ᠤᠯᠠᠭᠠᠨ ᠤᠲᠠᠢ ᠳᠤ ᠶᠠᠮᠠᠷ ᠨᠠᠭᠠᠳᠤᠮ ᠤᠨ ᠵᠦᠢᠯ ᠪᠠᠶᠢᠳᠠᠭ ᠪᠣᠯ
ᠨᠡᠶᠢᠲᠡᠯᠡᠭᠰᠡᠨ ᠴᠠᠭ᠄
2019/7/16
        ᠤᠯᠠᠭᠠᠨ ᠤᠲᠠᠢ ᠳᠤ ᠶᠠᠮᠠᠷ ᠨᠠᠭᠠᠳᠤᠮ ᠤᠨ ᠵᠦᠢᠯ ᠪᠠᠶᠢᠳᠠᠭ ᠪᠣᠯ     ᠲᠠᠪᠤᠨ ᠬᠤᠰᠢᠭᠤ ᠮᠠᠯ ᠲᠠᠯ᠎ᠠ ᠳᠦᠭᠦᠷᠡᠩ ᠪᠡᠯᠴᠢᠵᠦ᠂ ᠲᠠᠯ᠎ᠠ  ᠶᠢᠨ ᠭᠤᠷᠭᠤᠤᠯᠳᠠᠢ ᠤᠭᠲᠠᠷᠭᠤᠢ ᠳᠤ ᠵᠢᠷᠬᠢᠨ ᠲᠤᠩᠭᠤᠳᠤᠭᠰᠠᠨ ᠴᠠᠭ ᠪᠣᠯ ᠲᠠᠯ᠎ᠠ ᠨᠤᠲᠤᠭ ᠤᠨ ᠬᠠᠮᠤᠭ ᠤᠨ ᠰᠠᠶᠢᠬᠠᠨ ᠤᠯᠠᠷᠢᠯ ᠪᠤᠯᠤᠨ᠎ᠠ᠃ ᠬᠤᠯᠠ ᠤᠶᠢᠷ᠎ᠠ ᠠᠴᠠ ᠢᠷᠡᠭᠰᠡᠨ ᠭᠡᠶᠢᠴᠢᠨ ᠪᠦᠬᠦᠨ᠂ ᠣᠪᠣᠭᠠᠨ ᠰᠤᠶᠤᠯ ᠢ ᠤᠶᠢᠯᠠᠭᠠᠨ ᠤᠩᠭᠤᠨ ᠪᠠᠶᠢᠭᠠᠯᠢ ᠪᠠᠷ ᠵᠤᠭᠠᠴᠠᠶ᠎ᠠ ᠭᠡᠪᠡᠯ᠂ ᠤᠯᠠᠭᠠᠨ ᠤᠲᠠᠢ ᠨᠢ ᠲᠠᠨ ᠤ ᠲᠡᠷᠢᠬᠦᠨ ᠰᠤᠩᠭᠤᠯᠲᠠ ᠪᠠᠶᠢᠵᠦ ᠲᠠᠭᠠᠷᠠᠨ᠎ᠠ᠃
     ᠤᠯᠠᠭᠠᠨ ᠤᠲᠠᠢ ᠨᠢ ᠤᠯᠤᠰ ᠤᠨ 4A ᠳᠡᠰ ᠤᠨ ᠵᠤᠭᠠᠴᠠᠯ ᠤᠨ ᠤᠷᠤᠨ ᠪᠠᠶᠢᠵᠦ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠬᠦᠭᠵᠢᠯᠲᠦ ᠭᠠᠴᠠᠭᠠᠨ ᠳᠤ ᠪᠠᠶᠢᠷᠢᠯᠠᠳᠠᠭ᠃ ᠤᠯᠠᠭᠠᠨ ᠤᠲᠠᠢ ᠨᠢ ᠰᠢᠯᠢᠩᠬᠤᠲᠠ ᠠᠴᠠ 110 ᠺᠢᠯᠤᠮᠧᠲᠷ᠂ S307 ᠮᠤᠵᠢ ᠶᠢᠨ ᠵᠠᠮ ᠠᠴᠠ 20 