦᠮ ᠪᠠ  ᠬᠤᠰᠢᠭᠤᠨ ᠤ ᠤᠯᠠᠭᠠᠨᠮᠦ᠋ᠴᠢᠷ   ᠤᠨ ᠠᠵᠢᠯᠲᠠᠨ ᠤ ᠲᠦᠯᠥᠭᠡᠯᠡᠭᠴᠢ  ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠤᠯᠠᠭᠠᠨᠮᠦ᠋ᠴᠢᠷ ᠤᠨ ᠲᠦᠯᠦᠭᠡᠯᠡᠭᠴᠢ ᠵᠢᠴᠢ ᠣᠳᠬ᠎ᠠ ᠤᠷᠠᠯᠢᠭ ᠤᠨ ᠬᠢᠨ ᠤ ᠲᠦᠯᠦᠭᠡᠯᠡᠭᠴᠢ ᠬᠤᠷᠠᠯ ᠳᠤ ᠤᠷᠤᠯᠴᠠᠪᠠ᠃
       ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠵᠢᠭᠠᠭᠰᠠᠨ ᠨᠢ᠂  ᠰᠢ ᠶᠢᠨ ᠫᠢᠩ ᠶᠡᠷᠦᠩᠭᠡᠢ ᠱᠦᠵᠢ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠶᠠᠪᠤᠭᠤᠯᠥᠠᠠᠰᠠᠨ ᠨᠢ‌ᠤᠯᠠᠭᠠᠨᠮᠦ᠋ᠴᠢᠷ   ᠤᠨ ᠦᠢᠯᠡᠰ   ᠤᠨ ᠬᠦᠭᠵᠢᠯᠲᠡ ᠳᠤ ᠪᠠᠭᠤᠯᠭᠠᠭᠰᠠᠨ ᠴᠢᠬᠤᠯᠠ ᠵᠢᠭᠠᠪᠦᠷᠢ᠂ ᠪᠦᠬᠦ ᠤᠷᠤᠨ ᠤ ᠤᠤᠬ᠎ᠠ ᠤᠷᠠᠯᠢᠭ ᠤᠨ ᠬᠦᠭᠵᠢᠯᠲᠡ ᠪᠤᠯᠥᠨ ᠰᠤᠶᠤᠯ ᠤᠨ ᠪᠠᠶᠢᠭᠤᠯᠥᠯᠲᠠ ᠳᠤ ᠴᠢᠬᠤᠯᠠ ᠠᠴᠢ ᠬᠤᠯᠪᠤᠭᠳᠠᠯ ᠲᠠᠢ ᠲᠤᠮᠤ ᠶᠠᠪᠤᠳᠠᠯ ᠪᠤᠯᠥᠨ᠎ᠠ  ᠭᠡᠵᠠᠢ᠃
        ᠪᠠᠢ ᠶᠥᠩ ᠴᠦᠨ ᠴᠢᠬᠤᠯᠴᠢᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠶᠢᠨ ᠨᠠᠮ ᠤᠨ ᠲᠤᠭᠤᠶᠢᠯᠠᠩ ᠨᠢ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠵᠢᠭᠠᠪᠤᠷᠢ  ᠶᠢᠨ ᠵᠤᠷᠢᠭ ᠰᠠᠨᠠᠭ᠎ᠠ ᠶᠢ ᠭᠦᠨᠵᠡᠭᠡᠢ ᠰᠣᠷᠤᠯᠴᠠᠨ  ᠲᠤᠤᠱᠯᠠᠭᠤᠯᠵᠦ᠂  ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ  ᠶᠢ ᠲᠤᠤᠱᠯᠠᠭᠤᠯᠥᠨ ᠨᠠᠶᠢᠳᠠᠪᠦᠷᠢᠵᠢᠭᠤᠯᠬᠤ ᠤᠯᠤᠰ ᠲᠦᠷᠦ ᠶᠢᠨ ᠣᠬᠠᠮᠰᠠᠷ᠂ ᠦᠵᠡᠯ ᠰᠠᠨᠠᠭᠠᠨ ᠤ ᠣᠬᠠᠮᠰᠠᠷ᠂ ᠪᠤᠲᠠᠲᠤ ᠠᠵᠢᠯᠯᠠᠭᠠᠨ ᠤ ᠤᠬᠠᠮᠰᠠᠷ ᠢᠶᠠᠨ ᠦᠨᠡᠡᠭᠦ ᠲᠡᠭᠡᠭᠰᠢᠯᠡᠭᠦᠯᠵᠦ᠂ ᠤᠯᠠᠭᠠᠨᠮᠦ᠋ᠴᠢᠷ ᠤᠨ ᠶᠠᠪᠤᠵᠦ ᠦᠡᠭᠭᠡᠷᠡᠭᠰᠡᠨ ᠭᠡᠷᠡᠯ ᠰᠠᠴᠤᠷᠠᠩᠭᠤᠢ ᠲᠡᠳᠭᠡᠲᠦ ᠵᠠᠮ ᠪᠤᠯᠥᠨ ᠨᠠᠨᠳᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠡᠭᠨᠡᠵᠦ᠂  ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠥᠭᠤᠳᠤᠯᠭ᠎ᠠ ᠪᠤᠯᠭᠠᠵᠦ᠂ ᠰᠤᠶᠤᠯ ᠤᠨ ᠢᠳᠡᠭᠡᠯ ᠢ ᠪᠠᠷᠢᠮᠳᠠᠯᠠᠨ᠂ ᠤᠯᠠᠭᠠᠨᠮᠦ᠋ᠴᠢᠷ ᠤᠨ ᠦᠢᠯᠡᠰ ᠲᠠᠰᠤᠷᠠᠯᠲᠠ ᠦᠭᠡᠢ ᠰᠢᠨ᠎ᠡ ᠠᠮᠵᠢᠯᠲᠠ ᠤᠯᠬᠤ ᠶᠢ ᠠᠬᠢᠭᠤᠯᠬᠤ ᠭᠡᠷᠭᠲᠠᠢ᠃ ᠤᠯᠠᠭᠠᠨᠮᠦᠴᠢᠷ ᠤᠨ  ᠲᠤᠭᠯᠠᠭᠴᠢᠳ ᠰᠢ ᠶᠢᠨ ᠫᠢᠩ ᠶᠡᠷᠤᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠭ ᠵᠤᠷᠢᠯᠲᠠ ᠪᠠᠨ ᠮᠠᠷᠳᠠᠬᠤ ᠦᠭᠡᠢ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠯᠠᠨ ᠳᠤ  ᠦᠢᠯᠡᠴᠢᠯᠡᠨ᠂ ᠰᠤᠶᠤᠯ ᠤᠷᠠᠯᠢᠭ ᠤᠨ ᠰᠢᠨᠡᠴᠢᠯᠡᠯᠲᠡ ᠶᠢ ᠠᠬᠢᠭᠤᠯᠥᠨ᠂ ᠠᠮᠢᠳᠤᠷᠠᠯ ᠳᠤ ᠤᠶᠢᠷᠠᠳᠤᠭᠰᠠ ᠰᠢᠯᠢᠳᠡᠭ ᠪᠦᠳᠦᠭᠡᠯ ᠢ ᠨᠡᠩ ᠤᠯᠠᠨ ᠵᠤᠬᠢᠶᠠᠨ ᠪᠦᠳᠦᠭᠡᠵᠦ ᠦᠨᠢ ᠡᠭᠦᠷᠢᠳᠡ ᠲᠠᠯ᠎ᠠ  ᠨᠤᠳᠤᠭ ᠤᠨ ᠬᠤᠪᠢᠰᠬᠠᠯᠲᠦ ᠤᠳᠬ᠎ᠠ ᠤᠷᠠᠯᠢᠭ ᠤᠨ ᠬᠦᠡᠭᠭᠡᠨ ᠮᠤᠷᠢᠲᠤ ᠴᠡᠷᠢᠭ ᠪᠤᠯᠵᠦ᠂ ᠪᠤᠲᠠᠲᠤ ᠠᠵᠢᠯᠠᠯᠭ᠎ᠠ ᠪᠤᠯᠥᠨ ᠰᠢᠯᠢᠳᠡᠭ ᠬᠢᠷᠢ ᠪᠦᠳᠦᠮᠵᠢ ᠪᠠᠷ ᠢᠶᠠᠨ ᠰᠢ ᠶᠢᠨ ᠫᠢᠩ  ᠶᠡᠷᠦᠩᠭᠡᠢ ᠱᠦᠵᠢ ᠶᠢᠨ ᠬᠠᠯᠠᠮᠵᠢ  ᠬᠠᠶᠢᠷ᠎ᠠ ᠶᠢ ᠬᠠᠷᠢᠭᠤᠯᠵᠦ᠂ ︽ᠪᠤᠲᠠᠲᠤ ᠬᠦᠴᠦᠨ ᠲᠠᠢ ᠪᠠᠷᠠᠭᠤᠨ ᠦᠵᠦᠮᠦᠴᠢᠨ ᠂ ᠪᠤᠬᠢᠷᠲᠠᠯ ᠦᠭᠡᠢ ᠪᠠᠷᠠᠭᠤᠨ ᠦᠵᠦᠮᠦᠴᠢᠨ᠂ ᠰᠡᠳᠬᠢᠯ ᠲᠠᠳᠠᠮ᠎ᠠ ᠪᠠᠷᠠᠭᠤᠨ ᠦᠵᠦᠮᠦᠴᠢᠨ᠂ ᠵᠤᠯ ᠵᠢᠷᠭᠠᠯᠲᠤ ᠪᠠᠷᠠᠭᠤᠨ ᠦᠵᠦᠮᠦᠴᠢᠨ︾   ᠶᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ  ᠨᠡᠮᠡᠷᠢ ᠪᠠᠨ ᠦᠵᠡᠭᠦᠯᠭᠦ ᠬᠡᠷᠡᠭᠲᠠᠢ ᠭᠡᠵᠠᠢ᠂
       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠲᠠᠷᠤᠭ᠎ᠠ ᠴᠢᠯᠠᠭᠤ ᠴᠢᠬᠤᠯᠴᠢᠯᠠᠬᠤ ᠳᠤ ᠪᠠᠨ᠂ ᠤᠯᠤᠰ ᠲᠦᠷᠦ ᠶᠢᠨ ᠵᠤᠭᠰᠣᠴᠠ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠰᠢ ᠶᠢᠨ ᠫᠢᠩ ᠶᠡᠷᠦᠩᠭᠡᠢ ᠱᠦᠵᠢ  ᠶᠢᠨ ᠬᠠᠷᠢᠭᠤ ᠵᠠᠬᠢᠳᠠᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠥᠨ ᠨᠠᠶᠢᠳᠠᠪᠦᠷᠢᠵᠢᠭᠤᠯᠬᠤ ᠠᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠦ᠂ ᠪᠤᠲᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠥᠨ ᠨᠠᠶᠢᠳᠠᠪᠦᠷᠢᠵᠢᠭᠤᠯᠬᠤ ᠶᠢ ᠠᠬᠢᠭᠤᠯᠵᠦ᠂ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ   ᠤᠨ ᠦᠢᠯᠡᠰ ᠤᠨ ᠭᠦᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠦ  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠥᠭᠤᠳᠤᠯᠭ᠎ᠠ ᠪᠤᠯᠭᠠᠵᠦ᠂ ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂  ᠪᠦᠯᠬᠦᠮᠲᠡᠨ ᠲᠡᠮᠡᠴᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠦ᠂ ᠪᠤᠲᠠᠲᠤ ᠬᠦᠴᠦᠨ ᠲᠠᠢ ᠪᠠᠷᠠᠭᠤᠨ ᠦᠵᠦᠮᠦᠴᠢᠨ᠂ ᠪᠤᠬᠢᠷᠲᠠᠯ ᠦᠭᠡᠢ ᠪᠠᠷᠠᠭᠤᠨ ᠦᠵᠦᠮᠦᠴᠢᠨ᠂ ᠰᠡᠳᠬᠢᠯ ᠲᠠᠲᠠᠮ᠎ᠠ ᠪᠠᠷᠠᠭᠤᠨ ᠦᠵᠦᠮᠦᠴᠢᠨ᠂ ᠵᠤᠯ ᠵᠢᠷᠭᠠᠯᠲᠦ ᠪᠠᠷᠠᠭᠤᠨ ᠦᠵᠦᠮᠦᠴᠢᠨ ᠶᠢ ᠪᠦᠳᠦᠭᠡᠨ ᠪᠠᠶᠢᠭᠤᠯᠬᠤ   ᠳᠤ ᠤᠶᠤᠨ  ᠤᠬᠠᠭᠠᠨ  ᠪᠠ ᠬᠦᠴᠦᠨ ᠴᠢᠳᠠᠯ ᠢᠶᠠᠨ ᠡᠷᠭᠦᠭᠦ ᠭᠡᠷᠡᠭᠲᠠᠢ ᠭᠡᠵᠠᠢ᠃       ᠬᠤᠷᠠᠯ ᠳᠡᠭᠡᠷ᠎ᠡ᠂ ᠤᠯᠠᠭᠠᠨᠮᠦ᠋ᠴᠢᠷ ᠤᠨ ᠬᠠᠷᠢᠭᠤᠴᠠᠯᠭᠠᠳᠠᠨ᠂ ᠤᠯᠠᠭᠠᠨᠮᠦ᠋ᠴᠢᠷ ᠤᠨ ᠦᠡᠭᠭᠡᠷᠡᠭᠰᠡᠨ ᠤ ᠲᠤᠰᠢᠶᠠᠯ ᠬᠠᠷᠢᠭᠤᠴᠠᠵᠦ ᠪᠠᠶᠢᠭᠰᠠᠨ ᠤᠳᠣᠷᠢᠳᠣᠯᠭ᠎ᠠ  ᠵᠢᠴᠢ ᠬᠠᠭᠤᠴᠢᠨ ᠤᠯᠠᠭᠠᠨᠮᠦ᠋ᠴᠢᠷ   ᠤᠨ ᠭᠡᠰᠢᠭᠦᠳ ᠤᠨ ᠲᠦᠯᠦᠭᠡᠯᠡᠭᠴᠢ ᠠᠴᠠ ᠶᠠᠷᠢᠶ᠎ᠠ ᠲᠠᠯᠪᠢᠭᠰᠠᠨ ᠪᠠᠶᠢᠨ᠎ᠠ᠃     ᠬᠤᠷᠠᠯ ᠠᠴᠠ᠂ ᠮᠠᠨ ᠤ ᠬᠤᠰᠢᠭᠤᠨ ᠤ ᠤᠯᠠᠭᠠᠨᠮᠦ᠋ᠴᠢᠷ ᠢ ᠲᠡᠷᠢᠭᠦᠨ ᠤ ᠬᠠᠮᠲᠦ ᠨᠢᠭᠡᠴᠡ ᠪᠠᠷ ᠭᠦᠭᠢᠭᠦᠯᠵᠦ᠂ ᠠᠷᠪᠠᠨ ᠲᠦᠮᠡᠨ ᠲᠦᠭᠦᠷᠢᠭ ᠢᠶᠠᠷ ᠱᠠᠩᠨᠠᠵᠦ᠂  ᠰᠡᠩᠭᠡ ᠵᠡᠷᠭᠡ ᠨᠠᠶᠢᠮᠠᠨ ᠨᠦᠭᠦᠷ ᠢ ᠭᠠᠷᠮᠠᠭᠠᠢ ᠬᠤᠪᠢ ᠨᠡᠮᠡᠷᠢ ᠦᠵᠡᠭᠦᠯᠥᠭᠰᠡᠨ ᠲᠤᠭᠯᠠᠭᠴᠢ ᠪᠠᠷ ᠱᠠᠩᠨᠠᠨ ᠬᠦᠭᠢᠬᠦᠯᠵᠦ᠂ ᠳᠠᠮᠪᠠ ᠵᠡᠷᠭᠡ 20 ᠨᠦᠬᠦᠷ ᠢ ᠲᠤᠪᠤᠶᠢᠮ᠎ᠠ ᠬᠤᠪᠢ ᠨᠡᠮᠡᠷᠡᠢ ᠦᠵᠡᠭᠦᠯᠥᠭᠰᠡᠨ ᠲᠤᠭᠯᠠᠭᠴᠢ ᠪᠠᠷ ᠱᠠᠩᠨᠠᠨ ᠭᠦᠭᠢᠬᠦᠯᠵᠦ᠂ ᠵᠠᠳᠠᠮᠪᠠ ᠵᠡᠷᠭᠡ 18  ᠨᠦᠬᠦᠷ ᠢ ᠤᠯᠠᠭᠠᠨᠮᠦ᠋ᠴᠢᠷ  ᠲᠤ ᠬᠤᠷᠢᠨ ᠵᠢᠯ ᠠᠴᠠ ᠲᠡᠭᠡᠭᠰᠢ ᠠᠵᠢᠯᠯᠠᠭᠰᠠᠨ ᠰᠢᠯᠢᠳᠡᠭ  ᠲᠤᠭᠯᠠᠭᠴᠢ   ᠪᠠᠷ ᠱᠠᠩᠨᠠᠨ ᠭᠦᠭᠢᠭᠦᠯᠥᠭᠰᠡᠨ  ᠪᠠᠶᠢᠨ᠎ᠠ᠃
 
ᠢᠷᠡᠯᠲᠡ᠄ ᠬᠤᠰᠢᠭᠤ ᠷᠠᠳᠢᠣ᠋ ᠲᠧᠯᠸᠢᠰ ᠬᠤᠷᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号