ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ | ᠭᠡᠯᠳᠡᠰ ᠤᠨ ᠠᠯᠪᠠᠨ ᠵᠠᠷᠯᠠᠯ | ︵29 ᠳ᠋ᠤᠭᠡᠷ ᠲᠤᠭᠠᠳᠤ︶ | | | 2020 ᠣᠨ ᠤ 10 ᠰᠠᠷ᠎ᠠ ᠶᠢᠨ 12 ᠤᠨ ᠡᠳᠦᠷ ᠤᠨ 12 ᠴᠠᠭ ᠪᠣᠯᠲᠠᠯ᠎ᠠ᠂ ᠱᠠᠨᠳᠦ᠋ᠩ ᠮᠤᠵᠢ ᠶᠢᠨ | ᠴᠢᠩᠳᠣᠤ ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠭᠳᠠᠠᠭᠰᠠᠨ ᠡᠪᠡᠳᠴᠢᠳᠡᠨ ᠨᠡᠶᠢᠲᠡ | 6 ᠶᠢ ᠢᠯᠡᠷᠡᠬᠦᠯᠵᠦ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 6 ᠶᠢ ᠢᠯᠡᠷᠡᠬᠦᠯᠪᠡ᠃ ᠮᠠᠨ ᠤ | ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ 9 ᠰᠠᠷ᠎ᠠ ᠶᠢᠨ 28 ᠤ ᠡᠳᠦᠷ ᠠᠴᠠ ᠨᠠᠰᠢ᠂ ᠴᠢᠩᠳᠣᠤ ᠬᠤᠲᠠ ᠵᠢᠴᠢ ᠤᠯᠤᠰ ᠤᠨ | ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ ᠪᠠᠶᠢᠭ᠎ᠠ ᠬᠢᠵᠢᠭ ᠤᠨ ᠳᠤᠮᠳᠠ᠂ ᠥᠨᠳᠥᠷ ᠳᠡᠰ ᠤᠨ ᠲᠦᠭᠰᠢᠬᠦᠷᠢᠳᠡᠢ | ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ︵ᠢᠷᠡᠬᠦ ᠭᠡᠵᠦ ᠪᠠᠶᠢᠭ᠎ᠠ︶ ᠬᠥᠮᠦᠰ ᠡᠷᠬᠡᠪᠰᠢ | ᠥᠪᠡᠷ ᠤᠨ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠨᠢᠭᠡᠴᠡ ᠳᠤ ᠪᠠᠨ | ᠰᠠᠨᠠᠭᠠᠴᠢᠯᠠᠭ᠎ᠠ ᠠᠴᠠ ᠪᠠᠨ ᠳᠠᠩᠰᠠᠯᠠᠭᠤᠯᠤᠨ ᠮᠡᠳᠡᠬᠦᠯᠬᠦ ᠶᠢᠨ ᠬᠠᠮᠳᠤ ᠮᠠᠨ ᠤ ᠬᠤᠰᠢᠭᠤᠨ ᠳᠤ ᠢᠷᠡᠬᠦ ᠠᠴᠠ ᠡᠮᠦᠨᠡᠬᠢ | 7 ᠡᠳᠦᠷ ᠤᠨ ᠳᠤᠳᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ | ᠬᠡᠷᠡᠭᠳᠡᠢ᠃ ᠪᠥᠭᠡᠮ ᠬᠦᠴᠢᠯ ᠪᠠᠶᠢᠴᠠᠭᠠᠭᠰᠠᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠦ ᠳᠡᠶᠢᠯᠬᠦ ᠦᠭᠡᠢ ᠪᠣᠯ᠂ | ᠡᠷᠬᠡᠪᠰᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ᠂ ᠰᠤᠮᠤ ᠪᠠᠯᠭᠠᠰᠤ᠂ | ᠭᠠᠴᠠᠭ᠎ᠠ ︵ᠨᠡᠶᠢᠭᠡᠮ ᠲᠣᠭᠤᠷᠢᠭ︶ ᠲᠠᠢ ᠬᠠᠮᠵᠢᠯᠴᠠᠨ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ | ᠬᠤᠶᠠᠷ᠂ ᠡᠯ᠎ᠡ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ᠂ | ᠭᠠᠴᠠᠭ᠎ᠠ ︵ᠨᠡᠶᠢᠭᠡᠮ ᠲᠣᠭᠤᠷᠢᠭ︶ ᠨᠢ ᠲᠤᠤᠷᠴᠢᠯᠠᠭᠰᠠᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ | ᠴᠢᠩᠳᠣᠤ ᠬᠤᠲᠠ ᠠᠴᠠ ᠮᠠᠨ ᠤ ᠬᠤᠰᠢᠭᠤᠨ ᠳᠤ ᠪᠤᠴᠠᠵᠦ ᠢᠷᠡᠭᠰᠡᠨ ᠬᠥᠮᠦᠰ ᠢ ᠮᠥᠷᠳᠡᠨ ᠪᠠᠶᠢᠴᠠᠭᠠᠬᠤ ᠠᠵᠢᠯ ᠢ | ᠰᠠᠶᠢᠲᠤᠷ ᠬᠢᠵᠦ᠂ 48 ᠴᠠᠭ ᠤᠨ ᠳᠣᠲᠣᠷ᠎ᠠ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ᠬᠤᠰᠢᠭᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ | ᠳᠤᠭᠤᠶᠢᠯᠠᠩ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠳᠤ ᠴᠠᠭ ᠲᠤᠬᠠᠶ ᠳᠤᠨᠢ ᠲᠠᠩᠰᠠᠯᠠᠨ | ᠮᠡᠳᠡᠭᠦᠯᠬᠦ ᠬᠡᠷᠡᠭᠲᠡᠶ᠃ ᠡᠯ᠎ᠡ ᠵᠣᠴᠢᠳ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠡᠵᠡᠩᠨᠡᠭᠴᠢᠳ | ᠭᠠᠳᠠᠨ᠎ᠠ ᠠᠴᠠ ᠢᠷᠡᠭᠰᠡᠨ ᠬᠥᠮᠦᠰ ᠢ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠡᠭᠦᠷᠭᠡᠯᠡᠵᠦ᠂ ᠭᠠᠳᠠᠨ᠎ᠠ ᠠᠴᠠ | ᠢᠷᠡᠭᠰᠡᠨ ᠬᠥᠮᠦᠰ ᠤᠨ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠠᠵᠢᠯ ᠢ ᠬᠢᠨᠠᠮᠠᠭᠠᠢ | ᠰᠠᠶᠢᠳᠤᠷ ᠬᠢᠵᠦ᠂ ᠴᠢᠩᠳᠣᠤ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ︵ᠢᠷᠡᠭᠰᠡᠨ︶ ᠬᠥᠮᠦᠰ ᠢ | ᠣᠯᠵᠤ ᠮᠡᠳᠡᠪᠡᠯ᠂ ᠬᠠᠮᠤᠭ ᠲᠡᠷᠢᠭᠦᠨ ᠳᠤ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ | ᠮᠡᠳᠡᠭᠦᠯᠬᠦ ᠬᠡᠷᠡᠭᠳᠡᠢ᠃ ᠡᠯ᠎ᠡ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠨᠢ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠳᠣᠲᠣᠭᠠᠳᠤ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ | ᠥᠷᠨᠢᠭᠦᠯᠵᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠵᠢᠭᠰᠠᠭᠠᠨ | ᠪᠠᠶᠢᠴᠠᠭᠠᠵᠤ ᠭᠠᠷᠭᠠᠭᠰᠠᠨ ᠭᠤᠤᠯᠳᠠᠯᠭ᠎ᠠ ᠲᠠᠢ ᠬᠥᠮᠦᠰ ᠢ ᠳᠠᠩᠰᠠᠯᠠᠨ ᠳᠡᠭᠡᠭᠰᠢ ᠮᠡᠳᠡᠭᠦᠯᠬᠦ ᠬᠡᠷᠡᠭᠲᠡᠶ᠃ | ᠭᠤᠷᠪᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠣᠮᠣ ᠲᠤᠭ᠎ᠠ ᠪᠠᠷᠢᠮᠲᠠ ᠶᠢ ᠬᠠᠷᠭᠤᠭᠤᠯᠤᠨ | ᠪᠠᠶᠢᠴᠠᠭᠠᠬᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠴᠢᠩᠳᠣᠤ ᠬᠤᠲᠠ ᠵᠢᠴᠢ ᠤᠯᠤᠰ ᠤᠨ ᠬᠥᠳᠡᠯᠦᠩᠭᠦᠢ ᠲᠣᠬᠢᠷᠠᠭᠤᠯᠤᠯᠲᠠ ᠬᠢᠵᠦ ᠪᠠᠶᠢᠭ᠎ᠠ ᠬᠢᠵᠢᠭ ᠤᠨ ᠳᠤᠮᠳᠠ᠂ | ᠥᠨᠳᠥᠷ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ︵ᠢᠷᠡᠭᠰᠡᠨ︶ | ᠬᠦᠮᠦᠰ ᠤᠨ ᠪᠠᠶᠢᠳᠠᠯ ᠢ ᠴᠢᠩᠭ᠎ᠠ ᠪᠠᠶᠢᠴᠠᠭᠠᠵᠤ᠂ ᠮᠡᠳᠡᠭᠡ ᠵᠠᠩᠭᠢ ᠶᠢ ᠬᠤᠶᠢᠰᠢᠯᠠᠭᠤᠯᠤᠨ ᠮᠡᠳᠡᠭᠦᠯᠬᠦ᠂ ᠨᠢᠭᠤᠨ | ᠳᠠᠷᠤᠭᠠᠳ ᠮᠡᠳᠡᠭᠦᠯᠬᠦ ᠦᠭᠡᠢ᠂ ᠬᠤᠳᠠᠯ ᠢᠶᠠᠷ ᠮᠡᠳᠡᠬᠦᠯᠦᠭᠰᠡᠳ ᠲᠤ ᠬᠠᠤᠯᠢ ᠲᠣᠭᠲᠠᠭᠠᠯ ᠶᠣᠰᠣᠭᠠᠷ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ | ᠬᠠᠮᠵᠢᠯᠴᠠᠬᠤ ᠦᠭᠡᠢ᠂ ᠬᠢᠵᠢᠭ ᠤᠨ ᠪᠠᠶᠢᠳᠠᠯ ᠢ ᠲᠠᠷᠬᠠᠭᠠᠬᠤ ᠵᠡᠷᠭᠡ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ | ᠪᠠᠶᠢᠪᠠᠯ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ | ᠳᠦᠷᠪᠡ᠂ ᠥᠷᠭᠡᠨ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ | ᠬᠠᠮᠵᠢᠯᠴᠠᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠡᠷᠡᠭᠦᠯ ᠬᠠᠮᠠᠭᠠᠯᠠᠯ ᠤᠨ ᠰᠠᠶᠢᠨ | ᠰᠠᠶᠢᠬᠠᠨ ᠵᠠᠩ ᠳᠠᠳᠬᠠᠯ ᠢ ᠪᠠᠷᠢᠮᠲᠠᠯᠠᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠠᠮᠤᠷ ᠲᠦᠪᠰᠢᠨ | ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠬᠤ᠂ ᠭᠠᠷ ᠢᠶᠠᠨ ᠰᠠᠶᠢᠳᠤᠷ ᠤᠬᠢᠶᠠᠬᠤ᠂ ᠦᠷᠭᠦᠯᠵᠢ ᠰᠠᠯᠬᠢ | ᠨᠡᠪᠳᠡᠷᠡᠭᠦᠯᠬᠦ ᠵᠡᠷᠭᠡ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠬᠤ ᠬᠡᠷᠡᠭᠲᠡᠶ᠃ ᠬᠡᠷᠪᠡ ᠤᠨᠴᠠᠭᠠᠢ | ᠴᠢᠬᠤᠯᠠ ᠤᠴᠢᠷ ᠦᠭᠡᠢ ᠪᠣᠯ ᠴᠢᠩᠳᠣᠤ ᠬᠤᠲᠠ ᠳᠤ ᠣᠴᠢᠬᠤ ᠦᠭᠡᠢ ᠪᠠᠶᠢᠵᠦ᠂ ᠦᠨᠡᠬᠡᠷ ᠤᠴᠢᠬᠤ ᠴᠢᠬᠤᠯᠠ ᠲᠠᠢ | ᠪᠣᠯ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠳᠡᠭᠡᠨ ᠴᠠᠭ | ᠲᠤᠬᠠᠶ ᠳᠤᠨᠢ ᠮᠡᠳᠡᠬᠦᠯᠦᠨ ᠳᠠᠩᠰᠠᠯᠠᠭᠤᠯᠬᠤ ᠬᠡᠷᠡᠭᠲᠡᠶ᠃ ᠪᠤᠴᠠᠵᠦ ᠢᠷᠡᠬᠦ ᠠᠴᠠ ᠪᠠᠨ ᠡᠮᠦᠨ᠎ᠡ ᠬᠠᠷᠢᠶ᠎ᠠ ᠰᠤᠮᠤ | ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠳᠡᠭᠡᠨ ᠪᠤᠴᠠᠵᠦ ᠢᠷᠡᠬᠦ ᠡᠳᠦᠷ | ᠬᠤᠭᠤᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠮᠡᠳᠡᠬᠦᠯᠬᠦ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠡᠢ᠃ ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠬᠥᠮᠦᠰ ᠢ ᠣᠯᠵᠤ ᠮᠡᠳᠡᠭᠰᠡᠨ ᠪᠤᠶᠤ ᠬᠠᠮᠢᠶ᠎ᠠ ᠪᠦᠬᠦᠢ | ᠪᠠᠶᠢᠳᠠᠯ ᠢ ᠡᠵᠡᠮᠰᠢᠭᠰᠡᠨ ᠪᠠᠶᠢᠪᠠᠯ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠡᠯᠳᠡᠰ ᠪᠤᠶᠤ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠴᠠᠭ | ᠲᠤᠬᠠᠶ ᠳᠤᠨᠢ ᠢᠯᠡᠴᠢᠯᠡᠨ ᠮᠡᠳᠡᠭᠦᠯᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠦᠷ᠎ᠡ ᠪᠦᠳᠦᠮᠵᠢ ᠶᠢ ᠦᠷᠭᠦᠯᠵᠢᠯᠡᠨ ᠬᠠᠮᠠᠭᠠᠯᠠᠬᠤ ᠬᠡᠷᠡᠭᠲᠡᠶ᠃ | | ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠡᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ | 2020 ᠣᠨ ᠤ 10 ᠰᠠᠷ᠎ᠠ ᠶᠢᠨ 12 ᠤ ᠡᠳᠦᠷ |