ᠺᠢᠯᠤᠮᠧᠲᠷ ᠤᠨ ᠵᠠᠢ ᠳᠤ ᠪᠠᠶᠢᠷᠢᠯᠠᠵᠦ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠲᠥᠪ ᠪᠣᠯᠬᠤ ᠪᠠᠯᠭᠠᠷ ᠭᠤᠣᠯ ᠪᠠᠯᠭᠠᠰᠤᠨ ᠠᠴᠠ 68 ᠺᠢᠯᠤᠮᠧᠲᠷ᠂ ᠵᠢᠷ ᠤᠨ ᠭᠤᠣᠯ ᠪᠠᠯᠭᠠᠰᠤᠨ ᠠᠴᠠ 25 ᠺᠢᠯᠤᠮᠧᠲᠷ ᠤᠨ ᠵᠠᠢ ᠳᠤ ᠪᠠᠶᠢᠷᠢᠯᠠᠳᠠᠭ
  ᠤᠯᠠᠭᠠᠨ ᠤᠳᠠᠢ ᠶᠢᠨ ᠵᠤᠭᠠᠴᠠᠯ ᠤᠨ ᠤᠷᠤᠨ ᠳᠤ ᠳᠤᠭᠤᠷᠢᠨ ᠵᠤᠭᠠᠴᠠᠬᠤ ᠳᠤ ᠬᠦᠷᠪᠡᠯ᠂ ᠤᠳᠠᠢ ᠶᠢᠨ ᠰᠦᠮ᠎ᠡ᠂ ᠨᠠᠢᠮᠠᠨ ᠰᠤᠪᠤᠷᠭ᠎ᠠ᠂ ᠴᠢᠩᠭᠢᠰ ᠬᠠᠭᠠᠨ ᠤ ᠠᠭᠤᠳᠠᠮ ᠲᠠᠯᠠᠪᠠᠢ᠂ ᠴᠢᠩᠭᠢᠰ ᠬᠠᠭᠠᠨ ᠤ ᠬᠦᠷᠦᠭ᠂ ᠲᠡᠭᠷᠢᠯᠢᠭ ᠣᠪᠣᠭ᠎ᠠ ᠵᠡᠷᠭᠡ ᠭᠤᠶᠢᠳᠠ ᠰᠠᠶᠢᠬᠠᠨ ᠢ ᠤᠯᠵᠦ ᠬᠠᠷᠠᠬᠤ ᠪᠠᠷ ᠪᠠᠷᠠᠬᠤ ᠦᠭᠡᠢ ᠲᠠᠯ᠎ᠠ ᠨᠤᠲᠤᠭ ᠤᠨ ᠥᠩᠭᠡ ᠦᠵᠡᠮᠵᠢ ᠶᠢ ᠰᠤᠨᠢᠷᠬᠠᠵᠦ᠂ ᠦᠨᠳᠦᠰᠦᠳᠡᠨ ᠤ ᠤᠨᠴᠠᠯᠢᠭᠳᠤ ᠢᠳᠡᠭᠡᠨ ᠤᠮᠳᠠᠭᠠᠨ ᠠᠴᠠ ᠠᠮᠳᠠᠯᠠᠬᠤ ᠠᠴᠠ ᠭᠠᠳᠠᠨ᠎ᠠ ᠡᠪᠡᠰᠦᠨ ᠳᠤ ᠭᠤᠯᠭᠤᠬᠤ᠂ ᠮᠦᠷᠭᠦᠯᠳᠦᠭᠡ ᠲᠡᠷᠭᠡ᠂ ᠰᠤᠷ ᠬᠠᠷᠪᠤᠯᠲᠠ ᠵᠡᠷᠭᠡ ᠲᠠᠯ᠎ᠠ ᠨᠤᠲᠤᠭ ᠤᠨ ᠤᠨᠴᠠᠯᠢᠭᠳᠤ ᠨᠠᠭᠠᠳᠤᠮ ᠲᠤᠭᠯᠠᠭᠠᠮ ᠳᠤ ᠤᠷᠤᠯᠴᠠᠵᠦ ᠴᠢᠳᠠᠬᠤ ᠪᠤᠯᠤᠨ᠎ᠠ᠃
