ᠪᠠᠷᠠᠭᠤᠨ ᠦᠵᠦᠮᠦᠴᠢᠨ ᠬᠤᠰᠢᠭᠤ ᠤᠳᠤᠬᠠᠨ ᠪᠤᠯᠲᠠᠯ᠎ᠠ 83 ᠳᠦᠮᠡᠨ ᠪᠣᠳᠠ ᠪᠤᠭ ᠮᠠᠯ ᠤᠨ ᠭᠠᠷᠭᠠᠯᠳᠠ ᠶᠢ ᠪᠡᠶᠡᠯᠡᠬᠦᠯᠦᠯ᠎ᠡ
ᠨᠡᠶᠢᠲᠡᠯᠡᠭᠰᠡᠨ ᠴᠠᠭ᠄
2020/10/10
  ᠪᠠᠷᠠᠭᠤᠨ ᠦᠵᠦᠮᠦᠴᠢᠨ ᠬᠤᠰᠢᠭᠤ ᠤᠳᠤᠬᠠᠨ ᠪᠤᠯᠲᠠᠯ᠎ᠠ 83 ᠳᠦᠮᠡᠨ ᠪᠣᠳᠠ ᠪᠤᠭ ᠮᠠᠯ ᠤᠨ ᠭᠠᠷᠭᠠᠯᠳᠠ ᠶᠢ ᠪᠡᠶᠡᠯᠡᠬᠦᠯᠦᠯ᠎ᠡ    ᠮᠠᠯ ᠤᠨ ᠭᠠᠷᠭᠠᠯᠳᠠ ᠶᠢᠨ ᠤᠯᠠᠷᠢᠯ ᠪᠤᠯᠤᠭᠰᠠᠨ ᠵᠢᠴᠢ ᠡᠨᠡ ᠵᠢᠯ ᠤᠨ ᠮᠠᠯ ᠤᠨ ᠦᠨ᠎ᠡ ᠬᠠᠩᠰᠢ ᠦᠷᠭᠦᠯᠵᠢᠯᠡᠨ ᠥᠰᠬᠦ ᠶᠢ ᠳᠠᠭᠠᠯᠳᠤᠨ᠂ ᠪᠠᠷᠠᠭᠤᠨ ᠦᠵᠦᠮᠦᠴᠢᠨ ᠬᠤᠰᠢᠭᠤ ᠨᠢ ᠪᠦᠳᠦᠮᠵᠢᠳᠡᠢ ᠠᠷᠭ᠎ᠠ ᠬᠡᠮᠵᠢᠶ᠎ᠡ ᠠᠪᠴᠦ᠂ ᠮᠠᠯᠴᠢᠳ ᠤᠨ ᠮᠠᠯ ᠤᠨ ᠭᠠᠷᠭᠠᠯᠳᠠ ᠶᠢ ᠳᠦᠷᠭᠡᠳᠬᠡᠵᠦ᠂ ᠡᠪᠦᠯ ᠤᠨ ᠤᠯᠠᠷᠢᠯ ᠤᠨ ᠡᠪᠡᠰᠤ ᠪᠤᠷᠳᠤᠭ᠎ᠠ ᠨᠦᠭᠡᠴᠡᠯᠡᠬᠦ ᠠᠵᠢᠯ ᠢ ᠵᠢᠯᠤᠭᠤᠳᠤᠨ᠂ ᠮᠠᠯᠴᠢᠳ ᠤᠨ ᠤᠷᠤᠯᠭ᠎ᠠ ᠶᠢᠨ ᠲᠤᠭᠲᠠᠭᠤᠨ ᠪᠠᠶᠢᠬᠤ ᠶᠢ ᠪᠠᠳᠤᠯᠠᠵᠦ ᠪᠤᠢ  ᠃
 
   ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠤᠨᠳᠤᠷᠠᠢ ᠭᠠᠴᠠᠭᠠᠨ ᠤ ᠮᠠᠯᠴᠢᠳ ᠤᠨ ᠬᠢᠨ ᠦᠪᠡᠷ ᠤᠨ 