ᠪᠠᠷᠠᠭᠤᠨ ᠦᠵᠦᠮᠦᠴᠢᠨ ᠬᠤᠰᠢᠭᠤᠨ ᠤ ᠡᠮᠡᠭᠳᠠᠶᠢᠴᠣᠳ ᠤᠨ ᠬᠤᠯᠪᠣᠭᠠᠲᠦ ᠬᠤᠷᠠᠯ ᠨᠢ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠡᠮᠡᠭᠳᠠᠶᠢᠴᠣᠳ ᠤᠨ ᠠᠷᠪᠠᠨ ᠬᠤᠶᠠᠳᠣᠭᠠᠷ ᠣᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠭᠰᠠᠨ
ᠨᠡᠶᠢᠲᠡᠯᠡᠭᠰᠡᠨ ᠴᠠᠭ᠄
2020/10/15
ᠪᠠᠷᠠᠭᠤᠨ ᠦᠵᠦᠮᠦᠴᠢᠨ ᠬᠤᠰᠢᠭᠤᠨ ᠤ ᠡᠮᠡᠭᠳᠠᠶᠢᠴᠣᠳ ᠤᠨ ᠬᠤᠯᠪᠣᠭᠠᠲᠦ ᠬᠤᠷᠠᠯ ᠨᠢ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠡᠮᠡᠭᠳᠠᠶᠢᠴᠣᠳ ᠤᠨ ᠠᠷᠪᠠᠨ ᠬᠤᠶᠠᠳᠣᠭᠠᠷ ᠣᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠭᠰᠠᠨ                  ᠤᠶᠢᠷ᠎ᠠ ᠶᠢᠨ ᠡᠳᠦᠷ᠂ ᠬᠤᠰᠢᠭᠤᠨ ᠤ ᠡᠮᠡᠭᠳᠠᠶᠢᠴᠣᠳ ᠤᠨ ᠬᠤᠯᠪᠣᠭᠠᠲᠦ ᠬᠤᠷᠠᠯ ᠠᠴᠠ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠡᠮᠡᠭᠳᠠᠶᠢᠴᠣᠳ ᠤᠨ ᠠᠷᠪᠠᠨ ᠬᠤᠶᠠᠳᠣᠭᠠᠷ ᠣᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠬᠤ︾ ᠠᠵᠢᠯᠯᠠᠭ᠎ᠠ ᠥᠷᠨᠢᠭᠦᠯᠪᠡ᠃  
     ᠰᠣᠷᠣᠯᠴᠠᠯᠭ᠎ᠠ ᠳᠤ᠂ 2020 ᠣᠨ ᠤ 9 ᠰᠠᠷ᠎ᠠ ᠶᠢᠨ 26 -28 ᠤ ᠡᠳᠦᠷ ᠪᠣᠯᠳᠠᠯ᠎ᠠ ᠬᠥᠬᠡᠬᠤᠳᠠ ᠳᠤ ᠶᠠᠪᠣᠭᠳᠠᠭᠰᠠᠨ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠡᠮᠡᠭᠳᠠᠶᠢᠴᠣᠳ ᠤᠨ ᠠᠷᠪᠠᠨ ᠬᠤᠶᠠᠳᠣᠭᠠᠷ ᠣᠳᠠᠭᠠᠨ ᠤ ᠶᠡᠭᠡ ᠬᠤᠷᠠᠯ ᠳᠤ ᠰᠢᠯᠢ ᠶᠢᠨ ᠭᠤᠣᠯ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠪᠦᠷᠢᠯᠳᠣᠬᠦᠨ ᠤ ᠬᠤᠪᠢ ᠪᠠᠷ ᠣᠷᠣᠯᠴᠠᠭᠰᠠᠨ ᠲᠣᠭᠤᠷ ᠪᠣᠯᠣᠨ ᠣᠶᠠᠩᠭ᠎ᠠ ᠠᠴᠠ  ᠬᠤᠷᠠᠯ ᠤᠨ ᠲᠡᠰ ᠲᠠᠷᠠᠭ᠎ᠠ᠂ ᠵᠣᠷᠢᠯᠭ᠎ᠠ᠂ ᠠᠭᠤᠯᠭ᠎ᠠ ᠶᠢ ᠣᠯᠠᠮᠵᠢᠯᠠᠨ᠂  ᠥᠪᠡᠷᠳᠡᠭᠡᠨ ᠵᠠᠰᠠᠬᠤ ᠣᠷᠣᠨ ᠤ  ᠡᠮᠡᠭᠳᠠᠶᠢᠴᠣᠳ ᠤᠨ ᠬᠤᠯᠪᠣᠭᠠᠲᠦ ᠬᠤᠷᠠᠯ ᠤᠨ ᠲᠡᠷᠢᠭᠦᠯᠦᠭᠴᠢ ᠬᠦᠦᠳᠠᠭᠤᠯᠠ ᠶᠢᠨ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠡᠮᠡᠭᠳᠠᠶᠢᠴᠣᠳ ᠤᠨ ᠠᠷᠪᠠᠨ ᠬᠤᠶᠠᠳᠣᠭᠠᠷ ᠣᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠲᠡᠭᠡᠷᠡᠬᠢ ᠠᠵᠢᠯ ᠤᠨ ᠢᠯᠡᠳᠭᠡᠯ᠂ ᠰᠢ ᠶᠢᠨ ᠫᠢᠩ ᠤᠨ ᠰᠢᠨ᠎ᠡ  ᠴᠠᠭ  ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠣ ᠶᠡᠭᠡ ᠲᠤᠭ ᠢ ᠥᠨᠳᠦᠷ ᠮᠠᠨᠳᠣᠭᠤᠯᠵᠦ᠂ ᠪᠦᠬᠦ ᠣᠷᠣᠨ ᠤ  ᠦᠨᠳᠦᠰᠦᠳᠡᠨ ᠨᠦᠭᠦᠳ ᠤᠨ ᠡᠮᠡᠭᠳᠠᠶᠢᠴᠣᠳ ᠢ ᠪᠦᠯᠬᠦᠮᠳᠡᠨ ᠲᠠᠭᠠᠭᠤᠯᠵᠦ  ᠣᠳᠣᠬᠢᠴᠢᠯᠠᠭᠰᠠᠨ ᠥᠪᠦᠷ ᠮᠣᠩᠭᠤᠯ ᠢ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠶᠢᠨ ᠲᠦᠯᠦᠬᠡ  ᠴᠢᠷᠮᠠᠶᠢᠨ ᠲᠡᠮᠡᠴᠡᠵᠡᠭᠡᠶ᠎ᠡ ᠭᠡᠬᠦ  ᠭᠤᠣᠯ ᠰᠡᠳᠦᠪᠲᠦ ᠢᠯᠡᠳᠭᠡᠯ᠂ ᠲᠠᠪᠣᠨ ᠵᠢᠯ ᠤᠨ ᠠᠵᠢᠯ ᠤᠨ ᠡᠷᠭᠢᠴᠡᠭᠦᠯᠦᠯ᠂ ᠰᠢᠨ᠎ᠡ  ᠴᠠᠭ ᠦᠶ᠎ᠡ  ᠶᠢᠨ ᠥᠪᠦᠷ ᠮᠣᠩᠭᠤᠯ ᠤᠨ ᠡᠮᠡᠭᠳᠠᠶᠢᠴᠣᠳ ᠤᠨ ᠡᠭᠦᠷᠬᠡ ᠬᠠᠷᠢᠭᠤᠴᠠᠯᠭ᠎ᠠ᠂ ᠪᠦᠬᠦ ᠣᠷᠣᠨ ᠤ ᠡᠮᠡᠭᠳᠠᠶᠢᠴᠣᠳ ᠤᠨ ᠬᠤᠯᠪᠣᠭᠠᠲᠦ ᠬᠤᠷᠠᠯ ᠤᠨ ᠠᠵᠢᠯ ᠤᠨ ᠰᠢᠨ᠎ᠡ ᠬᠠᠭᠤᠳᠠᠰᠦ ᠶᠢ ᠪᠢᠴᠢᠭᠯᠡᠬᠦ  ᠬᠠᠷᠠᠯᠳᠠ ᠶᠢ ᠬᠠᠮᠳᠣᠪᠡᠷ ᠰᠣᠷᠣᠯᠴᠠᠵᠠᠢ᠃
       ᠰᠣᠷᠣᠯᠴᠠᠯᠭ᠎ᠠ ᠳᠤ  ᠪᠠᠰᠠ᠂ ᠪᠦᠬᠦ ᠣᠯᠣᠰ ᠤᠨ ᠡᠮᠡᠭᠳᠠᠶᠢᠴᠣᠳ ᠤᠨ ᠬᠤᠯᠪᠣᠭᠠᠲᠦ ᠬᠤᠷᠠᠯ ᠤᠨ ᠨᠠᠮ ᠤᠨ ᠣᠳᠣᠷᠢᠳᠬᠤ  ᠲᠣᠭᠤᠶᠢᠯᠠᠩ ᠤᠨ ᠬᠡᠰᠢᠭᠦᠳ ᠪᠠ‌‍ᠰᠢᠨ᠎ᠡ ᠨᠢᠭᠡ ᠬᠤᠭᠤᠴᠠᠭᠠᠨ ᠤ  ᠥᠪᠡᠷᠳᠡᠭᠡᠨ ᠵᠠᠰᠠᠬᠤ ᠣᠷᠣᠨ ᠤ  ᠡᠮᠡᠭᠳᠠᠶᠢᠴᠣᠳ ᠤᠨ ᠬᠤᠯᠪᠣᠭᠠᠲᠦ ᠬᠤᠷᠠᠯ ᠤᠨ ᠲᠡᠷᠢᠭᠦᠯᠦᠭᠴᠢ᠂ ᠲᠡᠳ᠋ ᠲᠡᠷᠢᠭᠦᠯᠦᠭᠴᠢ ᠶᠢᠨ ᠨᠡᠷᠡᠰ ᠢ ᠲᠠᠨᠢᠯᠴᠠᠭᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号