ᠮᠣᠩᠭᠤᠯ ᠦᠡᠳᠦᠰᠦᠳᠡᠡ ᠤ ᠬᠤᠶᠠᠳᠣᠭᠠᠷ ᠪᠠᠭ᠎ᠠ ᠰᠣᠷᠭᠠᠭᠤᠯᠢ ᠶᠢᠨ  ︽ᠬᠡᠷ ᠤᠨ ᠠᠬᠠᠮᠠᠳ ᠤᠨ ᠣᠷᠣᠯᠴᠠᠭᠠᠠ ᠤ ᠡᠳᠦᠷ ᠤᠨ ᠠᠵᠢᠯᠯᠠᠭ᠎ᠠ︾  ᠠᠮᠵᠢᠯᠳᠠ ᠲᠠᠢ ᠶᠠᠪᠣᠬᠳᠠᠯ᠎ᠠ
ᠨᠡᠶᠢᠲᠡᠯᠡᠭᠰᠡᠨ ᠴᠠᠭ᠄
2020/10/15
  ᠮᠣᠩᠭᠤᠯ ᠦᠡᠳᠦᠰᠦᠳᠡᠡ ᠤ ᠬᠤᠶᠠᠳᠣᠭᠠᠷ ᠪᠠᠭ᠎ᠠ ᠰᠣᠷᠭᠠᠭᠤᠯᠢ ᠶᠢᠨ  ︽ᠬᠡᠷ ᠤᠨ ᠠᠬᠠᠮᠠᠳ ᠤᠨ ᠣᠷᠣᠯᠴᠠᠭᠠᠠ ᠤ ᠡᠳᠦᠷ ᠤᠨ ᠠᠵᠢᠯᠯᠠᠭ᠎ᠠ︾  ᠠᠮᠵᠢᠯᠳᠠ ᠲᠠᠢ ᠶᠠᠪᠣᠬᠳᠠᠯ᠎ᠠ      ᠦᠡᠳᠦᠰᠦᠳᠡᠡ ᠤ ᠰᠣᠷᠭᠠᠠ ᠭᠦᠮᠦᠵᠢᠯ ᠤᠨ ᠬᠥᠭᠵᠢᠯᠲᠡ ᠶᠢ ᠠᠬᠢᠭᠤᠯᠵᠤ᠂ ᠰᠣᠷᠭᠠᠭᠤᠯᠢ᠂ ᠭᠡᠷ ᠤᠨ ᠠᠬᠠᠮᠠᠳ᠂ ᠪᠠᠭᠰᠢ ᠶᠢᠨ   ᠬᠠᠷᠢᠴᠠᠭ᠎ᠠ ᠶᠢ ᠨᠢᠭᠲᠠᠷᠠᠭᠤᠯᠣᠨ᠂ ᠬᠡᠤᠬᠡᠳ ᠪᠠᠭᠠᠴᠣᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤᠪᠡᠷ ᠠᠩᠬᠠᠷᠣᠨ ᠬᠠᠯᠠᠮᠵᠢᠯᠠᠵᠤ᠂ ᠨᠠᠶᠢᠭᠡᠮ᠂ ᠬᠡᠷ ᠤᠨ ᠠᠬᠠᠮᠠᠳ ᠬᠠᠨᠣᠮᠵᠢᠳᠠᠢ ᠰᠣᠳᠣᠡ ᠰᠣᠷᠭᠠᠭᠤᠯᠢ ᠶᠢ ᠪᠠᠶᠢᠭᠤᠯᠬᠤ  ᠶᠢᠨ ᠲᠤᠰᠠᠳᠠ ᠤᠶᠢᠷ᠎ᠠ ᠶᠢᠨ ᠡᠳᠦᠷ᠂ ᠮᠣᠩᠭᠤᠯ ᠦᠡᠳᠦᠰᠦᠳᠡᠡ ᠤ ᠬᠤᠶᠠᠳᠣᠭᠠᠷ ᠪᠠᠭ᠎ᠠ ᠰᠣᠷᠭᠠᠭᠤᠯᠢ ᠰᠢᠨ᠎ᠠ ᠨᠢᠭᠡᠳᠦᠭᠡᠷ ᠣᠡ ᠤ ︽ᠬᠡᠷ ᠤᠨ ᠠᠬᠠᠮᠠᠳ ᠤᠨ ᠣᠷᠣᠯᠴᠠᠭᠠᠠ ᠤ ᠡᠳᠦᠷ ᠤᠨ ᠠᠵᠢᠯᠯᠠᠭ᠎ᠠ︾ ᠶᠠᠪᠣᠬᠳᠠᠭᠤᠯᠪᠠ᠃
 
