ᠮᠠᠨ ᠤ ᠬᠤᠰᠢᠭᠤ ᠠᠵᠦ ᠦᠢᠯᠡᠳᠪᠦᠷᠢ ᠶᠢᠨ ᠰᠢᠨ᠎ᠡ ᠶᠢ ᠡᠭᠦᠳᠬᠦ ᠬᠦᠭᠵᠢᠯᠳᠠ ᠶᠢᠨ ᠵᠠᠮ ᠢ ᠪᠠᠷᠢᠮᠳᠠᠯᠠᠨ᠂ ᠴᠢᠨᠠᠷ | ᠰᠠᠶᠢᠳᠠᠢ ᠪᠤᠬᠢᠷᠳᠤᠯ ᠦᠬᠡᠢ ᠬᠦᠭᠵᠢᠯᠳᠠ ᠶᠢ ᠠᠬᠢᠭᠤᠯᠵᠤ ᠪᠤᠢ | | | ᠵᠢᠩ ᠨᠧᠩ ︵ᠰᠢᠯᠢ ᠶᠢᠨ ᠭᠤᠤᠯ︶ ᠴᠠᠬᠢᠯᠭᠠᠨ ᠭᠠᠷᠭᠠᠬᠤ ᠬᠢᠵᠠᠭᠠᠷᠳᠦ ᠺᠣᠮᠫᠠᠨᠢ ᠨᠢ ︽ᠬᠦᠬᠡ ᠠᠭᠤᠯᠠ | ᠬᠦᠬᠡᠮᠳᠦᠭ ᠣᠰᠣ ᠪᠣᠯ ᠡᠳ᠋ ᠡᠷᠳᠡᠨᠢᠰ︾ ᠬᠡᠬᠦ ᠪᠣᠬᠢᠷᠳᠣᠯ ᠦᠬᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠦᠬᠦ ᠲᠠᠯ᠎ᠠ | ᠪᠠᠷ ᠪᠠᠷᠢᠮᠳᠠᠯᠠᠵᠦ᠂ ᠬᠦᠷᠡᠩ ᠨᠡᠬᠦᠷᠡᠰᠦ ᠶᠢᠨ ︽ᠣᠰᠣ ᠴᠠᠬᠢᠯᠭᠠᠨ ᠤ ᠬᠠᠮᠳᠣᠷᠠᠭᠰᠠᠨ ᠦᠢᠯᠡᠳᠪᠦᠷᠢᠯᠡᠯ ᠤᠨ ᠮᠡᠷᠬᠡᠵᠢᠯ︾ | ᠨᠢ ᠨᠡᠬᠦᠷᠡᠰᠦ ᠡᠯᠪᠡᠭ ᠭᠠᠩ ᠬᠠᠭᠤᠷᠠᠢ ᠭᠠᠵᠠᠷ ᠣᠷᠣᠨ ᠤ ᠨᠡᠬᠦᠷᠡᠰᠦᠨ ᠤ ᠡᠬᠢ ᠪᠠᠶᠠᠯᠢᠭ ᠢ ᠣᠯᠠᠷᠢᠭᠤᠯᠬᠤ ᠪᠠᠶᠢᠳᠠᠯ ᠳᠠᠬᠢ | ᠣᠰᠣ ᠳᠣᠳᠠᠭᠳᠠᠬᠤ ᠠᠰᠠᠭᠤᠳᠠᠯ ᠢ ᠰᠢᠢᠳᠪᠦᠷᠢᠯᠡᠵᠤ᠂ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠰᠢᠨ᠎ᠡ | ᠳᠥᠰᠥᠯ ᠢ ᠰᠦᠪᠡᠭᠴᠢᠯᠡᠨ᠂ ᠴᠡᠪᠡᠷ ᠡᠨᠧᠷᠬᠢ ᠶᠢᠨ ᠰᠣᠷᠪᠣᠯᠵᠢ᠂ ᠠᠮᠢ ᠠᠬᠤᠢ ᠶᠢᠨ ᠪᠦᠲᠦᠬᠡᠨ ᠪᠠᠶᠢᠭᠤᠯᠣᠯᠳᠠ ᠵᠢᠴᠢ | ᠲᠠᠷᠢᠶᠠᠯᠠᠩ ᠮᠠᠯ ᠠᠵᠦ ᠠᠬᠤᠢ ᠶᠢᠨ ᠬᠠᠮᠳᠣᠷᠠᠭᠰᠠᠨ ᠬᠦᠭᠵᠢᠯᠳᠡ ᠶᠢᠨ ᠰᠢᠨ᠎ᠡ ᠠᠷᠭ᠎ᠠ ᠵᠠᠮ ᠢ ᠢᠳᠡᠪᠬᠢᠳᠠᠢ | ᠰᠦᠪᠡᠭᠴᠢᠯᠡᠭᠰᠡᠨ ᠪᠠᠶᠢᠨ᠎ᠠ᠃ | ᠵᠢᠩ ᠨᠧᠩ ︵ᠰᠢᠯᠢ ᠶᠢᠨ ᠭᠤᠤᠯ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠨᠢ ᠰᠢᠯᠢ ᠶᠢᠨ ᠭᠤᠤᠯ ᠠᠶᠢᠮᠠᠭ | ᠠᠴᠠ ᠱᠠᠨᠳᠦ᠋ᠩ ᠬᠦᠷᠬᠦ 1000 ᠺᠢᠯᠤᠸᠠᠲ ᠶᠢᠨ ᠦᠨᠳᠦᠷ ᠳᠠᠷᠣᠯᠳᠠᠳᠦ ᠴᠠᠬᠢᠯᠭᠠᠨ ᠵᠠᠮ ᠱᠣᠭᠤᠮ ᠤᠨ 7 ᠢᠵᠢ | ᠪᠦᠷᠢᠳᠦᠭᠰᠡᠨ ᠴᠠᠬᠢᠯᠭᠠᠨ ᠰᠣᠷᠪᠣᠯᠵᠢ ᠶᠢᠨ ᠨᠢᠬᠡ ᠪᠣᠯᠬᠤ ᠴᠡᠪᠡᠷ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ | ᠨᠢᠬᠡ ᠪᠠᠶᠢᠵᠦ᠂ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ ᠳᠣᠮᠳᠠᠬᠢ ᠬᠤᠶᠠᠷ ᠰᠠᠭᠤᠷᠢ ᠬᠡᠳᠦ ᠳᠠᠮᠵᠢᠭᠤᠯᠭ᠎ᠠ ᠶᠢᠨ | ᠬᠦᠷᠡᠩ ᠨᠡᠬᠦᠷᠡᠰᠦ ᠶᠢᠨ ᠠᠭᠠᠷ ᠢᠶᠠᠷ ᠬᠦᠷᠦᠬᠡᠬᠦ ᠮᠧᠬᠠᠨᠢᠭ ᠨᠢ ᠳᠣᠰ ᠳᠣᠰ 2018 ᠣᠨ ᠤ 10 ᠰᠠᠷ᠎ᠠ ᠶᠢᠨ 20 ᠤ | ᠡᠳᠦᠷ ᠪᠠ 2019 ᠣᠨ ᠤ 1 ᠰᠠᠷ᠎ᠠ ᠶᠢᠨ 24 ᠤ ᠡᠳᠦᠷ ᠵᠢᠩᠬᠢᠨᠢ ᠪᠠᠷ ᠠᠰᠢᠭᠯᠠᠯᠳᠠ ᠳᠤ ᠤᠷᠤᠭᠤᠯᠵᠤ᠂ ᠳᠡᠯᠡᠬᠡᠢ ᠶᠢᠨ | ᠬᠡᠪᠴᠢᠶᠡᠨ ᠳᠤ ᠠᠩᠬ᠎ᠠ ᠤᠳᠠᠭ᠎ᠠ660MW ᠳᠡᠰ ᠤᠨ ᠦᠨᠳᠦᠷ ᠫᠠᠷᠠᠮᠧᠲ᠋ᠠᠷ ᠤᠨ ᠬᠡᠳᠤ ᠬᠢᠵᠠᠭᠠᠷ ᠤᠨ ᠬᠦᠷᠡᠩ | ᠨᠡᠬᠦᠷᠡᠰᠦᠨ ᠤ ᠵᠤᠤᠬ᠎ᠠ ᠶᠢᠨ ᠰᠢᠨ᠎ᠡ ᠮᠡᠷᠭᠡᠵᠢᠯ ᠢ ᠠᠰᠢᠭᠯᠠᠵᠤ᠂ ᠳᠡᠯᠡᠬᠡᠢ ᠶᠢᠨ ᠬᠡᠪᠴᠢᠶᠡᠨ ᠳᠤ ᠠᠩᠬ᠎ᠠ ᠤᠳᠠᠭ᠎ᠠ | 660MW ᠤᠨ ᠳᠡᠰ ᠤᠨ ᠤᠰᠤ ᠪᠠᠷ ᠬᠦᠷᠦᠭᠡᠬᠦ ᠠᠭᠤᠷ ᠤᠨ ᠲᠦᠷᠪᠢᠨ ᠤ ᠴᠠᠬᠢᠯᠭᠠᠨ ᠭᠠᠷᠭᠠᠬᠤ ᠮᠠᠰᠢᠨ | ᠴᠤᠭᠴᠠᠯᠠᠪᠤᠷᠢ ᠵᠡᠷᠭᠡ ᠶᠢ ᠰᠤᠳᠤᠯᠤᠨ ᠨᠡᠭᠡᠭᠡᠨ ᠠᠰᠢᠭᠯᠠᠵᠤ᠂ ᠴᠠᠬᠢᠯᠭᠠᠨ ᠭᠠᠷᠭᠠᠬᠤ ᠦᠢᠯᠡᠳᠪᠦᠷᠢᠯᠠᠯ ᠤᠨ ᠶᠠᠪᠤᠴᠠ | ᠳᠤ ︽ᠤᠰᠤ ᠬᠡᠷᠡᠭᠯᠡᠬᠦ ᠦᠬᠡᠢ︾᠂ ︽ᠪᠤᠵᠠᠷ ᠤᠰᠤ ᠭᠠᠳᠠᠭᠰᠢᠯᠠᠭᠤᠯᠬᠤ ᠦᠬᠡᠢ︾ ᠪᠠᠶᠢᠬᠤ ᠶᠢ ᠪᠡᠶᠡᠯᠡᠬᠦᠯᠪᠡ᠃ | ᠭᠠᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠭᠤᠷ ᠠᠴᠠ ᠤᠰᠤ ᠭᠠᠷᠭᠠᠵᠤ ᠳᠠᠳᠠᠬᠤ ᠮᠡᠷᠭᠡᠵᠢᠯ ᠤᠨ | ᠳᠠᠶᠢᠯᠪᠣᠷᠢᠯᠠᠭᠴᠢ᠂ ᠵᠢᠩ ᠨᠧᠩ ︵ᠰᠢᠯᠢ ᠶᠢᠨ ᠭᠤᠤᠯ ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠶᠢᠨ ᠶᠡᠷᠦᠩᠭᠡᠢ | ᠳᠠᠭᠠᠭᠠᠮᠠᠯ ᠤᠨ ᠳᠣᠰᠠᠯᠠᠭᠴᠢ ᠰᠢᠦ ᠯᠢ ᠵᠢᠶᠧ ᠰᠤᠷᠪᠤᠯᠵᠢᠯᠠᠭᠴᠢ ᠳᠤ ︽ᠠᠭᠤᠷ ᠣᠳᠤᠭ᠎ᠠ ᠠᠴᠠ ᠣᠰᠣ ᠳᠠᠳᠠᠬᠤ | ᠮᠡᠷᠬᠡᠵᠢᠯ ᠪᠣᠯ ᠳᠡᠯᠡᠬᠡᠢ ᠳᠡᠬᠡᠷ᠎ᠡ ᠠᠩᠬᠠᠳᠠᠭᠴᠢ ᠬᠡᠷᠡᠭᠯᠡᠭᠳᠡᠵᠦ ᠪᠠᠶᠢᠭ᠎ᠠ ᠮᠡᠷᠬᠡᠵᠢᠯ ᠪᠣᠯᠣᠨ᠎ᠠ᠂ ᠠᠭᠤᠷ ᠪᠣᠯᠣᠨ ᠣᠳᠣᠭᠠᠨ ᠤ | ᠳᠣᠮᠳᠠ ᠠᠴᠠ ᠳᠠᠳᠠᠵᠦ ᠭᠠᠷᠭᠠᠭᠰᠠᠨ ᠣᠰᠣ ᠶᠢ ᠪᠦᠬᠦᠨ ᠢ ᠦᠢᠯᠡᠳᠪᠦᠷᠢᠯᠡᠯ ᠳᠤ ᠬᠡᠷᠡᠭᠯᠡᠵᠦ᠂ ᠭᠠᠳᠠᠨ᠎ᠠ ᠠᠴᠠ ᠣᠰᠣ | ᠳᠠᠳᠠᠨ ᠬᠡᠷᠡᠭᠯᠡᠬᠦ ᠦᠬᠡᠢ ᠪᠠᠶᠢᠬᠤ ᠳᠤ ᠪᠡᠶᠡᠯᠡᠬᠦᠯᠵᠤ ᠂ 2020 ᠣᠨ ᠤ 10 ᠰᠠᠷ᠎ᠠ ᠳᠤ ᠠᠰᠢᠭᠯᠠᠯᠳᠠ ᠳᠤ ᠣᠷᠣᠭᠠᠳ | ᠨᠢᠬᠡᠨᠳᠡ 528 ᠡᠳᠦᠷ ᠪᠣᠯᠵᠦ᠂ ᠲᠠᠯ᠎ᠠ ᠨᠣᠳᠤᠭ ᠤᠨ 200 ᠲᠦᠮᠡᠨ ᠲᠣᠨ ᠤ ᠭᠠᠵᠠᠷ ᠤᠨ ᠭᠠᠳᠠᠷᠭᠤ ᠶᠢᠨ ᠣᠰᠣ ᠶᠢ | ᠠᠷᠪᠢᠯᠠᠵᠠᠢ᠂ ᠬᠤᠶᠠᠷ ᠰᠠᠭᠤᠷᠢ 660MW ᠳᠡᠰ ᠤᠨ ᠤᠰᠤ ᠪᠠᠷ ᠬᠦᠷᠦᠭᠡᠬᠦ ᠠᠭᠤᠷ ᠤᠨ ᠲᠦᠷᠪᠢᠨ ᠤ ᠴᠠᠬᠢᠯᠭᠠᠨ | ᠭᠠᠷᠭᠠᠬᠤ ᠮᠠᠰᠢᠨ ᠴᠤᠭᠴᠠᠯᠠᠪᠤᠷᠢ ᠨᠢ ᠳᠣᠣᠷ᠎ᠠ ᠳᠣᠯᠠᠭᠠᠨ ᠦᠨᠳᠦᠷ ᠪᠠᠷᠢᠮᠵᠢᠶᠡᠳᠦ ᠬᠦᠷᠡᠩ ᠨᠡᠬᠦᠷᠡᠰᠦ ᠪᠠᠷ ᠴᠠᠬᠢᠯᠭᠠᠨ | ᠭᠠᠷᠭᠠᠬᠤ ᠲᠦᠷᠦᠯ ᠵᠦᠢᠯ ᠳᠤ ᠪᠠᠭᠳᠠᠵᠦ᠂ ᠠᠰᠢᠭᠯᠠᠯᠳᠠ ᠳᠤ ᠣᠷᠣᠭᠰᠠᠨ ᠤ ᠳᠠᠷᠠᠭ᠎ᠠ ᠣᠷᠳᠦ ᠬᠤᠭᠤᠴᠠᠭᠠᠨ ᠤ ᠠᠮᠦᠷ | ᠲᠥᠪᠰᠢᠨ ᠦᠢᠯᠡᠳᠪᠦᠷᠢᠯᠡᠯ ᠢ ᠪᠠᠲᠦᠯᠠᠬᠤ ᠶᠢᠨ ᠬᠠᠮᠳᠦ᠂ ᠡᠨᠧᠷᠬᠢ ᠠᠷᠪᠢᠯᠠᠬᠤ ᠵᠢᠴᠢ ᠣᠷᠴᠢᠨ ᠲᠣᠭᠤᠷᠢᠨ ᠢ ᠬᠠᠮᠠᠭᠠᠯᠠᠬᠤ | ᠦᠷ᠎ᠡ ᠪᠦᠳᠦᠮᠵᠢ ᠳᠣᠪᠣᠶᠢᠮ᠎ᠠ ᠪᠠᠶᠢᠵᠦ᠂ ᠭᠠᠳᠠᠭᠰᠢᠯᠠᠭᠤᠯᠣᠯᠳᠠ ᠶᠢᠨ ᠵᠢᠭᠠᠯᠳᠠ ᠲᠤᠭ᠎ᠠ ᠵᠢᠴᠢ ᠣᠷᠴᠢᠨ ᠲᠣᠭᠤᠷᠢᠨ ᠳᠤ | ᠦᠵᠡᠬᠦᠯᠬᠦ ᠨᠦᠯᠦᠬᠡ ᠶᠢ ᠴᠢᠳᠠᠬᠤ ᠶᠢᠨ ᠳᠣᠳᠣᠷ᠎ᠠ ᠪᠠᠭᠠᠰᠬᠠᠭᠰᠠᠨ ᠪᠠᠶᠢᠨ᠎ᠠ︾ ᠬᠡᠯᠡ ᠃ | ᠰᠤᠷᠪᠤᠯᠵᠢᠯᠠᠭ᠎ᠠ᠄ ᠭᠠᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠭᠤᠷ ᠠᠴᠠ ᠤᠰᠤ ᠭᠠᠷᠭᠠᠵᠤ ᠳᠠᠳᠠᠬᠤ | ᠮᠡᠷᠭᠡᠵᠢᠯ ᠤᠨ ᠳᠠᠶᠢᠯᠪᠣᠷᠢᠯᠠᠭᠴᠢ᠂ ᠵᠢᠩ ᠨᠧᠩ ︵ᠰᠢᠯᠢ ᠶᠢᠨ ᠭᠤᠤᠯ ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ | ᠶᠢᠨ ᠶᠡᠷᠦᠩᠭᠡᠢ ᠳᠠᠭᠠᠭᠠᠮᠠᠯ ᠤᠨ ᠳᠣᠰᠠᠯᠠᠭᠴᠢ ᠰᠢᠦ ᠯᠢ ᠵᠢᠶᠧ ︽ᠮᠠᠨ ᠤ ᠺᠣᠮᠫᠠᠨᠢ ᠨᠢ ᠣᠯᠣᠰ ᠤᠨ ᠪᠣᠬᠢᠷᠳᠣᠯ ᠦᠬᠡᠢ | ᠬᠦᠭᠵᠢᠯᠳᠡ ᠶᠢᠨ ᠣᠶᠢᠯᠭᠠᠭᠳᠠᠬᠤᠨ ᠢ ᠪᠠᠷᠢᠮᠳᠠᠯᠠᠨ᠂ 2018 ᠣᠨ ᠠᠴᠠ ᠡᠬᠢᠯᠡᠨ ᠪᠡᠯᠡ ᠣᠷᠣᠭᠤᠯᠣᠭᠰᠠᠨ ᠠᠴᠠ ᠨᠠᠰᠢ᠂ | ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠠᠵᠢᠯ ᠲᠦᠷᠦᠯ ᠤᠨ ᠳᠣᠮᠳᠠ ᠪᠠᠨ ᠭᠠᠪᠰᠢᠭᠠᠶᠢᠯᠠᠨ᠂ ᠬᠠᠶᠠᠭᠳᠠᠮᠠᠯ ᠪᠣᠳᠠᠰ | ᠢ ᠪᠣᠬᠢᠷᠳᠣᠯ ᠦᠬᠡᠢ ᠰᠢᠢᠳᠪᠦᠷᠢᠯᠡᠬᠦ᠂ ᠠᠮᠢ ᠠᠬᠤᠢ ᠶᠢᠨ ᠬᠠᠮᠠᠭᠠᠯᠠᠯᠳᠠ ᠵᠢᠴᠢ ᠠᠵᠦ ᠦᠢᠯᠡᠳᠪᠦᠷᠢ ᠶᠢᠨ ᠬᠠᠶᠠᠭᠳᠠᠮᠠᠯ | ᠪᠣᠳᠠᠰ ᠢ ᠪᠡᠯᠴᠢᠬᠡᠷ ᠳᠡᠬᠡᠷ᠎ᠡ ᠰᠢᠭᠤᠳ ᠭᠠᠳᠠᠭᠰᠢᠯᠠᠭᠤᠯᠬᠤ ᠠᠴᠠ ᠵᠠᠶᠢᠯᠠᠰᠬᠢᠵᠦ᠂ ᠡᠬᠦᠨ ᠤ ᠬᠠᠮᠳᠦ ᠪᠠᠰᠠ ᠠᠭᠤᠷ | ᠣᠳᠤᠭ᠎ᠠ ᠠᠴᠠ ᠳᠠᠳᠠᠨ ᠭᠠᠷᠭᠠᠭᠰᠠᠨ ᠣᠰᠣ ᠪᠠᠷ ᠪᠣᠬᠢᠷᠳᠣᠯ ᠦᠬᠡᠢ ᠲᠠᠷᠢᠶᠠᠯᠠᠩ ᠢ ᠬᠦᠭᠵᠢᠬᠦᠯᠦᠭᠰᠡᠨ ᠪᠠᠶᠢᠨ᠎ᠠ︾ ᠭᠡᠯᠡ᠃ | ᠵᠢᠩ ᠨᠧᠩ ︵ᠰᠢᠯᠢ ᠶᠢᠨ ᠭᠤᠤᠯ ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠨᠢ ᠭᠠᠵᠠᠷ ᠣᠷᠣᠨ ᠤ ᠪᠣᠳᠠᠳᠠᠢ | ᠪᠠᠶᠢᠳᠠᠯ ᠲᠠᠢ ᠣᠶᠠᠯᠳᠣᠭᠤᠯᠣᠨ᠂ ᠪᠣᠬᠢᠷᠳᠣᠯ ᠦᠬᠡᠢ ᠡᠨᠧᠷᠬᠢ ᠶᠢᠨ ᠰᠣᠷᠪᠣᠯᠵᠢ ᠪᠣᠯᠣᠨ ᠲᠠᠯ᠎ᠠ ᠨᠣᠳᠤᠭ ᠤᠨ ᠠᠮᠢ ᠠᠬᠤᠢ | ᠶᠢᠨ ᠬᠦᠭᠵᠢᠯᠳᠡ ᠶᠢᠨ ᠰᠢᠨ᠎ᠡ ᠠᠵᠦ ᠦᠢᠯᠡᠰ ᠢ ᠴᠣᠭᠴᠠᠯᠠᠨ᠂ ᠲᠤᠨᠤᠭᠯᠠᠯ ᠦᠢᠯᠡᠳᠬᠦ ᠳᠡᠷᠢᠬᠦᠨ ᠤ ᠮᠡᠷᠭᠡᠵᠢᠯ ᠳᠤ | ᠠᠩᠬᠠᠷᠤᠯ ᠢᠶᠠᠨ ᠬᠠᠨᠳᠤᠭᠤᠯᠤᠨ᠂ ᠣᠰᠣ ᠴᠠᠬᠢᠯᠭᠠᠨ ᠤ ᠬᠠᠮᠳᠣᠷᠠᠭᠰᠠᠨ ᠦᠢᠯᠡᠳᠪᠦᠷᠢᠯᠡᠯ︾ ᠢ ᠣᠰᠣᠯᠠᠯᠳᠠ᠂ ᠢᠯᠴᠢ ᠶᠢᠨ | ᠬᠦᠴᠦᠨ ᠢᠶᠠᠷ ᠳᠣᠯᠠᠭᠠᠯᠭ᠎ᠠ ᠬᠠᠩᠭᠠᠬᠤ᠂ ᠣᠳᠣᠬᠢᠴᠢᠯᠠᠭᠰᠠᠨ ᠲᠠᠷᠢᠶᠠᠯᠠᠩ ᠤᠨ ᠳᠠᠷᠢᠵᠦ ᠣᠷᠭᠤᠭᠤᠯᠬᠤ ᠵᠡᠷᠬᠡ ᠳᠤ | ᠠᠮᠵᠢᠯᠳᠠᠳᠠᠢ ᠳᠣᠷᠰᠢᠨ ᠬᠡᠷᠡᠭᠯᠡᠵᠦ᠂ ᠬᠠᠶᠠᠭᠳᠠᠮᠠᠯ ᠪᠣᠳᠠᠰ ᠢ ᠠᠰᠢᠭᠯᠠᠯᠳᠠ ᠳᠤ ᠣᠷᠣᠭᠤᠯᠣᠨ᠂ 2020 ᠣᠨ ᠤ 8 ᠰᠠᠷ᠎ᠠ | ᠠᠴᠠ ᠲᠦᠷᠦᠯ ᠵᠦᠢᠯ ᠢ ᠠᠰᠢᠭᠯᠠᠯᠳᠠ ᠳᠤ ᠣᠷᠣᠭᠤᠯᠣᠭᠰᠠᠨ ᠠᠴᠠ ᠨᠠᠰᠢ᠂ 110.86 ᠳ᠋ᠥᠩᠰᠢᠭᠤᠷ ᠴᠡᠪᠡᠷ ᠡᠨᠧᠷᠬᠢ | ᠢᠶᠠᠷ ᠴᠠᠬᠢᠯᠭᠠᠨ ᠭᠠᠷᠭᠠᠵᠦ᠂ 260 ᠲᠦᠮᠡᠨ ᠲᠣᠨ ᠣᠰᠣ ᠠᠷᠪᠢᠯᠠᠵᠦ᠂ 20 ᠲᠦᠮᠡ ᠭᠠᠷᠤᠢ ᠵᠢᠩ ᠪᠣᠬᠢᠷᠳᠣᠯ ᠦᠬᠡᠢ | ᠢᠳᠡᠰᠢᠨ ᠨᠣᠭᠤᠭ᠎ᠠ ᠶᠢ ᠪᠣᠶᠢᠵᠢᠭᠤᠯᠵᠦ᠂ 12000 ᠲᠣᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠣᠯᠳᠠ ᠶᠢ ᠪᠠᠭᠠᠰᠬᠠᠵᠦ᠂ 260 ᠮᠠᠯᠴᠢᠨ ᠳᠤ ᠰᠢᠨ᠎ᠡ ᠠᠵᠢᠯ ᠤᠨ ᠪᠠᠶᠢᠷᠢ ᠬᠠᠩᠭᠠᠨ ᠥᠭᠴᠦ᠂ 3.54 | ᠳ᠋ᠦᠩᠰᠢᠭᠤᠷ ᠲᠦᠬᠦᠷᠢᠭ ᠤᠨ ᠪᠣᠳᠠᠳᠦ ᠦᠷ᠎ᠡ ᠠᠰᠢᠭ ᠢ ᠪᠡᠶᠡᠯᠡᠬᠦᠯᠦᠭᠰᠡᠨ ᠪᠠᠶᠢᠨ᠎ᠠ᠃ | ᠰᠤᠷᠪᠤᠯᠵᠢᠯᠠᠭ᠎ᠠ᠄ ᠭᠠᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠭᠤᠷ ᠠᠴᠠ ᠤᠰᠤ ᠭᠠᠷᠭᠠᠵᠤ ᠳᠠᠳᠠᠬᠤ | ᠮᠡᠷᠭᠡᠵᠢᠯ ᠤᠨ ᠳᠠᠶᠢᠯᠪᠣᠷᠢᠯᠠᠭᠴᠢ᠂ ᠵᠢᠩ ᠨᠧᠩ ︵ ᠰᠢᠯᠢ ᠶᠢᠨ ᠭᠤᠤᠯ ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ | ᠶᠢᠨ ᠶᠡᠷᠦᠩᠭᠡᠢ ᠳᠠᠭᠠᠭᠠᠮᠠᠯ ᠤᠨ ᠳᠣᠰᠠᠯᠠᠭᠴᠢ ᠰᠢᠦ ᠯᠢ ᠵᠢᠶᠧ᠄ ︽ᠳᠠᠷᠠᠭ᠎ᠠ ᠶᠢᠨ ᠠᠯᠬᠤᠮ ᠳᠤ ᠮᠠᠨ ᠤ ᠺᠣᠮᠫᠠᠨᠢ ᠨᠢ᠂ | ᠳᠣᠰ ᠲᠦᠷᠦᠯ ᠵᠦᠢᠯ ᠤᠨ ᠰᠠᠭᠤᠷᠢᠨ ᠳᠡᠬᠡᠷ᠎ᠡ᠂ ᠴᠡᠪᠡᠷ ᠡᠨᠧᠷᠬᠢ ᠪᠠᠷ ᠴᠠᠬᠢᠯᠭᠠᠨ ᠭᠠᠷᠭᠠᠬᠤ᠂ ᠠᠮᠢ ᠠᠬᠤᠢ ᠶᠢᠨ | ᠰᠡᠷᠬᠦᠬᠡᠯᠳᠡ᠂ ᠪᠣᠬᠢᠷᠳᠣᠯ ᠦᠬᠡᠢ ᠲᠠᠷᠢᠶᠠᠯᠠᠩ ᠵᠡᠷᠬᠡ ᠨᠢᠭᠡ ᠴᠤᠭᠴᠠᠵᠢᠭᠤᠯᠤᠨ ᠂ ᠲᠠᠯ᠎ᠠ ᠨᠣᠳᠤᠭ ᠤᠨ ᠠᠮᠢ ᠠᠬᠤᠢ ᠶᠢᠨ | ᠨᠡᠬᠦᠷᠡᠰᠦ ᠴᠠᠬᠢᠯᠭᠠᠨ ᠤ ᠠᠵᠦ ᠦᠢᠯᠡᠰ ᠢ ᠪᠡᠶᠡᠯᠡᠬᠦᠯᠵᠦ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠮᠡᠷᠭᠡᠵᠢᠯ ᠤᠨ | ᠰᠢᠨ᠎ᠡ ᠬᠦᠭᠵᠢᠯᠳᠡ ᠶᠢᠨ ᠠᠷᠭ᠎ᠠ ᠵᠠᠮ ᠢ ᠦᠷᠬᠦᠯᠵᠢᠯᠡᠨ ᠰᠦᠪᠡᠭᠴᠢᠯᠡᠬᠦ ᠪᠠᠷ ᠪᠠᠶᠢᠨ᠎ᠠ︾ ᠭᠡᠯᠡ᠃ | |