ᠰᠢᠯᠢ ᠶᠢᠨ ᠭᠤᠣᠯ ᠤᠨ ᠨᠤᠶᠠᠨ ᠤᠷᠬᠢᠯ ᠬᠠᠷᠠᠭᠠᠨᠠᠳᠠᠢ ᠬᠠᠨ ᠠᠭᠤᠯᠠ
ᠨᠡᠶᠢᠲᠡᠯᠡᠭᠰᠡᠨ ᠴᠠᠭ᠄
2019/6/26
       ᠰᠢᠯᠢ ᠶᠢᠨ ᠭᠤᠣᠯ ᠤᠨ ᠨᠤᠶᠠᠨ ᠤᠷᠬᠢᠯ ᠬᠠᠷᠠᠭᠠᠨᠠᠳᠠᠢ ᠬᠠᠨ ᠠᠭᠤᠯᠠ    ᠰᠢᠯᠢ ᠶᠢᠨ ᠭᠤᠣᠯ ᠤᠨ ᠤᠭ᠍ᠶᠤ ᠨᠤᠭᠤᠭᠠᠨ ᠲᠠᠯ᠎ᠠ ᠨᠤᠲᠤᠭ ᠤᠨ ᠰᠦᠯᠳᠡ ᠪᠤᠯᠤᠨ ᠰᠦᠨᠳᠡᠷᠯᠡᠭᠰᠡᠨ ᠬᠠᠷᠠᠭᠠᠨᠠᠳᠠᠢ ᠬᠠᠨ ᠠᠭᠤᠯᠠ ᠪᠣᠯ ᠦᠵᠦᠮᠦᠴᠢᠨ ᠪᠠᠷᠠᠭᠤᠨ ᠭᠠᠷ ᠬᠤᠰᠢᠭᠤᠨ ᠤ ᠵᠡᠭᠦᠨ ᠪᠡᠶ᠎ᠡ ᠳᠤ ᠤᠭᠠᠯᠵᠠᠯᠠᠨ ᠮᠢᠷᠠᠯᠵᠠᠭᠰᠠᠨ ᠠᠯᠳᠠᠨ ᠬᠢᠩᠭᠠᠨ ᠤ ᠰᠤᠯᠤᠩᠭᠠᠨ ᠬᠦᠪᠴᠢ ᠳᠤ ᠲᠤᠰ ᠠᠶᠢᠮᠠᠭ ᠤᠨ ᠨᠤᠶᠠᠨ ᠤᠷᠬᠢᠯ ᠪᠤᠯᠤᠨ ᠵᠤᠭᠰᠤᠭᠰᠠᠨ ᠶᠤᠮ᠃   ᠬᠠᠷᠠᠭᠠᠨᠠᠳᠠᠢ ᠬᠠᠨ ᠠᠭᠤᠯᠠ ᠪᠣᠯ ᠦᠵᠦᠮᠦᠴᠢᠨ ᠤ ᠠᠯᠳᠠᠷᠳᠤ ᠲᠠᠪᠤᠨ ᠬᠠᠨ ᠠᠭᠤᠯᠠ ᠶᠢᠨ ᠬᠠᠮᠤᠭ ᠤᠨ ᠠᠬ᠎ᠠ ᠭᠡᠳᠡᠭ᠃  ᠲᠡᠭᠦᠨ ᠤ ︽ᠬᠠᠷ᠎ᠠ ᠭᠤᠨ᠎ᠠ ᠲᠠᠢ︾ ᠭᠡᠳᠡᠭ ᠨᠡᠷᠡᠶᠢᠳᠦᠯ ᠢ ᠡᠷᠲᠡᠨ ᠤ ᠲᠤᠮᠤᠭ ᠲᠤ᠄ ︽ᠠᠳᠡᠬᠢ ᠬᠠᠶᠢᠷᠬᠠᠨ ᠤ ᠯᠤᠤᠰ ᠨᠢ ᠬᠠᠷ᠎ᠠ ᠭᠤᠨ᠎ᠠ ᠶᠢᠨ ᠦᠬᠡᠷ ᠬᠦᠯᠭᠡᠯᠡᠭᠰᠡᠨ ᠰᠠᠬᠢᠭᠤᠯᠰᠤᠨ ᠪᠠᠶᠢᠵᠦ᠂ ᠵᠠᠩᠭᠢᠯᠠᠭ᠎ᠠ ᠪᠠᠴᠢᠮ ᠦᠶ᠎ᠡ ᠳᠤ ᠤᠷᠤᠨ ᠨᠤᠲᠤᠭ ᠤᠨ ᠬᠦᠮᠦᠨ ᠠᠷᠠᠳ ᠢᠶᠠᠨ ᠦᠷᠦᠰᠢᠶᠡᠨ ᠳᠡᠳᠬᠦᠵᠦ ᠪᠠᠶᠢᠭᠰᠠᠨ ᠠᠴᠠ ︿ᠬᠠᠷᠠᠭᠤᠨᠳᠠᠢ﹀ ᠭᠡᠵᠦ ᠡᠷᠬᠦᠮᠵᠢᠯᠡᠭᠰᠡᠨ ᠶᠤᠮ︾ ᠭᠡᠵᠦ ᠬᠠᠭᠤᠴᠢᠯᠠᠳᠠᠭ᠃ ᠶᠡᠷᠦ ᠨᠢ ︽ᠬᠤᠰᠢᠭᠤ ᠰᠠᠩ︾ ᠵᠡᠷᠭᠡ ᠤᠷᠤᠨ ᠨᠤᠲᠤᠭ ᠤᠨ ᠳᠡᠤᠬᠡ ᠬᠤᠯᠪᠤᠭ᠎ᠠ ᠳᠤ ︽ᠬᠠᠷ᠎ᠠ ᠭᠤᠨ᠎ᠠ ᠲᠠᠢ︾ ᠭᠡᠵᠦ ᠳᠡᠮᠳᠡᠭᠯᠡᠵᠦ ᠪᠠᠶᠢᠵᠠᠢ᠃ ᠬᠤᠵᠢᠮ ᠤᠨ ᠬᠦᠮᠦᠰ ︽ᠬᠠᠷᠠᠭᠠᠨᠠᠳᠠᠢ︾ ᠭᠡᠵᠦ ᠳᠦᠭᠦᠮᠴᠢᠯᠡᠭᠡᠳ᠂ ᠤᠳᠤ ︽ᠬᠠᠷᠠᠭᠠᠨᠠᠳᠠᠢ ᠬᠠᠨ ᠠᠭᠤᠯᠠ︾ ᠭᠡᠵᠦ ᠠᠯᠳᠠᠷᠰᠢᠭᠰᠠᠨ ᠪᠠᠶᠢᠨ᠎ᠠ᠃    ᠬᠠᠷᠠᠭᠠᠨᠠᠳᠠᠢ ᠬᠠᠨ ᠠᠭᠤᠯᠠ ᠨᠢ ᠦᠵᠦᠮᠦᠴᠢᠨ ᠲᠠᠪᠤᠨ ᠬᠠᠨ ᠠᠭᠤᠯᠠ ᠶᠢᠨ ᠬᠠᠮᠤᠭ ᠠᠬ᠎ᠠ ᠪᠠ ᠰᠢᠯᠢ ᠶᠢᠨ ᠭᠤᠣᠯ ᠠᠶᠢᠮᠠᠭ ᠤᠨ ᠬᠠᠮᠤᠭ ᠦᠨᠳᠦᠷ ᠨᠤᠶᠠᠨ ᠤᠷᠬᠢᠯ ᠪᠤᠯᠤᠭᠰᠠᠨ ᠤ ᠬᠤᠪᠢ ᠳᠤ᠂ ︽ᠰᠤᠭᠰᠠᠷᠠᠭ᠎ᠠ︾ ᠶᠢᠨ ᠠᠭᠤᠯᠠ ᠨᠢᠷᠤᠭᠤ ᠶᠢᠨ ᠳᠤᠮᠳᠠ᠂ ᠬᠢᠩᠭᠠᠨ ᠳᠠᠪᠠᠭ᠎ᠠ᠂ ᠮᠣᠨᠢ ᠠᠭᠤᠯᠠ ᠶᠢᠨ ᠵᠢᠷᠤᠬᠡ ᠶᠢ ᠬᠤᠯᠪᠤᠨ ᠪᠤᠰᠴᠦ᠂ ᠡᠷᠲᠡ ᠳᠡᠭᠡᠳᠦ ᠳᠡᠭᠡᠨ ᠵᠡᠭᠦᠨ ᠪᠡᠶ᠎ᠡ ᠨᠢ ᠦᠵᠦᠮᠦᠴᠢᠨ ᠪᠠᠷᠠᠭᠤᠨ ᠬᠤᠰᠢᠭᠤᠨ ᠤ ᠪᠤᠷᠤᠰ ᠬᠤᠶᠠᠷ ᠰᠤᠮᠤᠨ ᠳᠤ ᠬᠠᠷᠢᠶᠠᠯᠠᠭᠳᠠᠳᠠᠭ᠃ ᠪᠠᠷᠠᠭᠤᠨ ᠬᠤᠶᠢᠳᠤ ᠪᠡᠶ᠎ᠡ ᠨᠢ ᠬᠤᠶᠠᠷ ᠦᠵᠦᠮᠦᠴᠢᠨ ᠤ ᠠᠶᠢᠯ ᠡᠷᠦᠬᠡ ᠪᠠᠷ ᠪᠦᠷᠢᠯᠳᠦᠭᠰᠡᠨ ︽ᠦᠪᠦᠷ ᠲᠠᠪᠢᠨ ᠤ ᠦᠷᠲᠡᠭᠡ︾ ᠬᠠᠷᠢᠶ᠎ᠠ ᠨᠤᠲᠤᠭ ᠢᠶᠠᠷ ᠳᠠᠮᠵᠢᠵᠦ ᠪᠠᠭᠠᠷᠢᠨ ᠲᠠᠢ ᠵᠠᠬ᠎ᠠ ᠨᠡᠶᠢᠯᠡᠨ᠎ᠡ᠃   ᠬᠠᠷᠠᠭᠠᠨᠠᠳᠠᠢ ᠬᠠᠨ ᠠᠭᠤᠯᠠ ᠶᠢᠨ ᠪᠠᠶᠠᠨ ᠪᠠᠶᠢᠭᠠᠯᠢ ᠥᠭᠯᠢᠭᠡᠴᠢ ᠰᠠᠩ᠂ ᠡᠷᠲᠡ ᠤᠵᠠᠭᠤᠷ ᠠᠴᠠ ᠬᠦᠮᠦᠨ ᠳᠦᠷᠦᠯᠬᠢᠳᠠᠨ ᠤ ᠠᠮᠢᠳᠤᠷᠠᠯ ᠳᠤ ᠬᠢᠵᠠᠭᠠᠷ ᠦᠭᠡᠢ ᠭᠠᠪᠢᠶ᠎ᠠ᠂ ᠬᠡᠮᠵᠢᠶ᠎ᠡ ᠦᠭᠡᠢ ᠵᠢᠳᠬᠦᠯ ᠦᠵᠡᠬᠦᠯᠦᠭᠰᠡᠨ ᠠᠴᠠ ᠮᠤᠩᠭᠤᠯᠴᠤᠳ ᠨᠡᠩ ᠴᠦ ᠦᠵᠦᠮᠦᠴᠢᠨ ᠠᠶᠢᠮᠠᠭ ᠳᠡᠭᠦᠨ ᠤ ᠠᠴᠢ ᠭᠠᠪᠢᠶ᠎ᠠ ᠶᠢ ᠨᠢ ᠪᠢᠰᠢᠷᠡᠨ᠂ ᠠᠤᠭ᠎ᠠ ᠬᠠᠯᠠᠮᠵᠢ ᠶᠢ ᠨᠢ ᠬᠦᠨᠳᠦᠳᠬᠡᠨ᠂ ᠠᠭᠤᠯᠠ ᠤᠰᠤ ᠪᠠᠨ ᠠᠭᠤᠰᠬᠢ ᠶᠢᠨ ᠰᠤᠳᠠᠰᠤ ᠲᠠᠢ ᠪᠠᠨ ᠬᠤᠯᠪᠤᠭᠰᠠᠨ ᠭᠦᠨ ᠵᠣᠵᠠᠭᠠᠨ ᠬᠠᠶᠢᠷ᠎ᠠ ᠰᠡᠳᠬᠢᠯᠭᠡ ᠪᠠᠷ ᠦᠵᠦᠮᠦᠴᠢᠨ ᠠᠶᠢᠮᠠᠭ ᠠᠯᠢ ᠡᠷᠲᠡ ᠠᠷᠪᠠᠨ ᠳᠤᠯᠤᠳᠤᠭᠠᠷ ᠵᠠᠭᠤᠨ ᠤ ᠳᠦᠴᠢᠭᠡᠳ ᠣᠨ ᠳᠤ ᠳᠡᠭᠦᠨ ᠤ ᠵᠡᠭᠦᠨ ᠪᠡᠶ᠎ᠡ ᠳᠤ ︽ᠦᠵᠦᠮᠦᠴᠢᠨ ᠠᠶᠢᠮᠠᠭ ᠤᠨ ᠤᠤᠭᠠᠨ ᠦᠯᠦᠭᠡᠢ — ᠵᠢᠭᠠᠰᠤᠳᠠᠢ ᠶᠢᠨ ᠭᠤᠣᠯ︾ ᠤᠨ ᠡᠬᠢᠨ ᠳᠤ ᠬᠤᠰᠢᠭᠤ ᠵᠠᠰᠠᠭ ᠪᠠᠶᠢᠭᠤᠯᠬᠤ ᠦᠶ᠎ᠡ ᠠᠴᠠ ︽ᠬᠤᠰᠢᠭᠤ ᠣᠪᠣᠭ᠎ᠠ︾ ᠪᠠᠷ ᠲᠤᠭᠳᠠᠭᠠᠨ ᠲᠠᠬᠢᠵᠦ ᠰᠢᠳᠦᠭᠰᠡᠨ ᠪᠠᠶᠢᠵᠠᠢ᠃      
 
ᠢᠷᠡᠯᠲᠡ᠄ ᠦᠵᠦᠮᠦᠴᠢᠨ ᠠᠶᠢᠮᠠᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号