   ᠤᠯᠠᠭᠠᠨ ᠤᠳᠠᠢ ᠨᠢ 550 ᠮᠧᠲᠷ ᠤᠨ ᠵᠤᠭᠠᠴᠠᠭᠰᠠᠳ ᠢ ᠲᠡᠭᠡᠭᠡᠪᠦᠷᠢᠯᠡᠬᠦ ᠲᠡᠭᠦᠵᠢᠩ ᠵᠠᠮ ᠪᠠᠶᠢᠭᠤᠯᠤᠨ᠂ ᠨᠢᠭᠡᠨᠲᠡ ᠠᠰᠢᠭᠯᠠᠯᠳᠠ ᠳᠤ ᠤᠷᠤᠵᠦ᠂ ᠡᠨᠡᠬᠦ ᠲᠡᠭᠦᠵᠢᠩ ᠵᠠᠮ ᠨᠢ ᠪᠠᠷᠠᠭᠤᠨ ᠦᠵᠦᠮᠦᠴᠢᠨ ᠬᠤᠰᠢᠭᠤᠨ ᠤ ᠠᠩᠬᠠᠳᠠᠭᠴᠢ ᠠᠪᠳᠠᠷᠠᠯᠢᠭ ᠬᠡᠯᠪᠡᠷᠢᠳᠤ ᠲᠤᠭᠤᠷᠢᠨ ᠦᠵᠡᠬᠦ ᠲᠡᠭᠦᠵᠢᠩ ᠵᠠᠮ ᠪᠠᠶᠢᠵᠦ᠂ ᠵᠤᠭᠠᠴᠠᠭᠰᠠᠳ ᠲᠤᠰ ᠲᠡᠭᠦᠵᠢᠩ ᠵᠠᠮ ᠢᠶᠠᠷ ᠳᠠᠮᠵᠢᠨ᠂ ᠤᠯᠠᠭᠠᠨ ᠤᠲᠠᠢ ᠶᠢᠨ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠡᠮᠦᠨ᠎ᠡ ᠭᠡᠰᠡᠭ ᠤᠨ ᠬᠡᠶᠢᠮᠦᠷᠢᠳᠤ ᠶᠢᠨ ᠣᠪᠤᠭᠠᠨ ᠰᠢᠭᠤᠳ ᠬᠦᠷᠴᠦ᠂ ᠲᠠᠯ᠎ᠠ ᠨᠤᠲᠤᠭ ᠤᠨ ᠭᠤᠶᠤᠮᠰᠤᠭ ᠦᠵᠡᠮᠵᠢ ᠶᠢ ᠲᠠᠭᠠᠳᠠᠢ ᠰᠠᠶᠢᠬᠠᠨ ᠰᠤᠨᠢᠷᠬᠠᠵᠦ ᠴᠢᠲᠠᠨ᠎ᠠ᠃    ᠤᠯᠠᠭᠠᠨ ᠤᠲᠠᠢ ᠵᠤᠭᠠᠴᠠᠯ ᠤᠨ ᠤᠷᠤᠨ ᠨᠢ ᠤᠲᠤ ᠠᠴᠠ 7  ᠰᠠᠷ᠎ᠠ ᠶᠢᠨ 20 ᠬᠦᠷᠲᠡᠯ᠎ᠡ᠂  2019 ᠣᠨ ᠳᠤ ᠲᠡᠭᠦᠰᠦᠭᠰᠡᠨ ᠤᠶᠤᠲᠠᠳ ᠲᠤ ᠲᠡᠭᠦᠰᠬᠦ ᠦᠨᠡᠮᠯᠡᠯ ᠢᠶᠠᠨ ᠠᠪᠴᠦ ᠬᠦᠷᠪᠡᠯ ᠰᠦᠢᠳᠬᠡᠯ ᠦᠭᠡᠢ ᠲᠤᠭᠤᠷᠢᠨ ᠵᠤᠭᠠᠴᠠᠬᠤ ᠬᠠᠷᠠᠭᠠᠯᠵᠠᠯ ᠦᠵᠡᠬᠦᠯᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号