ᠪᠠᠷᠠᠭᠤᠨ ᠦᠵᠦᠮᠦᠴᠢᠨ ᠬᠤᠰᠢᠭᠤ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ ᠪᠤᠢ | | | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠠᠷᠠᠭᠤᠨ ᠦᠵᠦᠮᠦᠴᠢᠨ ᠬᠤᠰᠢᠭᠤ ᠨᠢ ᠮᠠᠯ | ᠠᠵᠤ ᠠᠬᠤᠢ ᠶᠢᠨ ᠦᠢᠯᠡᠰ ᠲᠠᠬᠢ ᠪᠡᠯᠡ ᠣᠷᠤᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠰᠢᠨ᠎ᠡ ᠶᠢ | ᠡᠭᠦᠳᠴᠤ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠤᠯᠠᠨ ᠠᠷᠭ᠎ᠠ ᠪᠠᠷᠢᠯ ᠢᠶᠠᠷ ᠯᠠᠪᠳᠠᠭᠤᠨ ᠠᠬᠢᠭᠤᠯᠤᠭᠰᠠᠨ | ᠪᠠᠶᠢᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠠᠷᠠᠭᠤᠨ ᠦᠵᠦᠮᠦᠴᠢᠨ ᠬᠤᠰᠢᠭᠤ ᠨᠢ | ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠬᠤ ᠠᠵᠢᠯ ᠢ ᠴᠢᠨᠠᠭᠰᠢᠳᠠ ᠴᠢᠩᠭᠠᠳᠬᠠᠨ᠂ ᠬᠤᠯᠪᠣᠭᠠᠯᠠᠨ ᠡᠭᠦᠯᠳᠡᠷ | ᠪᠣᠶᠢᠵᠢᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠦᠷᠢᠨᠰᠢᠬᠦᠯᠵᠤ᠂ ᠦᠵᠦᠮᠦᠴᠢᠨ ᠬᠤᠨᠢᠨ ᠤ ᠠᠵᠤ | ᠦᠢᠯᠡᠰ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠬᠤᠭᠤᠯᠠᠲᠤ ᠶᠢᠨ ᠭᠤᠣᠯ ᠪᠠᠯᠭᠠᠰᠤᠨ ᠤ | ᠤᠷᠲᠤ ᠶᠢᠨ ᠭᠤᠣᠯ ᠭᠠᠴᠠᠭᠠᠨ ᠤ ᠮᠠᠯᠴᠢᠨ ᠪᠠᠭᠠᠨ᠎ᠠ ᠶᠢᠨ ᠬᠢᠨ ᠪᠣᠯ ᠪᠠᠷᠠᠭᠤᠨ ᠦᠵᠦᠮᠦᠴᠢᠨ ᠬᠤᠰᠢᠭᠤᠨ ᠤ | ᠦᠵᠦᠮᠦᠴᠢᠨ ᠬᠤᠨᠢ ᠮᠠᠯᠵᠢᠵᠤ ᠪᠠᠶᠢᠭ᠎ᠠ ᠳᠤᠰᠬᠠᠢ ᠡᠷᠦᠬᠡ ᠶᠢᠨ ᠨᠢᠭᠡ ᠪᠤᠯᠤᠨ᠎ᠠ᠃ ᠡᠳᠡᠨᠠᠶᠢᠬᠢᠨ ᠨᠢᠳᠤᠨᠤᠨ ᠵᠢᠯ ᠤᠨ | ᠰᠣᠩᠭᠤᠨ ᠪᠣᠶᠢᠵᠢᠭᠤᠯᠤᠭᠰᠠᠨ ᠬᠤᠴᠠ ᠪᠠᠨ ᠬᠤᠰᠢᠭᠤᠨ ᠤ ᠮᠠᠯ ᠠᠵᠤ ᠠᠬᠤᠢ ᠪᠠ ᠰᠢᠨᠵᠢᠯᠡᠬᠦ ᠤᠬᠭᠠᠨ ᠲᠧᠬᠡᠨᠢᠭ | ᠮᠡᠷᠭᠡᠵᠢᠯ ᠤᠨ ᠲᠤᠪᠴᠢᠶᠠᠨ ᠤ ᠬᠢᠨᠠᠨ ᠲᠣᠭᠲᠠᠭᠠᠯᠲᠠ ᠪᠠᠷ ᠳᠠᠮᠵᠢᠭᠰᠠᠨ ᠤ ᠳᠠᠷᠠᠭ᠎ᠠ᠂ ᠨᠢᠭᠡ ᠬᠤᠴᠠ ᠪᠠᠨ ᠳᠡᠭᠰᠢᠳᠬᠡᠬᠡᠳ | 2900 ᠲᠦᠭᠦᠷᠢᠭ ᠢᠶᠠᠷ ᠬᠤᠳᠠᠯᠳᠤᠭᠰᠠᠨ ᠪᠦᠬᠡᠳ 200 ᠲᠦᠭᠦᠷᠢᠭ ᠤᠨ ᠪᠣᠷᠳᠣᠨ ᠲᠡᠵᠢᠭᠡᠬᠦ ᠨᠦᠬᠦᠪᠦᠷᠢ ᠤᠯᠤᠭᠰᠠᠨ | ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠤᠷᠲᠤ ᠶᠢᠨ ᠭᠤᠣᠯ ᠭᠠᠴᠠᠭᠠᠨ ᠤ | ᠮᠠᠯᠴᠢᠨ ᠪᠠᠭᠠᠨ᠎ᠠ᠄ ︽ᠵᠢᠯ ᠳᠤ 200 ᠭᠠᠷᠤᠢ ᠬᠤᠴᠠ ᠪᠠᠨ ᠮᠠᠯᠴᠢᠳ ᠲᠤ ᠬᠤᠳᠠᠯᠳᠤᠳᠠᠭ᠂ ᠨᠢᠭᠡ ᠬᠤᠴᠠ ᠬᠤᠳᠠᠯᠳᠤᠨ | ᠠᠪᠬᠤ ᠳᠤ 1600 ᠲᠦᠭᠦᠷᠢᠭ ᠤᠨ ᠨᠦᠬᠦᠪᠦᠷᠢ ᠣᠯᠭᠤᠳᠠᠭ ᠪᠣᠯᠬᠤᠷ ᠬᠤᠳᠠᠯᠳᠤᠨ ᠠᠪᠤᠭᠰᠠᠨ ᠮᠠᠯᠴᠢᠳ ᠪᠣᠯᠣᠨ ᠨᠠᠳᠠ | ᠪᠦᠷ ᠶᠡᠭᠡ ᠠᠰᠢᠭ ᠬᠦᠷᠲᠡᠭᠡᠭᠰᠡᠨ︾ ᠭᠡᠯᠡ᠃ | ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠨᠢ ᠬᠤᠷᠠᠭᠠᠨ ᠬᠤᠴᠠ ᠰᠣᠩᠭᠤᠨ ᠦᠯᠡᠳᠡᠭᠡᠬᠦ᠂ | ᠰᠢᠯᠢᠳᠡᠭ ᠡᠬᠦᠯᠳᠡᠷ ᠤᠨ ᠡᠮ᠎ᠡ ᠬᠤᠨᠢ ᠪᠣᠯᠣᠨ ᠦᠷ᠎ᠠ ᠶᠢᠨ ᠮᠠᠯ ᠢ ᠰᠤᠩᠭᠤᠨ ᠦᠷᠡᠵᠢᠭᠦᠯᠬᠦ ᠠᠵᠢᠯ ᠢ ᠴᠢᠬᠤᠯᠠᠴᠢᠯᠠᠨ | ᠠᠳᠬᠤᠵᠤ᠂ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢᠨ ᠳᠣᠣᠷ᠎ᠠ᠂ ᠮᠠᠯᠴᠢᠳ ᠤᠨ ᠡᠭᠦᠯᠳᠡᠷ ᠤᠨ ᠦᠷ᠎ᠡ ᠶᠢᠨ ᠮᠠᠯ | ᠲᠡᠵᠢᠭᠡᠨ ᠦᠷᠡᠵᠢᠭᠦᠯᠬᠦ ᠢᠳᠡᠪᠬᠢᠵᠢᠯ ᠢ ᠳᠡᠭᠡᠭᠰᠢᠯᠡᠭᠦᠯᠦᠨ᠂ ᠦᠵᠦᠮᠦᠴᠢᠨ ᠬᠤᠨᠢᠨ ᠤ ᠠᠵᠤ ᠦᠢᠯᠡᠰ ᠤᠨ ᠲᠦᠷᠭᠡᠨ | ᠬᠦᠭᠵᠢᠯᠳᠠ ᠶᠢ ᠠᠬᠢᠭᠤᠯᠪᠠ᠃ ᠪᠦᠬᠦ ᠬᠤᠰᠢᠭᠤᠨ ᠳᠤ 1 ᠬᠤᠴᠠᠨ ᠤ ᠲᠠᠯᠠᠪᠠᠢ᠂ 7 ᠥᠷᠭᠡᠳᠬᠡᠭᠰᠡᠨ ᠲᠠᠯᠠᠪᠠᠢ᠂ 220 | ᠭᠤᠣᠯᠳᠠᠯᠭ᠎ᠠ ᠲᠠᠢ ᠰᠦᠷᠦᠭ ᠢ ᠤᠷᠢᠳ ᠬᠤᠵᠢᠳ ᠪᠠᠶᠢᠭᠤᠯᠤᠨ᠂ ᠪᠠᠰᠠ 500 ᠪᠠᠷᠢᠮᠵᠢᠶᠠᠵᠢᠭᠤᠯᠤᠭᠰᠠᠨ ᠰᠦᠷᠦᠭ ᠢ | ᠪᠠᠶᠢᠭᠤᠯᠵᠤ᠂ ︽ᠬᠤᠴᠠᠨ ᠤ ᠲᠠᠯᠠᠪᠠᠢ+ ᠥᠷᠭᠡᠳᠬᠡᠭᠰᠡᠨ ᠲᠠᠯᠠᠪᠠᠢ+ ᠭᠤᠣᠯᠳᠠᠯᠭ᠎ᠠ ᠲᠠᠢ ᠰᠦᠷᠦᠭ︾ ᠤᠨ ᠨᠢᠭᠡ | ᠴᠣᠭᠴᠠᠵᠢᠭᠤᠯᠤᠭᠰᠠᠨ ᠬᠤᠯᠪᠣᠭᠠᠯᠠᠨ ᠡᠭᠦᠯᠳᠡᠷ ᠪᠣᠶᠢᠵᠢᠭᠤᠯᠬᠤ ᠰᠢᠰᠲ᠋ᠧᠮ ᠢ ᠪᠦᠷᠢᠯᠳᠦᠬᠦᠯᠦᠭᠰᠡᠨ ᠪᠠᠶᠢᠨ᠎ᠠ᠃ | ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ | ᠪᠣᠯ ᠪᠠᠷᠠᠭᠤᠨ ᠦᠵᠦᠮᠦᠴᠢᠨ ᠬᠤᠰᠢᠭᠤᠨ ᠤ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ | ᠵᠠᠩᠭᠢᠯᠠᠭ᠎ᠠ ᠪᠣᠯᠣᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠳᠠᠭᠠᠭᠠᠴᠠ ᠮᠠᠯ ᠠᠵᠤ ᠠᠬᠤᠢ ᠶᠢᠨ ᠲᠤᠰᠬᠠᠢ | ᠮᠡᠷᠭᠡᠵᠢᠯ ᠤᠨ ᠬᠤᠷᠰᠢᠶᠠᠵᠢᠯ ᠨᠢ ᠰᠢᠨ᠎ᠡ ᠭᠦᠢᠯᠭᠡᠭᠡᠨ ᠤ ᠬᠡᠯᠪᠡᠷᠢ ᠶᠢ ᠢᠳᠡᠪᠬᠢᠲᠡᠢ ᠰᠦᠪᠡᠭᠴᠢᠯᠡᠨ᠂ ᠮᠠᠯ ᠰᠦᠷᠦᠭ᠂ | ᠨᠤᠲᠤᠭ ᠪᠡᠯᠴᠢᠭᠡᠷ᠂ ᠰᠠᠭᠤᠷᠢ ᠪᠦᠲᠦᠭᠡᠨ ᠪᠠᠶᠢᠭᠤᠯᠤᠯᠲᠠ ᠪᠠᠷ ᠬᠤᠪᠢ ᠣᠷᠣᠭᠤᠯᠬᠤ ᠬᠡᠯᠪᠡᠷᠢ ᠪᠠᠷ ᠨᠤᠲᠤᠭ ᠪᠡᠯᠴᠢᠭᠡᠷ ᠤᠨ | ᠬᠠᠮᠠᠭᠠᠯᠠᠯᠲᠠ ᠪᠣᠯᠣᠨ ᠠᠰᠢᠭᠯᠠᠯᠲᠠ ᠶᠢ ᠳᠡᠭᠡᠭᠰᠢᠯᠡᠭᠦᠯᠬᠦ᠂ ᠮᠠᠯ ᠠᠵᠤ ᠠᠬᠤᠢ ᠶᠢᠨ ᠪᠦᠲᠦᠭᠡᠭᠳᠡᠬᠦᠨ ᠤ ᠡᠳ᠋ᠰᠢᠭᠦᠯᠦᠯᠲᠡ᠂ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠪᠠᠷ ᠵᠣᠷᠢᠯᠭ᠎ᠠ ᠪᠠᠨ ᠪᠣᠯᠭᠠᠨ᠂ ᠬᠡᠪᠴᠢᠶᠡᠵᠢᠯ ᠢᠶᠠᠨ ᠲᠠᠰᠤᠷᠠᠯᠲᠠ ᠦᠭᠡᠢ | ᠥᠷᠭᠡᠳᠬᠡᠨ᠂ ᠮᠠᠯᠴᠢᠳ ᠢ ᠳᠠᠶᠢᠴᠢᠯᠠᠨ ᠬᠠᠮᠲᠤᠪᠠᠷ ᠬᠥᠭᠵᠢᠯᠲᠡ ᠶᠢᠨ ᠵᠠᠮ ᠢ ᠰᠦᠪᠡᠭᠴᠢᠯᠡᠭᠰᠡᠨ ᠪᠠᠶᠢᠨ᠎ᠠ᠃ ᠣᠶᠢᠷ᠎ᠠ ᠶᠢᠨ | ᠠᠵᠢᠯ ᠳᠤ᠂ ᠤᠯᠠᠭᠠᠨᠬᠠᠭᠠᠯᠭ᠎ᠠ ᠰᠣᠮᠣ᠂ ᠪᠠᠶᠠᠨᠬᠤᠰᠢᠭᠤ ᠰᠣᠮᠣ ᠵᠡᠷᠭᠡ ᠭᠠᠵᠠᠷ ᠣᠷᠣᠨ ᠤ ᠮᠠᠯᠴᠢᠳ ᠵᠠᠯᠭᠠᠪᠠᠷ ᠮᠠᠯ ᠰᠦᠷᠦᠭ | ᠂ ᠨᠤᠲᠤᠭ ᠪᠡᠯᠴᠢᠭᠡᠷ ᠵᠡᠷᠭᠡ ᠪᠠᠷ ᠢᠶᠠᠨ ᠬᠤᠪᠢ ᠣᠷᠣᠭᠰᠠᠨ ᠠᠴᠠ ᠬᠤᠷᠰᠢᠶᠠᠵᠢᠯ ᠨᠢ ᠳᠠᠰᠤᠷᠠᠯᠲᠠ ᠦᠭᠡᠢ ᠪᠤᠵᠠᠭᠠᠶᠢᠷᠠᠨ᠂ | ᠣᠳᠣ ᠪᠣᠯᠬᠤ ᠳᠤ 14 ᠡᠷᠦᠬᠡ ᠲᠠᠢ ᠪᠣᠯᠣᠨ ᠬᠥᠭᠵᠢᠵᠦ᠂ ᠨᠡᠶᠢᠲᠡ 9800 ᠮᠦ ᠨᠤᠲᠤᠭ ᠪᠡᠯᠴᠢᠭᠡᠷ᠂ 600 | ᠦᠵᠦᠮᠦᠴᠢᠨ ᠬᠤᠨᠢ᠂ 150 ᠦᠬᠡᠷ ᠪᠣᠯᠣᠨ100 ᠭᠠᠷᠤᠢ ᠠᠳᠤᠭᠤ ᠲᠠᠢ ᠬᠤᠷᠰᠢᠶᠠᠵᠢᠯ ᠪᠤᠯᠤᠨ ᠬᠦᠭᠵᠢᠭᠰᠡᠨ ᠪᠠᠶᠢᠨ᠎ᠠ᠃ | ᠬᠤᠷᠰᠢᠶᠠᠵᠢᠯ ᠤᠨ ᠭᠡᠰᠢᠭᠦᠳ ᠨᠢ ᠵᠢᠯ ᠪᠦᠷᠢ ᠠᠰᠢᠭ ᠬᠤᠪᠢᠶᠠᠬᠤ ᠪᠠ ᠬᠦᠴᠦ ᠬᠥᠳᠡᠯᠮᠦᠷᠢ ᠣᠷᠤᠭᠤᠯᠬᠤ ᠬᠡᠯᠪᠡᠷᠢ ᠪᠠᠷ | ᠣᠷᠣᠯᠭ᠎ᠠ ᠪᠠᠨ ᠨᠡᠮᠡᠭᠳᠡᠭᠦᠯᠵᠦ ᠪᠠᠶᠢᠨ᠎ᠠ᠃ ᠥᠨᠥ ᠵᠢᠯ ᠤᠨ 5 ᠰᠠᠷ᠎ᠠ ᠳᠤ᠂ ᠲᠤᠰ ᠬᠤᠷᠰᠢᠶᠠᠵᠢᠯ ᠨᠢ ᠪᠠᠷᠢᠮᠵᠢᠶᠠᠵᠢᠭᠰᠠᠨ | ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢ ᠪᠠᠶᠢᠭᠤᠯᠤᠨ᠂ ᠪᠠᠯᠭᠠᠷᠭᠤᠣᠯ ᠪᠠᠯᠭᠠᠰᠤᠨ ᠳᠠᠬᠢ ᠴᠠᠭᠠᠨ ᠢᠳᠡᠭᠡᠨ ᠤ | ᠳᠡᠯᠭᠡᠭᠦᠷ ᠤᠳ ᠲᠠᠢ ᠪᠣᠷᠣᠯᠠᠭᠤᠯᠭ᠎ᠠ ᠶᠢᠨ ᠭᠡᠷ᠎ᠡ ᠲᠣᠭᠲᠠᠨ᠂ ᠬᠤᠷᠰᠢᠶᠠᠵᠢᠯ ᠠᠴᠠ ᠭᠡᠰᠢᠭᠦᠨ ᠡᠷᠦᠬᠡ ᠳᠤ ᠦᠨᠢᠶᠡᠨ ᠰᠦ | ᠬᠠᠩᠭᠠᠵᠤ᠂ ᠴᠠᠭᠠᠨ ᠢᠳᠡᠭᠡᠨ ᠤ ᠪᠦᠲᠦᠭᠡᠭᠳᠡᠬᠦᠨ ᠤ ᠪᠠᠨ ᠴᠢᠨᠠᠷ ᠢ ᠪᠠᠲᠤᠯᠠᠵᠤ ᠪᠠᠶᠢᠬᠤ ᠪᠠᠷ ᠪᠠᠷᠠᠬᠤ ᠦᠭᠡᠢ | ᠬᠡᠷᠡᠭᠯᠡᠭᠴᠢᠳ ᠤᠨ ᠢᠲᠡᠭᠡᠯ ᠨᠠᠶᠢᠳᠠᠪᠤᠷᠢ ᠶᠢ ᠣᠯᠵᠤ ᠪᠠᠶᠢᠨ᠎ᠠ᠃ ᠥᠨᠥ ᠵᠢᠯ ᠤᠨ 9 ᠰᠠᠷ᠎ᠠ ᠶᠢᠨ ᠰᠡᠭᠦᠯᠴᠢ ᠪᠣᠯᠬᠤ ᠳᠤ᠂ | ᠲᠤᠰ ᠬᠤᠷᠰᠢᠶᠠᠵᠢᠯ ᠨᠢ ᠨᠡᠶᠢᠲᠡ 10 ᠲᠣᠨ ᠦᠨᠢᠶᠡᠨ ᠰᠦ ᠪᠣᠷᠣᠯᠠᠭᠤᠯᠤᠨ ᠡᠳ᠋ᠰᠢᠭᠦᠯᠵᠦ᠂ ᠴᠠᠭᠠᠨ ᠢᠳᠡᠭᠡ | ᠬᠤᠳᠠᠯᠳᠤᠭᠰᠠᠨ ᠣᠷᠣᠯᠭ᠎ᠠ ᠨᠢ 5 ᠲᠦᠮᠡᠨ ᠲᠦᠭᠦᠷᠢᠭ ᠬᠦᠷᠪᠡ᠃ | ᠪᠠᠷᠠᠭᠤᠨ ᠦᠵᠦᠮᠦᠴᠢᠨ ᠬᠤᠰᠢᠭᠤᠨ ᠤ ᠳᠠᠭᠠᠭᠠᠴᠠ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ | ᠬᠤᠷᠰᠢᠶᠠᠵᠢᠯ ᠤᠨ ᠳᠠᠭᠠᠭᠠᠮᠠᠯ ᠵᠠᠭᠤᠨᠨᠠᠰᠤᠲᠤ᠄ ︽ᠣᠳᠣᠬᠠᠨ ᠳᠤ ᠮᠠᠨ ᠤ ᠬᠤᠷᠰᠢᠶᠠᠵᠢᠯ ᠤᠨ ᠠᠵᠤ ᠠᠬᠤᠢ ᠶᠢᠨ | ᠬᠠᠮᠤᠭ ᠤᠨ ᠭᠤᠣᠯ ᠢᠷᠡᠯᠲᠡ ᠪᠣᠯ ᠮᠠᠯᠵᠢᠯ ᠤᠨ ᠲᠠᠯᠠᠪᠠᠢ ᠪᠣᠯᠣᠨ᠎ᠠ᠂ ᠡᠨᠡ ᠪᠣᠯ ᠨᠢᠭᠡᠨ ᠦᠬᠡᠷ ᠬᠤᠨᠢ ᠠᠳᠤᠭᠤ | ᠮᠠᠯᠵᠢᠬᠤ ᠪᠠᠷ ᠭᠤᠣᠯᠳᠠᠭᠤᠯᠤᠭᠰᠠᠨ ᠮᠠᠯᠵᠢᠯ ᠤᠨ ᠲᠠᠯᠠᠪᠠᠢ ᠪᠣᠯᠣᠨ᠎ᠠ᠃ ᠣᠳᠣᠬᠠᠨ ᠳᠤ ᠭᠤᠣᠯᠳᠠᠭᠤ ᠪᠡᠯᠴᠢᠭᠡᠷ ᠲᠤ | ᠲᠦᠰᠢᠭᠯᠡᠬᠦ ᠬᠡᠯᠪᠡᠷᠢ ᠪᠠᠷ ᠮᠠᠯᠵᠢᠵᠤ ᠪᠠᠶᠢᠨ᠎ᠠ᠂ ᠬᠤᠶᠢᠰᠢᠳᠠ ᠪᠡᠯᠴᠢᠭᠡᠷ ᠲᠤ ᠲᠦᠰᠢᠭᠯᠡᠨ ᠮᠠᠯᠵᠢᠬᠤ ᠬᠡᠯᠪᠡᠷᠢ ᠪᠠᠨ | ᠥᠭᠡᠷᠡᠴᠢᠯᠡᠨ᠂ ᠮᠠᠯ ᠤᠨ ᠠᠰᠢᠭ ᠰᠢᠮ᠎ᠡ ᠶᠢᠨ ᠣᠷᠣᠯᠭ᠎ᠠ ᠪᠠᠨ ᠨᠡᠮᠡᠭᠳᠡᠭᠦᠯᠬᠦ ᠲᠥᠯᠥᠪᠯᠡᠭᠡ ᠲᠠᠢ ᠪᠠᠶᠢᠨ᠎ᠠ︾ ᠭᠡᠯᠡ᠃ |