ᠪᠠᠷᠠᠭᠤᠨ ᠦᠵᠦᠮᠦᠴᠢᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ  ᠪᠠᠷ ᠬᠦᠨᠵᠡᠭᠡᠶᠢᠷᠡᠨ ᠪᠠᠶᠢᠳᠠᠯ  ᠣᠶᠢᠯᠠᠭᠠᠬᠤ ᠠᠵᠢᠯ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2020/10/15
ᠪᠠᠷᠠᠭᠤᠨ ᠦᠵᠦᠮᠦᠴᠢᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ  ᠪᠠᠷ ᠬᠦᠨᠵᠡᠭᠡᠶᠢᠷᠡᠨ ᠪᠠᠶᠢᠳᠠᠯ  ᠣᠶᠢᠯᠠᠭᠠᠬᠤ ᠠᠵᠢᠯ ᠪᠥᠬᠦ ᠲᠠᠯ᠎ᠠ ᠪᠠᠷ ᠡᠬᠢᠯᠡᠪᠡ                                               10 ᠰᠠᠷ᠎ᠠ ᠶᠢᠨ 11 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠪᠠᠷ ᠬᠦᠨᠵᠡᠭᠡᠶᠢᠷᠡᠨ ᠪᠠᠶᠢᠳᠠᠯ ᠣᠶᠢᠯᠠᠭᠠᠬᠤ ᠠᠵᠢᠯ ᠪᠥᠬᠦ ᠲᠠᠯ᠎ᠠ ᠪᠠᠷ ᠡᠬᠢᠯᠡᠪᠡ᠃ ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ 751 ᠨᠡᠷᠡᠰ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠤᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠲᠤᠭᠤᠶᠢᠯᠠᠩ ᠬᠤᠪᠢᠶᠠᠵᠦ᠂ ᠡᠷᠦᠬᠡ ᠪᠠᠷ ᠬᠦᠨᠵᠡᠭᠡᠶᠢᠷᠡᠨ ᠪᠠᠶᠢᠳᠠᠯ ᠢ ᠣᠶᠢᠯᠠᠭᠠᠬᠤ ᠠᠵᠢᠯ ᠢ ᠪᠦᠬᠦ ᠲᠠᠯ᠎ᠠ ᠪᠠᠷ ᠡᠮᠬᠢ ᠵᠢᠷᠤᠮ ᠲᠠᠢ ᠥᠷᠨᠢᠭᠦᠯᠵᠦ  ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠳᠣᠯᠣᠳᠤᠭᠠᠷ ᠤᠳᠠᠭᠠᠨ ᠤ ᠪᠦᠬᠦ ᠤᠯᠤᠰ  ᠤᠨ ᠬᠥᠮᠦᠨ ᠠᠮᠠ  ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠠᠵᠢᠯ ᠡᠬᠢᠯᠡᠭᠰᠡᠨ ᠠᠴᠠ ᠨᠠᠰᠢ᠂ ᠪᠦᠬᠦ ᠬᠤᠰᠢᠭᠤᠨ ᠤ ᠲᠤᠯᠥᠭᠠᠨ ᠰᠤᠮᠤ ᠪᠠᠯᠭᠠᠰᠤᠨ ᠤ236 ᠨᠡᠷ᠎ᠡ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠪᠠ 515 ᠨᠡᠷ᠎ᠡ ᠪᠠᠶᠢᠴᠠᠭᠠᠬᠤ ᠭᠡᠰᠢᠭᠦᠨ‌ᠡᠷᠦᠬᠡ ᠳᠤ ᠬᠦᠨᠵᠡᠭᠡᠶᠢᠷᠡᠵᠦ᠂ ᠰᠠᠭᠤᠭᠠᠯᠢ ᠡᠷᠦᠬᠡ ᠳᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠴᠢ ᠬᠤᠯᠪᠣᠭᠳᠠᠯ ᠪᠠ ᠶᠠᠪᠤᠴᠠ ᠶᠢ ᠲᠣᠳᠣᠷᠬᠠᠶᠢᠯᠠᠵᠤ᠂  ᠰᠠᠭᠤᠭᠠᠯᠢ ᠡᠷᠦᠬᠡ ᠶᠢᠨ ᠪᠦᠷᠢᠯᠳᠦᠬᠦᠨ ᠤ ᠪᠠᠶᠢᠳᠠᠯ ᠂ ᠡᠷᠦᠬᠡ ᠠᠮᠠ ᠶᠢᠨ ᠳᠠᠩᠰᠠ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ ᠵᠡᠷᠭᠡ ᠮᠡᠳᠡᠭᠡ ᠵᠠᠩᠭᠢ ᠶᠢ ᠲᠠᠩᠰᠠᠯᠠᠵᠦ  ᠂ ᠪᠠᠶᠢᠴᠠᠭᠠᠯᠲᠠ ᠨᠢ ᠪᠠᠶᠢᠴᠠᠭᠠᠬᠤ ᠭᠡᠰᠢᠭᠦᠨ ᠠᠴᠠ  ᠡᠷᠦᠬᠡ ᠳᠤ   ᠬᠦᠨᠵᠡᠭᠡᠶᠢᠷᠡᠨ ᠲᠠᠩᠰᠠᠯᠠᠬᠤ ᠪᠤᠶᠤ ᠰᠠᠭᠤᠭᠠᠯᠢ ᠡᠷᠦᠬᠡ ᠦᠪᠡᠷᠳᠡᠭᠡᠨ  ᠸᠢᠴᠠᠲ ᠪᠠᠷ ᠲᠠᠭᠯᠠᠨ ᠮᠡᠳᠡᠭᠦᠯᠬᠦ ᠬᠤᠶᠠᠷ ᠵᠦᠶᠯ ᠤᠨ ᠠᠷᠭ᠎ᠠ ᠮᠠᠶ᠋ᠢᠭ ᠢᠶᠠᠷ ᠶᠠᠪᠤᠭᠳᠠᠵᠤ᠂  ᠪᠠᠶᠢᠴᠠᠭᠠᠬᠤ  ᠭᠡᠰᠢᠭᠦᠨ ᠠᠴᠠ ᠰᠠᠭᠤᠭᠠᠯᠢ ᠡᠷᠦᠬᠡ ᠳᠤ ︽ᠰᠠᠭᠤᠭᠠᠯᠢ ᠡᠷᠦᠬᠡ ᠳᠤ ᠥᠭᠭᠦᠭᠰᠡᠨ ᠨᠢᠭᠡ ᠬᠤᠪᠢ ᠵᠠᠬᠢᠳᠠᠯ︾ ᠢ ᠲᠠᠷᠬᠠᠭᠠᠨ ᠦᠭᠴᠦ᠂ ᠡᠷᠦᠬᠡ ᠳᠤ ᠤᠷᠤᠵᠦ ᠲᠠᠩᠰᠠᠯᠠᠬᠤ ᠤᠨ ᠬᠠᠮᠢᠶ᠎ᠠ ᠪᠦᠬᠦᠢ ᠲᠣᠬᠢᠷᠠᠭᠤᠯᠤᠯᠲᠠ ᠶᠢ ᠮᠡᠳᠡᠭᠳᠡᠵᠦ᠂ ᠰᠠᠭᠤᠭᠠᠯᠢ ᠡᠷᠦᠬᠡ ᠳᠤ ᠵᠣᠬᠢᠴᠠᠩᠭᠤᠶ ᠪᠡᠯᠡᠳᠬᠡᠯ ᠬᠢᠬᠦ ᠶᠢ ᠰᠠᠨᠠᠭᠤᠯᠵᠤ  ᠂ ᠥᠷᠭᠡᠨ ᠣᠯᠠᠨ ᠰᠠᠭᠤᠭᠠᠯᠢ ᠠᠷᠠᠳ ᠲᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠤᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠶᠴᠡᠳ ᠲᠠᠨᠢᠭᠤᠯᠵᠤ᠂ᠪᠠᠶᠢᠴᠠᠭᠠᠯᠲᠠ ᠶᠢᠨ  ᠠᠵᠢᠯ ᠤᠨ ᠤᠷᠤᠭᠰᠢᠲᠠᠶ ᠶᠠᠪᠤᠭᠳᠠᠬᠤ ᠳᠤ ᠳᠥᠭᠦᠮ  ᠦᠵᠡᠭᠦᠯᠵᠦ  ᠪᠤᠢ᠃  ᠤᠶᠢᠯᠠᠭᠠᠭᠰᠠᠨ ᠢᠶᠠᠷ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠤᠷᠤᠵᠦ ᠲᠠᠩᠰᠠᠯᠠᠬᠤ ᠠᠵᠢᠯ ᠨᠢ ᠬᠤᠶᠠᠷ  ᠬᠤᠭᠤᠴᠠᠭ᠎ᠠ ᠬᠤᠪᠢᠶᠠᠨ ᠶᠠᠪᠤᠭᠳᠠᠵᠤ᠂  ᠨᠢᠭᠡᠳᠦᠭᠡᠷ ᠬᠤᠭᠤᠴᠠᠭ᠎ᠠ ᠨᠢ 10  ᠰᠠᠷ᠎ᠠ ᠶᠢᠨ 11 ᠤ ᠡᠳᠦᠷ ᠠᠴᠠ 31 ᠤ ᠡᠳᠦᠷ ᠪᠣᠯᠲᠠᠯ᠎ᠠ ᠡᠷᠦᠬᠡ ᠳᠤ ᠬᠦᠨᠵᠡᠭᠡᠶᠢᠷᠡᠨ  ᠪᠠᠶᠢᠴᠠᠭᠠᠯᠲᠠ ᠬᠢᠵᠤ᠂ ᠬᠤᠶᠠᠳᠤᠭᠠᠷ  ᠬᠤᠭᠤᠴᠠᠭ᠎ᠠ ᠨᠢ  11  ᠰᠠᠷ᠎ᠠ ᠶᠢᠨ 1 ᠤ ᠡᠳᠦᠷ  ᠠᠴᠠ ᠡᠬᠢᠯᠡᠬᠦ ᠪᠤᠯᠤᠨ᠎ᠠ᠃   ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ  ᠬᠠᠤᠯᠢ ᠶᠣᠰᠣᠭᠠᠷ ᠬᠠᠮᠵᠢᠯᠴᠠᠬᠤ ᠪᠣᠯ ᠠᠷᠠᠳ ᠢᠷᠭᠡᠨ ᠨᠢᠭᠡᠪᠦᠷᠢ ᠶᠢᠨ ᠭᠦᠶᠴᠡᠳᠬᠡᠪᠡᠰᠦ ᠵᠣᠬᠢᠬᠤ ᠡᠭᠦᠷᠭᠡ ᠪᠣᠯᠤᠨ᠎ᠠ᠂  ᠦᠷᠭᠡᠨ ᠤᠯᠠᠨ ᠰᠠᠭᠤᠭᠠᠯᠢ ᠠᠷᠠᠳ  ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ  ᠳᠤ  ᠢᠳᠡᠪᠬᠢᠲᠡᠶ ᠳᠡᠮᠵᠢᠨ ᠬᠠᠮᠵᠢᠯᠴᠠᠬᠤ  ᠪᠤᠯᠪᠠᠤ︕      
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号