ᠮᠠᠨ ᠤ ᠬᠤᠰᠢᠭᠤᠨ ᠤ 2020 ᠤᠨ ᠤ ᠵᠠᠯᠠᠭᠤ ᠪᠠᠭᠠᠴᠣᠳ ᠤᠨ ︽ᠲᠤᠮᠳᠠᠳᠣ ᠶᠢᠨ ᠰᠦᠭ ᠰᠦᠨᠠᠰᠣ︾ ᠭᠤᠤᠯ ᠰᠠᠳᠣᠪᠳᠣ ᠠᠵᠢᠯᠯᠠᠭ᠎ᠠ ᠡᠬᠢᠯᠡᠭᠰᠡᠨ
ᠨᠡᠶᠢᠲᠡᠯᠡᠭᠰᠡᠨ ᠴᠠᠭ᠄
2020/10/14
    ᠮᠠᠨ ᠤ ᠬᠤᠰᠢᠭᠤᠨ ᠤ 2020 ᠤᠨ ᠤ ᠵᠠᠯᠠᠭᠤ ᠪᠠᠭᠠᠴᠣᠳ ᠤᠨ ︽ᠲᠤᠮᠳᠠᠳᠣ ᠶᠢᠨ ᠰᠦᠭ ᠰᠦᠨᠠᠰᠣ︾ ᠭᠤᠤᠯ ᠰᠠᠳᠣᠪᠳᠣ ᠠᠵᠢᠯᠯᠠᠭ᠎ᠠ ᠡᠬᠢᠯᠡᠭᠰᠡᠨ                                2020 ᠤᠨ ᠤ ᠵᠠᠯᠠᠭᠤ ᠪᠠᠭᠠᠴᠣᠳ ᠤᠨ ︽ᠲᠤᠮᠳᠠᠳᠣ ᠶᠢᠨ ᠰᠦᠭ ᠰᠦᠨᠠᠰᠣ  ︾ ᠭᠤᠤᠯ ᠰᠠᠳᠣᠪᠳᠣ ᠠᠵᠢᠯᠯᠠᠭ᠎ᠠ  ᠶᠢ ᠭᠦᠨᠵᠡᠬᠡᠢ ᠦᠷᠨᠢᠬᠦᠯᠬᠦ ᠵᠤᠷᠢᠯᠭ᠎ᠠ ᠪᠠᠷ ᠮᠠᠨ ᠤ ᠬᠤᠰᠢᠭᠤ᠂10 ᠰᠠᠷ᠎ᠡ ᠶᠢᠨ 12 ᠤ ᠦᠳᠠ ᠶᠢᠨ ᠬᠤᠶᠢᠨ᠎ᠠ᠂ 2020 ᠤᠨ ᠤ ᠵᠠᠯᠠᠭᠤ ᠪᠠᠭᠠᠴᠣᠳ ᠤᠨ ︽ᠲᠤᠮᠳᠠᠳᠣ ᠶᠢᠨ ᠰᠦᠭ ᠰᠦᠨᠠᠰᠣ  ︾ ᠭᠤᠤᠯ ᠰᠠᠳᠣᠪᠳᠣ ᠠᠵᠢᠯᠯᠠᠭ᠎ᠠ ᠶᠢ ᠡᠬᠢᠯᠠᠨ  ᠶᠠᠪᠤᠭᠳᠠᠭᠤᠯᠵᠡᠢ᠃
 
   ᠡᠬᠢᠯᠠᠯᠳᠠ ᠶᠢᠨ ᠶᠤᠰᠤᠯᠠᠯ ᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠠᠰ᠂ ᠬᠤᠰᠢᠭᠤᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠵᠦᠪᠯᠠᠯ᠂ ᠰᠣᠷᠭᠠᠨ ᠬᠦᠮᠦᠵᠢᠯ ᠤᠨ ᠲᠤᠪᠴᠢᠶ᠎ᠠ᠂ ᠡᠪᠯᠡᠯ ᠤᠨ ᠬᠤᠷᠢᠶ᠎ᠠ᠂ ᠡᠷᠡᠬᠦᠯ ᠬᠠᠮᠠᠭᠠᠯᠠᠯ ᠡᠷᠡᠬᠦᠯ ᠮᠠᠨᠳᠣ ᠶᠢᠨ ᠵᠦᠪᠯᠠᠯ ᠵᠢᠴᠢ ᠡᠯ᠎ᠠ ᠲᠤᠮᠳᠠᠳᠣ ᠪᠠᠭ᠎ᠠ ᠰᠣᠷᠭᠠᠭᠤᠯᠢ ᠴᠡᠴᠡᠷᠯᠢᠭ ᠤᠨ ᠬᠠᠮᠢᠶᠠᠳᠠᠢ  ᠬᠠᠷᠢᠭᠤᠴᠠᠯᠭᠠᠳᠠᠨ  ᠤᠷᠤᠯᠴᠠᠵᠦ᠂ ︽ᠲᠤᠮᠳᠠᠳᠣ ᠶᠢᠨ ᠰᠦᠭ ᠰᠦᠨᠠᠰᠣ︾ ᠭᠤᠤᠯ ᠰᠠᠳᠣᠪᠳᠣ ᠠᠵᠢᠯᠯᠠᠭᠠᠨ ᠤ ᠲᠤᠭᠤᠷᠢᠨ  ᠳᠤ ᠪᠦᠬᠦ ᠬᠤᠰᠢᠭᠤᠨ ᠤ ᠵᠠᠯᠠᠭᠤ ᠪᠠᠭᠠᠴᠣᠳ ᠢ ᠨᠤᠮ ᠦᠵᠡᠵᠦ ᠨᠤᠮ ᠤᠩᠰᠢᠬᠤ ᠶᠢ ᠤᠳᠣᠷᠢᠳᠣᠨ ᠲᠠᠭᠠᠭᠤᠯᠤᠨ᠂ ᠤᠯᠠᠨ ᠨᠤᠮ᠂ ᠰᠠᠶᠢᠨ ᠨᠤᠮ ᠤᠩᠰᠢᠬᠤ ᠶᠢ ᠵᠤᠷᠢᠭᠵᠢᠭᠤᠯᠵᠦ᠂ ᠬᠠᠷᠠᠬᠠᠨ ᠪᠠᠭ᠎ᠠ ᠠᠴᠠ   ᠪᠠᠨ ᠨᠤᠮ ᠪᠢᠴᠢᠭ ᠤᠩᠰᠢᠬᠤ ᠰᠠᠶᠢᠨ ᠰᠠᠶᠢᠬᠠᠨ ᠲᠠᠳᠬᠠᠯ ᠲᠠᠢ ᠪᠤᠯᠭᠠᠬᠤ ᠪᠠᠷ ᠴᠢᠷᠮᠠᠶᠢᠨ ᠠᠵᠢᠯᠯᠠᠬᠤ ᠬᠡᠷᠡᠭᠳᠠᠢ ᠬᠡᠵᠡᠢ᠃
 ᠠᠵᠢᠯᠯᠠᠭᠠᠨ ᠳᠤ ᠪᠠᠰᠠ ᠪᠦᠬᠦ ᠬᠤᠰᠢᠭᠤᠨ ᠤ ᠡᠯ᠎ᠠ ᠲᠤᠮᠳᠠᠳᠣ ᠪᠠᠭ᠎ᠠ ᠰᠣᠷᠭᠠᠭᠤᠯᠢ ᠵᠢᠴᠢ ᠴᠡᠴᠡᠷᠯᠢᠭ ᠲᠤ  ︽ᠰᠢᠨᠵᠢᠯᠠᠬᠦ ᠤᠬᠠᠭᠠᠨ ᠢᠶᠠᠷ ᠤᠯᠤᠰ ᠢᠶᠠᠨ ᠭᠦᠴᠦᠷᠬᠡᠭᠵᠢᠬᠦᠯᠬᠦ ᠭᠦᠰᠠᠯᠠᠩ︾ ᠬᠡᠬᠦ ᠭᠤᠤᠯ ᠰᠠᠳᠣᠪᠳᠣ ᠨᠤᠮ ᠢ 2400 ᠬᠤᠪᠢ ᠲᠠᠷᠠᠬᠠᠭᠠᠨ ᠦᠭᠴᠦ᠂ ᠰᠣᠷᠤᠭᠴᠢᠳ ᠤᠨ ᠨᠤᠮ ᠪᠢᠴᠢᠭ ᠲᠠᠢ ᠢᠯᠡᠬᠦᠬᠡᠨ ᠨᠦᠬᠦᠷᠯᠠᠨ ᠨᠠᠶᠢᠬᠡᠮ ᠨᠠᠶᠢᠳᠠ ᠳᠤ  ᠬᠡᠷᠡᠭᠴᠡᠭᠡ  ᠲᠠᠢ ᠬᠦᠮᠦᠨ  ᠪᠤᠯᠤᠨ ᠬᠦᠮᠦᠵᠢᠭᠳᠡᠭᠦ ᠳᠤ ᠨᠢ ᠲᠤᠰᠠ ᠪᠤᠯᠬᠤ ᠶᠢ ᠵᠤᠷᠢᠵᠡᠢ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号