ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠡᠯᠳᠡᠰ ᠤᠨ ᠠᠯᠪᠠᠨ ᠵᠠᠷᠯᠠᠯ            ︵29 ᠳ᠋ᠤᠭᠡᠷ ᠲᠤᠭᠠ᠊
ᠨᠡᠶᠢᠲᠡᠯᠡᠭᠰᠡᠨ ᠴᠠᠭ᠄
2020/10/14
                  ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠡᠯᠳᠡᠰ ᠤᠨ ᠠᠯᠪᠠᠨ ᠵᠠᠷᠯᠠᠯ                               ︵29 ᠳ᠋ᠤᠭᠡᠷ ᠲᠤᠭᠠᠳᠤ︶          2020 ᠣᠨ ᠤ 10 ᠰᠠᠷ᠎ᠠ ᠶᠢᠨ 12 ᠤᠨ ᠡᠳᠦᠷ ᠤᠨ 12 ᠴᠠᠭ ᠪᠣᠯᠲᠠᠯ᠎ᠠ᠂ ᠱᠠᠨᠳᠦ᠋ᠩ ᠮᠤᠵᠢ ᠶᠢᠨ ᠴᠢᠩᠳᠣᠤ ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠭᠳᠠᠠᠭᠰᠠᠨ ᠡᠪᠡᠳᠴᠢᠳᠡᠨ ᠨᠡᠶᠢᠲᠡ 6 ᠶᠢ ᠢᠯᠡᠷᠡᠬᠦᠯᠵᠦ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 6 ᠶᠢ ᠢᠯᠡᠷᠡᠬᠦᠯᠪᠡ᠃ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ 9 ᠰᠠᠷ᠎ᠠ ᠶᠢᠨ 28 ᠤ ᠡᠳᠦᠷ ᠠᠴᠠ ᠨᠠᠰᠢ᠂ ᠴᠢᠩᠳᠣᠤ ᠬᠤᠲᠠ ᠵᠢᠴᠢ ᠤᠯᠤᠰ ᠤᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ ᠪᠠᠶᠢᠭ᠎ᠠ ᠬᠢᠵᠢᠭ ᠤᠨ ᠳᠤᠮᠳᠠ᠂ ᠥᠨᠳᠥᠷ ᠳᠡᠰ ᠤᠨ ᠲᠦᠭᠰᠢᠬᠦᠷᠢᠳᠡᠢ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ︵ᠢᠷᠡᠬᠦ ᠭᠡᠵᠦ ᠪᠠᠶᠢᠭ᠎ᠠ︶ ᠬᠥᠮᠦᠰ ᠡᠷᠬᠡᠪᠰᠢ ᠥᠪᠡᠷ ᠤᠨ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠨᠢᠭᠡᠴᠡ ᠳᠤ ᠪᠠᠨ ᠰᠠᠨᠠᠭᠠᠴᠢᠯᠠᠭ᠎ᠠ ᠠᠴᠠ ᠪᠠᠨ ᠳᠠᠩᠰᠠᠯᠠᠭᠤᠯᠤᠨ ᠮᠡᠳᠡᠬᠦᠯᠬᠦ ᠶᠢᠨ ᠬᠠᠮᠳᠤ ᠮᠠᠨ ᠤ ᠬᠤᠰᠢᠭᠤᠨ ᠳᠤ ᠢᠷᠡᠬᠦ ᠠᠴᠠ ᠡᠮᠦᠨᠡᠬᠢ 7 ᠡᠳᠦᠷ ᠤᠨ ᠳᠤᠳᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ ᠬᠡᠷᠡᠭᠳᠡᠢ᠃ ᠪᠥᠭᠡᠮ ᠬᠦᠴᠢᠯ ᠪᠠᠶᠢᠴᠠᠭᠠᠭᠰᠠᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠦ ᠳᠡᠶᠢᠯᠬᠦ ᠦᠭᠡᠢ ᠪᠣᠯ᠂ ᠡᠷᠬᠡᠪᠰᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠲᠠᠢ ᠬᠠᠮᠵᠢᠯᠴᠠᠨ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃     ᠬᠤᠶᠠᠷ᠂ ᠡᠯ᠎ᠡ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ ᠂ ᠭᠠᠴᠠᠭ᠎ᠠ ︵ᠨᠡᠶᠢᠭᠡᠮ ᠲᠣᠭᠤᠷᠢᠭ︶ ᠨᠢ ᠲᠤᠤᠷᠴᠢᠯᠠᠭᠰᠠᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠴᠢᠩᠳᠣᠤ ᠬᠤᠲᠠ ᠠᠴᠠ ᠮᠠᠨ ᠤ ᠬᠤᠰᠢᠭᠤᠨ ᠳᠤ ᠪᠤᠴᠠᠵᠦ ᠢᠷᠡᠭᠰᠡᠨ ᠬᠥᠮᠦᠰ ᠢ ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ 48 ᠴᠠᠭ ᠤᠨ ᠳᠣᠲᠣᠷ᠎ᠠ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠡᠯᠳᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠳᠤ ᠴᠠᠭ ᠲᠤᠬᠠᠶ ᠳᠤᠨᠢ ᠲᠠᠩᠰᠠᠯᠠᠨ ᠮᠡᠳᠡᠭᠦᠯᠬᠦ ᠬᠡᠷᠡᠭᠲᠡᠶ᠃ ᠡᠯ᠎ᠡ ᠵᠣᠴᠢᠳ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠡᠵᠡᠩᠨᠡᠭᠴᠢᠳ ᠭᠠᠳᠠᠨ᠎ᠠ ᠠᠴᠠ ᠢᠷᠡᠭᠰᠡᠨ ᠬᠥᠮᠦᠰ ᠢ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠡᠭᠦᠷᠭᠡᠯᠡᠵᠦ᠂ ᠭᠠᠳᠠᠨ᠎ᠠ ᠠᠴᠠ ᠢᠷᠡᠭᠰᠡᠨ ᠬᠥᠮᠦᠰ ᠤᠨ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ ᠠᠵᠢᠯ ᠢ ᠬᠢᠨᠠᠮᠠᠭᠠᠢ ᠰᠠᠶᠢᠳᠤᠷ ᠬᠢᠵᠦ᠂ ᠴᠢᠩᠳᠣᠤ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ︵ᠢᠷᠡᠭᠰᠡᠨ︶ ᠬᠥᠮᠦᠰ ᠢ ᠣᠯᠵᠤ ᠮᠡᠳᠡᠪᠡᠯ᠂ ᠬᠠᠮᠤᠭ ᠲᠡᠷᠢᠭᠦᠨ ᠳᠤ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠮᠡᠳᠡᠭᠦᠯᠬᠦ ᠬᠡᠷᠡᠭᠳᠡᠢ᠃ ᠡᠯ᠎ᠡ  ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠳᠣᠲᠣᠭᠠᠳᠤ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠭᠤᠤᠯᠳᠠᠯᠭ᠎ᠠ ᠲᠠᠢ ᠬᠥᠮᠦᠰ ᠢ ᠳᠠᠩᠰᠠᠯᠠᠨ ᠳᠡᠭᠡᠭᠰᠢ ᠮᠡᠳᠡᠭᠦᠯᠬᠦ ᠬᠡᠷᠡᠭᠲᠡᠶ᠃    ᠭᠤᠷᠪᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠣᠮᠣ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠩᠳᠣᠤ ᠬᠤᠲᠠ ᠵᠢᠴᠢ ᠤᠯᠤᠰ ᠤᠨ ᠬᠥᠳᠡᠯᠦᠩᠭᠦᠢ ᠲᠣᠬᠢᠷᠠᠭᠤᠯᠤᠯᠲᠠ ᠬᠢᠵᠦ ᠪᠠᠶᠢᠭ᠎ᠠ ᠬᠢᠵᠢᠭ ᠤᠨ ᠳᠤᠮᠳᠠ᠂ ᠥᠨᠳᠥᠷ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ︵ᠢᠷᠡᠭᠰᠡᠨ︶ ᠬᠦᠮᠦᠰ ᠤᠨ ᠪᠠᠶᠢᠳᠠᠯ ᠢ ᠴᠢᠩᠭ᠎ᠠ ᠪᠠᠶᠢᠴᠠᠭᠠᠵᠤ᠂ ᠮᠡᠳᠡᠭᠡ ᠵᠠᠩᠭᠢ ᠶᠢ ᠬᠤᠶᠢᠰᠢᠯᠠᠭᠤᠯᠤᠨ ᠮᠡᠳᠡᠭᠦᠯᠬᠦ᠂ ᠨᠢᠭᠤᠨ ᠳᠠᠷᠤᠭᠠᠳ ᠮᠡᠳᠡᠭᠦᠯᠬᠦ ᠦᠭᠡᠢ᠂ ᠬᠤᠳᠠᠯ ᠢᠶᠠᠷ ᠮᠡᠳᠡᠬᠦᠯᠦᠭᠰᠡᠳ ᠲᠤ ᠬᠠᠤᠯᠢ ᠲᠣᠭᠲᠠᠭᠠᠯ ᠶᠣᠰᠣᠭᠠᠷ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠦᠭᠡᠢ᠂ ᠬᠢᠵᠢᠭ ᠤᠨ ᠪᠠᠶᠢᠳᠠᠯ ᠢ ᠲᠠᠷᠬᠠᠭᠠᠬᠤ ᠵᠡᠷᠭᠡ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃    ᠳᠦᠷᠪᠡ᠂ ᠥᠷᠭᠡᠨ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠢ ᠪᠠᠷᠢᠮᠲᠠᠯᠠᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠬᠤ᠂ ᠭᠠᠷ ᠢᠶᠠᠨ ᠰᠠᠶᠢᠳᠤᠷ ᠤᠬᠢᠶᠠᠬᠤ᠂ ᠦᠷᠭᠦᠯᠵᠢ ᠰᠠᠯᠬᠢ ᠨᠡᠪᠳᠡᠷᠡᠭᠦᠯᠬᠦ ᠵᠡᠷᠭᠡ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠬᠤ ᠬᠡᠷᠡᠭᠲᠡᠶ᠃ ᠬᠡᠷᠪᠡ ᠤᠨᠴᠠᠭᠠᠢ ᠴᠢᠬᠤᠯᠠ ᠤᠴᠢᠷ ᠦᠭᠡᠢ ᠪᠣᠯ ᠴᠢᠩᠳᠣᠤ ᠬᠤᠲᠠ ᠳᠤ ᠣᠴᠢᠬᠤ ᠦᠭᠡᠢ ᠪᠠᠶᠢᠵᠦ᠂ ᠦᠨᠡᠬᠡᠷ ᠤᠴᠢᠬᠤ ᠴᠢᠬᠤᠯᠠ ᠲᠠᠢ ᠪᠣᠯ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠳᠡᠭᠡᠨ ᠴᠠᠭ ᠲᠤᠬᠠᠶ ᠳᠤᠨᠢ ᠮᠡᠳᠡᠬᠦᠯᠦᠨ ᠳᠠᠩᠰᠠᠯᠠᠭᠤᠯᠬᠤ ᠬᠡᠷᠡᠭᠲᠡᠶ᠃ ᠪᠤᠴᠠᠵᠦ ᠢᠷᠡᠬᠦ ᠠᠴᠠ ᠪᠠᠨ ᠡᠮᠦᠨ᠎ᠡ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ ᠳᠡᠭᠡᠨ ᠪᠤᠴᠠᠵᠦ ᠢᠷᠡᠬᠦ ᠡᠳᠦᠷ ᠬᠤᠭᠤᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠮᠡᠳᠡᠬᠦᠯᠬᠦ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠡᠢ᠃ ᠳᠡᠭᠡᠷ᠎ᠡ ᠳᠤᠷᠠᠳᠤᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠬᠥᠮᠦᠰ ᠢ ᠣᠯᠵᠤ ᠮᠡᠳᠡᠭᠰᠡᠨ ᠪᠤᠶᠤ ᠬᠠᠮᠢᠶ᠎ᠠ ᠪᠦᠬᠦᠢ ᠪᠠᠶᠢᠳᠠᠯ ᠢ ᠡᠵᠡᠮᠰᠢᠭᠰᠡᠨ ᠪᠠᠶᠢᠪᠠᠯ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ ᠪᠤᠶᠤ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠳᠦᠮᠵᠢ ᠶᠢ ᠦᠷᠭᠦᠯᠵᠢᠯᠡᠨ ᠬᠠᠮᠠᠭᠠᠯᠠᠬᠤ ᠬᠡᠷᠡᠭᠲᠡᠶ᠃            ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠡᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ                            2020 ᠣᠨ ᠤ 10 ᠰᠠᠷ᠎ᠠ ᠶᠢᠨ 12 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号