ᠵᠢᠭᠤᠯᠴᠢᠯᠠᠯ ᠤᠨ ᠵᠠᠭᠠᠯᠳᠤᠯᠭ᠎ᠠ ᠬᠢᠬᠦ ᠳᠤ ᠮᠡᠳᠡᠪᠡᠰᠦ ᠵᠣᠬᠢᠬᠤ ᠵᠦᠢᠯ
ᠨᠡᠶᠢᠲᠡᠯᠡᠭᠰᠡᠨ ᠴᠠᠭ᠄
2019/6/25
            ᠵᠢᠭᠤᠯᠴᠢᠯᠠᠯ ᠤᠨ ᠵᠠᠭᠠᠯᠳᠤᠯᠭ᠎ᠠ ᠬᠢᠬᠦ ᠳᠤ ᠮᠡᠳᠡᠪᠡᠰᠦ ᠵᠣᠬᠢᠬᠤ ᠵᠦᠢᠯ     ᠨᠢᠭᠡ᠂ ᠵᠢᠭᠤᠯᠴᠢᠯᠠᠭᠴᠢᠳ ᠵᠠᠭᠠᠯᠳᠤᠯᠭ᠎ᠠ ᠬᠢᠬᠦ ᠳᠤ ᠡᠷᠬᠡᠪᠰᠢ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠬᠦᠯᠬᠦ ᠬᠡᠷᠡᠭᠲᠡᠢ᠃     ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾ ᠢ ᠦᠨᠳᠦᠰᠦᠯᠡᠪᠡᠯ᠂ ᠵᠢᠭᠤᠯᠴᠢᠯᠠᠭᠴᠢᠳ ᠵᠢᠭᠤᠯᠴᠢᠯᠠᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠵᠠᠭᠠᠯᠳᠤᠯᠭ᠎ᠠ ᠬᠢᠬᠦ ᠳᠤ ᠡᠷᠬᠡᠪᠰᠢ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠦᠯᠬᠦ ᠬᠡᠷᠡᠭᠲᠡᠢ᠄      ︵ᠨᠢᠭᠡ︶ ᠵᠠᠭᠠᠯᠳᠤᠭᠴᠢ ᠨᠢ ᠲᠤᠰ ᠬᠡᠷᠡᠭ ᠯᠦᠭᠡ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠵᠢᠭᠤᠯᠴᠢᠯᠠᠭᠴᠢᠳ᠂ ᠭᠠᠳᠠᠭᠠᠳᠤ ᠶᠢᠨ ᠵᠢᠭᠤᠯᠴᠢᠯᠠᠯ ᠤᠨ ᠬᠤᠳᠠᠯᠳᠤᠭᠠᠴᠢᠨ᠂ ᠤᠯᠤᠰ ᠤᠨ ᠲᠣᠲᠤᠭᠠᠳᠤ ᠶᠢᠨ ᠵᠢᠭᠤᠯᠴᠢᠯᠠᠯ ᠤᠨ ᠡᠵᠡᠩᠨᠡᠭᠴᠢ ᠪᠠ ᠠᠵᠢᠯᠯᠠᠭᠰᠠᠳ ᠪᠠᠶᠢᠬᠤ᠃     ︵ᠬᠤᠶᠠᠷ︶ ᠲᠣᠳᠣᠷᠬᠠᠢ ᠵᠠᠭᠠᠯᠳᠤᠭᠳᠠᠭᠴᠢ ᠲᠠᠢ᠂ ᠪᠣᠲᠠᠲᠠᠢ ᠵᠠᠭᠠᠯᠳᠤᠬᠰᠠᠨ ᠭᠤᠶᠤᠴᠢᠯᠠᠯ ᠪᠠ ᠪᠣᠳᠠᠲᠤ ᠬᠡᠷᠡᠭ ᠤᠨ ᠦᠨᠳᠦᠰᠦᠯᠡᠯ ᠪᠠᠶᠢᠬᠤ᠃     ︵ᠭᠤᠷᠪᠠ︶ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾ ᠳᠤ ᠵᠢᠭᠰᠠᠭᠠᠭᠰᠠᠨ ᠵᠢᠭᠤᠯᠴᠢᠯᠠᠯ ᠤᠨ ᠵᠠᠭᠠᠯᠳᠤᠬᠤ ᠬᠡᠪᠴᠢᠶᠡᠨ ᠳᠤ ᠬᠠᠷᠢᠶᠠᠯᠠᠭᠳᠠᠬᠤ᠃     ᠬᠤᠶᠠᠷ᠂ ᠵᠢᠭᠤᠯᠴᠢᠯᠠᠭᠴᠢᠳ ᠳᠣᠣᠷ᠎ᠠ ᠵᠢᠭᠰᠠᠭᠠᠭᠰᠠᠨ ᠪᠠᠶᠢᠳᠠᠯ ᠤᠨ ᠳᠣᠣᠷ᠎ᠠ ᠵᠢᠭᠤᠯᠴᠢᠯᠠᠯ ᠤᠨ ᠵᠠᠭᠠᠯᠳᠤᠯᠭ᠎ᠠ ᠬᠢᠬᠦ ᠬᠠᠮᠢᠶᠠᠷᠤᠯᠲᠠ ᠶᠢᠨ ᠪᠠᠶᠢᠭᠤᠯᠭ᠎ᠠ ᠳᠤ ᠵᠠᠭᠠᠯᠳᠤᠵᠤ ᠪᠣᠯᠣᠨ᠎ᠠ    ︵ᠨᠢᠭᠡ︶ ᠵᠢᠭᠤᠯᠴᠢᠯᠠᠯ ᠤᠨ ᠡᠵᠡᠩᠨᠡᠭᠴᠢ ᠭᠡᠷ᠎ᠡ ᠪᠣᠶᠤ ᠵᠦᠪᠯᠡᠯᠴᠡᠭᠡᠷ ᠢᠶᠠᠨ ᠭᠦᠢᠴᠡᠳᠬᠡᠭᠰᠡᠨ ᠦᠭᠡᠢ ᠭᠡᠵᠦ ᠦᠵᠡᠬᠦ᠃    ︵ᠬᠤᠶᠠᠷ︶ ᠵᠢᠭᠤᠯᠴᠢᠯᠠᠯ ᠤᠨ ᠡᠵᠡᠩᠨᠡᠭᠴᠢ ᠦᠨ᠎ᠡ ᠬᠠᠩᠰᠢ ᠶᠠᠰᠤ ᠴᠢᠨᠠᠷ ᠨᠢ ᠨᠡᠶᠢᠴᠡᠭᠰᠡᠨ ᠵᠢᠭᠤᠯᠴᠢᠯᠠᠯ ᠤᠨ ᠦᠢᠯᠡᠴᠢᠯᠡᠭᠡ ᠬᠠᠩᠭᠠᠭᠰᠠᠨ ᠦᠭᠡᠢ ᠭᠡᠵᠦ ᠦᠵᠡᠬᠦ᠃    ︵ᠭᠤᠷᠪᠠ︶ ᠵᠢᠭᠤᠯᠴᠢᠯᠠᠯ ᠤᠨ ᠡᠵᠡᠩᠨᠡᠭᠴᠢ ᠵᠣᠷᠢᠭᠤᠳᠠ ᠪᠣᠶᠤ ᠣᠰᠣᠯ ᠠᠴᠠ ᠪᠣᠯᠵᠤ ᠵᠠᠭᠠᠯᠳᠤᠭᠴᠢ ᠶᠢᠨ ᠲᠡᠭᠡᠭᠡᠰᠢ ᠶᠠᠭᠤᠮ᠎ᠠ ᠬᠡᠤᠮ᠎ᠠ ᠶᠢ ᠰᠦᠢᠳᠭᠡᠭᠰᠡᠨ ᠪᠤᠶᠤ ᠭᠡᠭᠡᠭᠰᠡᠨ ᠭᠡᠵᠦ ᠦᠵᠡᠬᠦ᠃     ︵ᠳᠥᠷᠪᠡ︶ ᠵᠢᠭᠤᠯᠴᠢᠯᠠᠯ ᠤᠨ ᠡᠵᠡᠩᠨᠡᠭᠴᠢ ᠵᠣᠷᠢᠭᠤᠳᠠ ᠪᠣᠶᠤ ᠣᠰᠣᠯ ᠠᠴᠠ ᠪᠣᠯᠵᠤ ᠵᠠᠭᠠᠯᠳᠤᠭᠴᠢ ᠶᠢᠨ ᠪᠡᠶ᠎ᠡ ᠮᠠᠬᠠᠪᠤᠳ ᠢ ᠭᠡᠮᠲᠦᠭᠡᠭᠰᠡᠨ ᠭᠡᠵᠦ ᠦᠵᠡᠬᠦ᠃     ︵ᠲᠠᠪᠤ︶ ᠵᠢᠭᠤᠯᠴᠢᠯᠠᠯ ᠤᠨ ᠡᠵᠡᠩᠨᠡᠭᠴᠢ ᠵᠠᠭᠠᠯᠳᠤᠭᠴᠢ ᠶᠢ ᠮᠡᠬᠡᠯᠡᠨ ᠬᠢᠬᠠᠵᠤ᠂ ᠵᠠᠭᠠᠯᠳᠤᠭᠴᠢ ᠶᠢᠨ ᠠᠰᠢᠭ ᠲᠤᠰᠠ ᠶᠢ ᠬᠤᠬᠢᠷᠠᠭᠤᠯᠤᠭᠰᠠᠨ ᠭᠡᠵᠦ ᠦᠵᠡᠬᠦ᠃    ︵ᠵᠢᠷᠭᠤᠭ᠎ᠠ︶ ᠵᠢᠭᠤᠯᠴᠢᠯᠠᠯ ᠤᠨ ᠡᠵᠡᠩᠨᠡᠯᠲᠡ ᠬᠢᠵᠦ ᠪᠠᠶᠢᠭ᠎ᠠ ᠨᠢᠭᠡᠴᠡ ᠶᠢᠨ ᠠᠵᠢᠯᠲᠠᠨ ᠠᠵᠢᠯᠴᠢᠨ ᠳᠠᠯᠳᠠᠭᠤᠷ ᠰᠠᠭᠤᠳᠬᠠᠯ ᠬᠦᠯᠢᠶᠡᠨ ᠠᠪᠤᠭᠰᠠᠨ ᠪᠠ ᠭᠠᠷ ᠴᠠᠶᠢᠯᠭᠠᠬᠤ ᠮᠦᠩᠭᠦ ᠨᠡᠬᠡᠵᠦ ᠠᠪᠤᠭᠰᠠᠨ᠃     ︵ᠳᠣᠯᠤᠭ᠎ᠠ︶ ᠵᠠᠭᠠᠯᠳᠤᠭᠴᠢ ᠶᠢᠨ ᠠᠰᠢᠭ ᠲᠤᠰᠡ ᠶᠢ ᠬᠤᠬᠢᠷᠠᠭᠤᠯᠤᠭᠰᠠᠨ ᠪᠣᠰᠤᠳ ᠵᠦᠢᠯ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号