1300 ᠮᠦ ᠨᠤᠲᠤᠭ ᠪᠡᠯᠴᠢᠭᠡᠷ ᠪᠤᠯᠤᠨ ᠪᠤᠰᠤᠳ ᠠᠴᠠ ᠳᠦᠷᠢᠶᠡᠰᠦᠯᠡᠭᠰᠡᠨ 1700 ᠮᠦ ᠨᠤᠲᠤᠭ ᠪᠡᠯᠴᠢᠭᠡᠷ ᠲᠡᠭᠡᠨ 60 ᠭᠠᠷᠤᠢ ᠰᠢᠮᠧᠨ᠋ᠲᠷ ᠦᠬᠡᠷ᠂ 80 ᠭᠠᠷᠤᠢ ᠬᠤᠨᠢ ᠢᠮᠠᠭ᠎ᠠ ᠡᠪᠦᠯᠵᠢᠬᠦᠯᠵᠦ᠂ ᠤᠳᠤᠬᠠᠨ ᠪᠤᠯᠲᠠᠯ᠎ᠠ᠂ 30 ᠲᠤᠭᠤᠯ ᠢᠶᠠᠨ ᠭᠠᠷᠭᠠᠯᠳᠠ ᠳᠤ ᠭᠠᠷᠭᠠᠨ᠂ ᠡᠪᠦᠯᠵᠢᠬᠦᠯᠬᠦ ᠮᠠᠯ ᠳᠠᠭᠠᠨ 60 ᠲᠣᠨ  ᠬᠦᠬᠡ ᠡᠪᠡᠰᠤ ᠪᠡᠯᠡᠳᠬᠡᠭᠰᠡᠨ ᠪᠠᠶᠢᠯ᠎ᠠ᠃ ᠰᠤᠷᠪᠤᠯᠵᠢᠯᠠᠭᠴᠢ ᠶᠢ ᠬᠦᠷᠬᠦ ᠳᠤ ᠡᠳᠡᠨᠠᠶᠢᠬᠢᠨ ᠤ ᠡᠪᠡᠰᠤ ᠬᠠᠳᠤᠵᠦ ᠬᠤᠷᠢᠶᠠᠬᠤ ᠠᠵᠢᠯ ᠦᠨᠳᠦᠰᠤᠨ ᠳᠡᠭᠡᠨ ᠳᠠᠭᠤᠰᠴᠦ᠂ ᠮᠠᠯ ᠪᠡᠯᠴᠢᠭᠡᠷ ᠤᠨ ᠢᠶᠠᠨ ᠳᠡᠩᠴᠡᠬᠦᠷᠢ ᠶᠢ ᠪᠤᠳᠤᠯᠬᠢᠯᠠᠨ᠂ ᠪᠠᠰᠠ ᠳᠦᠴᠢᠭᠡᠳ ᠬᠤᠷᠠᠭ᠎ᠠ ᠬᠤᠳᠠᠯᠳᠤᠬᠤ ᠪᠠᠷ ᠳᠦᠯᠦᠪᠯᠡᠵᠦ ᠪᠠᠶᠢᠯ᠎ᠠ᠃
   ᠡᠨᠡ ᠵᠢᠯ ᠪᠦᠬᠦ ᠬᠤᠰᠢᠭᠤᠨ ᠤ ᠬᠡᠪᠴᠢᠶᠡᠨ ᠳᠤ ᠬᠤᠷ᠎ᠠ ᠪᠤᠷᠤᠭᠠᠨ ᠡᠯᠪᠡᠭ᠂ ᠪᠡᠯᠴᠢᠭᠡᠷ ᠡᠪᠡᠰᠦᠨ ᠤ ᠤᠷᠭᠤᠯᠲᠠ ᠰᠠᠶᠢᠨ ᠪᠠᠶᠢᠵᠦ᠂ ᠮᠠᠯ ᠤᠨ ᠲᠠᠷᠭᠤ ᠬᠦᠴᠦ ᠴᠦ ᠨᠡᠶᠢᠳᠡᠮ ᠰᠠᠶᠢᠨ ᠪᠤᠯᠬᠤᠷ ᠦᠨ᠎ᠡ ᠬᠠᠩᠰᠢ ᠴᠦ ᠦᠷᠭᠦᠯᠵᠢᠯᠡᠨ ᠦᠰᠴᠡᠢ᠃ ᠪᠠᠷᠠᠭᠤᠨ ᠦᠵᠦᠮᠦᠴᠢᠨ ᠬᠤᠰᠢᠭᠤ ᠨᠢ ᠮᠠᠯᠴᠢᠳ ᠤᠨ ᠮᠠᠯ ᠤᠨ ᠭᠠᠷᠭᠠᠯᠳᠠ ᠶᠢᠨ ᠠᠵᠢᠯ ᠢ ᠢᠳᠡᠪᠬᠢᠳᠡᠢ ᠬᠦᠳᠦᠯᠦᠨ ᠵᠢᠯᠤᠭᠤᠳᠴᠦ᠂ ᠮᠠᠯ ᠪᠡᠯᠴᠢᠭᠡᠷ ᠤᠨ ᠳᠡᠩᠴᠡᠬᠦᠷᠢ ᠶᠢ ᠪᠠᠲᠤᠯᠠᠬᠤ᠂ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠵᠡᠷᠭᠡ ᠠᠵᠢᠯ ᠲᠠᠢ ᠤᠶᠠᠯᠳᠤᠭᠤᠯᠵᠦ᠂ ᠤᠬᠠᠭᠤᠯᠭ᠎ᠠ ᠰᠤᠷᠲᠠᠯᠴᠢᠯᠠᠭ᠎ᠠ ᠶᠢ ᠰᠠᠶᠢᠳᠤᠷ ᠬᠢᠬᠦ᠂ ᠠᠵᠤ ᠠᠬᠤᠶᠢᠯᠠᠯ ᠤᠨ ᠡᠳ᠋ᠰᠢᠬᠦᠯᠦᠨ ᠪᠤᠯᠪᠠᠰᠤᠷᠠᠭᠤᠯᠬᠤ ᠶᠢ ᠳᠦᠷᠭᠡᠳᠬᠡᠬᠦ᠂ ᠬᠢᠵᠢᠭ ᠪᠠᠶᠢᠴᠠᠭᠠᠵᠦ ᠰᠢᠯᠭᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ ᠤᠯᠠᠨ ᠲᠠᠯ᠎ᠠ ᠶᠢᠨ ᠢᠳᠡᠪᠬᠢᠳᠡᠢ ᠠᠷᠭ᠎ᠠ ᠬᠡᠮᠵᠢᠶ᠎ᠡ ᠠᠪᠤᠭᠰᠠᠨ ᠢᠶᠠᠷ ᠮᠠᠯ ᠤᠨ ᠭᠠᠷᠭᠠᠯᠳᠠ ᠶᠢᠨ ᠠᠵᠢᠯ ᠤᠷᠤᠭᠰᠢᠳᠠᠢ ᠶᠠᠪᠤᠭᠳᠠᠵᠤ᠂ ᠤᠳᠤᠬᠠᠨ ᠪᠤᠯᠲᠠᠯ᠎ᠠ᠂ ᠨᠡᠶᠢᠲᠡ 83 ᠳᠦᠮᠡᠨ ᠪᠤᠲᠠ ᠪᠤᠭ ᠮᠠᠯ ᠢ ᠭᠠᠷᠭᠠᠯᠳᠠ ᠳᠤ ᠭᠠᠷᠭᠠᠵᠦ᠂ ᠡᠭᠦᠨ ᠳᠤ ᠪᠣᠲᠠ ᠮᠠᠯ 9.1 ᠳᠦᠮᠡ᠂ ᠪᠣᠭ ᠮᠠᠯ 73.9 ᠳᠦᠮᠡ ᠪᠤᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号