   ᠲᠣᠰ ᠣᠳᠠᠭᠠᠠ ᠤ ᠠᠵᠢᠯᠯᠠᠭ᠎ᠠ ᠳᠤ ᠮᠣᠩᠭᠤᠯ ᠦᠡᠳᠦᠰᠦᠳᠡᠡ ᠤ ᠬᠤᠶᠠᠳᠣᠭᠠᠷ ᠪᠠᠭ᠎ᠠ ᠰᠣᠷᠭᠠᠭᠤᠯᠢ ᠶᠢᠨ ᠨᠢᠭᠡᠳᠦᠭᠡᠷ ᠣᠡ ᠤ 6 ᠠᠩᠭᠢ ᠨᠢᠭᠡᠴᠡ ᠶᠢᠨ 36 ᠨᠡᠷ᠎ᠡ ᠬᠡᠷ ᠤᠨ ᠠᠬᠠᠮᠠᠳ ᠤᠨ ᠲᠦᠯᠦᠭᠡᠯᠡᠭᠴᠢᠳ ᠣᠷᠣᠯᠴᠠᠵᠦ᠂ ᠪᠦᠳᠦᠡ ᠡᠳᠦᠷ ᠰᠣᠷᠭᠠᠭᠤᠯᠢ ᠳᠤ ᠭᠦᠡᠵᠡᠭᠡᠶᠢᠷᠡᠡ ᠰᠣᠷᠤᠬᠴᠢᠳ ᠤᠨ ᠰᠣᠷᠣᠯᠴᠠᠯᠭ᠎ᠠ᠂ ᠠᠮᠢᠳᠣᠷᠠᠯ ᠤᠨ ᠪᠠᠶᠢᠳᠠᠯ ᠢ ᠤᠶᠢᠯᠠᠭᠠᠨ᠂ ᠬᠢᠴᠢᠶᠡᠯ ᠰᠣᠨᠣᠰᠴᠦ᠂ ᠪᠠᠭᠰᠢ ᠰᠣᠷᠤᠬᠴᠢ ᠶᠢᠨ ᠵᠢᠭᠠᠬᠤ ᠰᠣᠷᠬᠤ ᠠᠵᠢᠯᠯᠠᠭ᠎ᠠ ᠶᠢ ᠪᠡᠶᠡᠳᠡᠨ ᠤᠶᠢᠯᠠᠭᠠᠭᠰᠠᠨ ᠤ ᠬᠠᠮᠲᠤ ᠰᠣᠷᠭᠠᠭᠤᠯᠢ  ᠶᠢᠨ ᠣᠷᠮ᠎ᠠ ᠪᠠᠭ᠋ᠠᠳᠦ ᠲᠣᠭᠤᠶᠢᠯᠠᠩ ᠤᠨ ᠠᠵᠢᠯᠯᠠᠭᠠᠠ ᠤ ᠠᠬᠤᠢ ᠲᠠᠯᠠᠪᠣᠷ ᠪᠣᠯᠣᠨ ᠰᠣᠷᠭᠠᠭᠤᠯᠢ ᠶᠢᠨ ᠪᠠᠶᠢᠷᠢ ᠶᠢᠨ ᠭᠡᠷ᠂ ᠬᠤᠭᠤᠯᠠᠨ ᠲᠢᠩᠬᠢᠮ᠂ ᠲᠠᠮᠢᠷ ᠤᠨ ᠤᠷᠳᠦᠨ ᠵᠡᠷᠭᠡ ᠪᠠᠷ ᠲᠤᠭᠤᠷᠢᠨ ᠦᠵᠡᠵᠦ᠂ ᠰᠣᠷᠭᠠᠭᠤᠯᠢ ᠶᠢᠨ ᠭᠦᠷᠢᠶᠠᠠ ᠤ ᠰᠣᠶᠣᠯ  ᠤᠨ ᠪᠦᠳᠦᠭᠡᠡ ᠪᠠᠶᠢᠭᠤᠯᠣᠯᠳᠠ᠂ ᠬᠠᠲᠠᠭᠤ ᠵᠦᠭᠡᠯᠡᠨ ᠲᠤᠨᠤᠭ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠠᠰᠠᠭᠤᠨ ᠤᠶᠢᠯᠠᠭᠠᠵᠠᠢ  ᠃
   ᠳᠠᠷᠠᠭ᠎ᠠ ᠨᠢ ᠬᠡᠷ ᠤᠨ ᠠᠬᠠᠮᠠᠳ ᠪᠡ ᠰᠣᠷᠭᠠᠭᠤᠯᠢ ᠶᠢᠨ ᠬᠠᠮᠢᠶ᠎ᠠ ᠪᠦᠭᠦᠢ ᠣᠳᠣᠷᠢᠳᠣᠯᠭ᠎ᠠ ᠣᠷᠣᠯᠴᠠᠬᠰᠠᠠ ᠰᠠᠨᠠᠯ ᠬᠤᠷᠢᠶᠠᠬᠤ ᠰᠠᠭᠤᠳᠠᠯ ᠤᠨ ᠬᠤᠷᠠᠯ ᠬᠤᠷᠠᠯᠳᠣᠵᠤ᠂ ᠰᠣᠷᠭᠠᠭᠤᠯᠢ ᠶᠢᠨ ᠣᠳᠣᠷᠢᠳᠣᠯᠭ᠎ᠠ ᠨᠡᠷ ᠠᠴᠠ ᠰᠣᠷᠭᠠᠭᠤᠯᠢ ᠶᠢᠨ ᠡᠯ᠎ᠠ ᠲᠠᠯ᠎ᠠ ᠶᠢᠨ ᠠᠵᠢᠯ ᠤᠨ ᠲᠣᠶᠢᠮᠦ ᠪᠠᠶᠢᠳᠠᠯ ᠢ ᠲᠠᠨᠢᠯᠴᠠᠭᠤᠯᠤᠨ᠂ ᠬᠡᠷ ᠤᠨ ᠠᠬᠠᠮᠠᠳ ᠤᠨ ᠲᠦᠯᠤᠭᠡᠯᠡᠭᠴᠢ ᠨᠡᠷ ᠠᠴᠠ ︽ᠬᠡᠷ  ᠤᠨ ᠠᠬᠠᠮᠠᠳ ᠤᠨ ᠣᠷᠣᠯᠴᠠᠭᠠᠠ ᠤ ᠡᠳᠦᠷ ᠤᠨ ᠠᠵᠢᠯᠯᠠᠭ᠎ᠠ︾ ᠪᠠᠷ ᠲᠠᠮᠵᠢᠠ ᠰᠣᠷᠭᠠᠭᠤᠯᠢ ᠶᠢᠨ ᠡᠯ᠎ᠠ ᠲᠠᠯ᠎ᠠ ᠶᠢᠨ ᠠᠵᠢᠯ  ᠳᠤ ᠪᠦᠷᠢᠡ ᠣᠶᠢᠯᠠᠭᠠᠯᠳᠠ ᠲᠠᠢ ᠪᠣᠯᠣᠬᠰᠠᠠ ᠪᠠ ᠲᠣᠩ ᠬᠠᠨᠤᠮᠵᠢᠳᠠᠢ ᠪᠠᠶᠢᠭ᠎ᠠ ᠪᠠᠨ ᠢᠯᠡᠳᠭᠡᠵᠦ᠂  ᠪᠠᠭᠰᠢ ᠨᠠᠷ ᠤᠨ ᠰᠢᠷᠭᠠᠭᠤ ᠬᠦᠳᠡᠯᠮᠦᠷᠢ  ᠳᠤ ᠭᠦᠨ ᠲᠡᠯᠡᠷᠬᠠᠯ ᠢᠯᠡᠷᠬᠡᠶᠢᠯᠡᠨ  ᠂ ᠬᠠᠮᠢᠶᠠᠲᠠᠢ ᠰᠠᠨᠠᠯ ᠵᠦᠪᠯᠡᠯᠭᠡ ᠪᠠᠨ  ᠳᠡᠪᠰᠢᠭᠦᠯᠵᠡᠢ᠃
    ᠲᠣᠰ ᠣᠳᠠᠭᠠᠠ ᠤ ︽ᠬᠡᠷ ᠤᠨ ᠠᠬᠠᠮᠠᠳ ᠤᠨ ᠣᠷᠣᠯᠴᠠᠭᠠᠠ ᠤ ᠡᠳᠦᠷ ᠤᠨ ᠠᠵᠢᠯᠯᠠᠭ᠎ᠠ  ︾  ᠪᠠᠷ ᠳᠠᠮᠵᠢᠨ ᠭᠡᠷ ᠤᠨ ᠠᠬᠠᠮᠠᠳ  ᠨᠠᠷ   ᠰᠣᠷᠣᠭᠴᠢᠳ ᠤᠨ ᠰᠣᠷᠭᠠᠭᠤᠯᠢ ᠶᠢᠨ ᠬᠦᠷᠢᠶᠡᠨ ᠤ ᠠᠮᠢᠳᠣᠷᠠᠯ ᠰᠣᠷᠣᠯᠴᠠᠯᠭ᠎ᠠ ᠶᠢᠨ ᠪᠠᠶᠢᠳᠠᠯ ᠢ  ᠨᠡᠩ ᠭᠦᠨᠵᠡᠭᠡᠢ ᠤᠶᠢᠯᠠᠭᠠᠨ ᠡᠵᠡᠮᠰᠢᠵᠣ᠂ ᠰᠣᠷᠭᠠᠭᠤᠯᠢ᠂ ᠭᠡᠷ ᠤᠨ ᠠᠬᠠᠮᠠᠳ ᠤᠨ ᠬᠠᠮᠲᠤᠷᠠᠯᠴᠠᠭ᠎ᠠ᠂ ᠬᠠᠷᠢᠯᠴᠠᠭ᠎ᠠ ᠶᠢ ᠠᠬᠢᠭᠤᠯᠣᠨ᠂  ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠤᠯᠠᠮ  ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号