ᠳᠡᠯᠡᠬᠡᠢ ᠶᠢᠨ ᠳᠠᠪᠤᠨ ᠠᠩᠬᠠᠳᠠᠭᠴᠢ ᠶᠢ ᠡᠬᠦᠳᠦᠭᠰᠡᠨ ᠴᠠᠬᠢᠯᠭᠠᠨ ᠦᠢᠯᠡᠳᠪᠦᠷᠢ
ᠨᠡᠶᠢᠲᠡᠯᠡᠭᠰᠡᠨ ᠴᠠᠭ᠄
2020/11/27
     ᠳᠡᠯᠡᠬᠡᠢ ᠶᠢᠨ ᠳᠠᠪᠤᠨ ᠠᠩᠬᠠᠳᠠᠭᠴᠢ ᠶᠢ ᠡᠬᠦᠳᠦᠭᠰᠡᠨ ᠴᠠᠬᠢᠯᠭᠠᠨ ᠦᠢᠯᠡᠳᠪᠦᠷᠢ       ᠪᠠᠷᠠᠭᠤᠨ ᠦᠵᠦᠮᠦᠴᠢᠨ ᠬᠤᠰᠢᠭᠤᠨ ᠤ ᠵᠢᠩ ᠨᠧᠩ ︵ᠰᠢᠯᠢ ᠶᠢᠨ ᠭᠤᠤᠯ︶ ᠴᠠᠬᠢᠯᠭᠠᠨ  ᠭᠠᠷᠭᠠᠬᠤ  ᠬᠢᠵᠠᠭᠠᠷᠳᠦ ᠺᠣᠮᠫᠠᠨᠢ ᠨᠢ ︽ᠬᠦᠬᠡ ᠠᠭᠤᠯᠠ ᠬᠦᠬᠡᠮᠳᠦᠭ ᠣᠰᠣ ᠪᠣᠯ ᠡᠳ᠋ ᠡᠷᠳᠡᠨᠢᠰ︾ ᠬᠡᠬᠦ ᠪᠣᠬᠢᠷᠳᠣᠯ ᠦᠬᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠦᠬᠦ ᠲᠠᠯ᠎ᠠ ᠪᠠᠷ ᠪᠠᠷᠢᠮᠳᠠᠯᠠᠵᠦ᠂ ᠬᠦᠷᠡᠩ ᠨᠡᠬᠦᠷᠡᠰᠦ ᠶᠢᠨ ︽ᠣᠰᠣ ᠴᠠᠬᠢᠯᠭᠠᠨ ᠤ ᠬᠠᠮᠳᠣᠷᠠᠭᠰᠠᠨ ᠦᠢᠯᠡᠳᠪᠦᠷᠢᠯᠡᠯ ᠤᠨ ᠮᠡᠷᠬᠡᠵᠢᠯ︾ ᠨᠢ ᠨᠡᠬᠦᠷᠡᠰᠦ ᠡᠯᠪᠡᠭ ᠭᠠᠩ ᠬᠠᠭᠤᠷᠠᠢ ᠭᠠᠵᠠᠷ ᠣᠷᠣᠨ ᠤ ᠨᠡᠬᠦᠷᠡᠰᠦᠨ ᠤ ᠡᠬᠢ ᠪᠠᠶᠠᠯᠢᠭ ᠢ ᠣᠯᠠᠷᠢᠭᠤᠯᠬᠤ ᠪᠠᠶᠢᠳᠠᠯ ᠳᠠᠬᠢ ᠣᠰᠣ ᠳᠣᠳᠠᠭᠳᠠᠬᠤ ᠠᠰᠠᠭᠤᠳᠠᠯ ᠢ ᠰᠢᠢᠳᠪᠦᠷᠢᠯᠡᠵᠤ᠂ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠰᠢᠨ᠎ᠡ ᠳᠥᠰᠥᠯ ᠢ ᠰᠦᠪᠡᠭᠴᠢᠯᠡᠨ᠂ ᠴᠡᠪᠡᠷ ᠡᠨᠧᠷᠬᠢ ᠶᠢᠨ ᠰᠣᠷᠪᠣᠯᠵᠢ᠂ ᠠᠮᠢ ᠠᠬᠤᠢ  ᠶᠢᠨ ᠪᠦᠲᠦᠬᠡᠨ ᠪᠠᠶᠢᠭᠤᠯᠣᠯᠳᠠ ᠵᠢᠴᠢ ᠲᠠᠷᠢᠶᠠᠯᠠᠩ ᠮᠠᠯ ᠠᠵᠦ ᠠᠬᠤᠢ ᠶᠢᠨ ᠬᠠᠮᠳᠣᠷᠠᠭᠰᠠᠨ ᠬᠦᠭᠵᠢᠯᠳᠡ ᠶᠢᠨ ᠰᠢᠨ᠎ᠡ ᠠᠷᠭ᠎ᠠ ᠵᠠᠮ ᠢ  ᠢᠳᠡᠪᠬᠢᠳᠠᠢ ᠰᠦᠪᠡᠭᠴᠢᠯᠡᠭᠰᠡᠨ ᠪᠠᠶᠢᠨ᠎ᠠ᠃    ᠵᠢᠩ ᠨᠧᠩ  ︵ᠰᠢᠯᠢ ᠶᠢᠨ ᠭᠤᠤᠯ︶  ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠨᠢ  ᠰᠢᠯᠢ ᠶᠢᠨ ᠭᠤᠤᠯ ᠠᠶᠢᠮᠠᠭ  ᠠᠴᠠ ᠱᠠᠨᠳᠦ᠋ᠩ ᠬᠦᠷᠬᠦ 1000 ᠺᠢᠯᠤᠸᠠᠲ ᠶᠢᠨ ᠦᠨᠳᠦᠷ ᠳᠠᠷᠣᠯᠳᠠᠳᠦ ᠴᠠᠬᠢᠯᠭᠠᠨ ᠵᠠᠮ ᠱᠣᠭᠤᠮ ᠤᠨ 7 ᠢᠵᠢ ᠪᠦᠷᠢᠳᠦᠭᠰᠡᠨ ᠴᠠᠬᠢᠯᠭᠠᠨ ᠰᠣᠷᠪᠣᠯᠵᠢ ᠶᠢᠨ ᠨᠢᠬᠡ ᠪᠣᠯᠬᠤ ᠴᠡᠪᠡᠷ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠨᠢᠬᠡ ᠪᠠᠶᠢᠵᠦ᠂ ᠢᠨᠵᠧᠨᠧᠷᠢᠩ ᠤᠨ ᠪᠦᠲᠦᠬᠡᠨ ᠪᠠᠶᠢᠭᠤᠯᠣᠯᠳᠠ ᠳᠣᠮᠳᠠᠬᠢ ᠬᠤᠶᠠᠷ ᠰᠠᠭᠤᠷᠢ ᠬᠡᠳᠦ ᠳᠠᠮᠵᠢᠭᠤᠯᠭ᠎ᠠ ᠶᠢᠨ ᠬᠦᠷᠡᠩ ᠨᠡᠬᠦᠷᠡᠰᠦ ᠶᠢᠨ ᠠᠭᠠᠷ ᠢᠶᠠᠷ ᠬᠦᠷᠦᠬᠡᠬᠦ ᠮᠧᠬᠠᠨᠢᠭ ᠨᠢ ᠳᠣᠰ ᠳᠣᠰ 2018 ᠣᠨ ᠤ 10 ᠰᠠᠷ᠎ᠠ ᠶᠢᠨ 20 ᠤ ᠡᠳᠦᠷ ᠪᠠ 2019 ᠣᠨ ᠤ 1 ᠰᠠᠷ᠎ᠠ ᠶᠢᠨ 24 ᠤ ᠡᠳᠦᠷ ᠵᠢᠩᠬᠢᠨᠢ ᠪᠠᠷ ᠠᠰᠢᠭᠯᠠᠯᠳᠠ ᠳᠤ ᠤᠷᠤᠭᠤᠯᠵᠤ᠂ ᠳᠡᠯᠡᠬᠡᠢ ᠶᠢᠨ ᠬᠡᠪᠴᠢᠶᠡᠨ ᠳᠤ  ᠠᠩᠬ᠎ᠠ ᠤᠳᠠᠭ᠎ᠠ660MW ᠳᠡᠰ ᠤᠨ ᠦᠨᠳᠦᠷ  ᠫᠠᠷᠠᠮᠧᠲ᠋ᠠᠷ ᠤᠨ ᠬᠡᠳᠤ ᠬᠢᠵᠠᠭᠠᠷ ᠤᠨ ᠬᠦᠷᠡᠩ ᠨᠡᠬᠦᠷᠡᠰᠦᠨ ᠤ ᠵᠤᠤᠬ᠎ᠠ ᠶᠢᠨ ᠰᠢᠨ᠎ᠡ ᠮᠡᠷᠭᠡᠵᠢᠯ ᠢ ᠠᠰᠢᠭᠯᠠᠵᠤ᠂ ᠳᠡᠯᠡᠬᠡᠢ ᠶᠢᠨ ᠬᠡᠪᠴᠢᠶᠡᠨ ᠳᠤ ᠠᠩᠬ᠎ᠠ ᠤᠳᠠᠭ᠎ᠠ 660MW   ᠤᠨ ᠳᠡᠰ ᠤᠨ ᠤᠰᠤ ᠪᠠᠷ ᠬᠦᠷᠦᠭᠡᠬᠦ ᠠᠭᠤᠷ ᠤᠨ ᠲᠦᠷᠪᠢᠨ ᠤ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠡᠷᠭᠡ ᠶᠢ ᠰᠤᠳᠤᠯᠤᠨ ᠨᠡᠭᠡᠭᠡᠨ ᠠᠰᠢᠭᠯᠠᠵᠤ᠂ ᠴᠠᠬᠢᠯᠭᠠᠨ  ᠭᠠᠷᠭᠠᠬᠤ ᠦᠢᠯᠡᠳᠪᠦᠷᠢᠯᠠᠯ ᠤᠨ ᠶᠠᠪᠤᠴᠠ ᠳᠤ ︽ᠤᠰᠤ ᠬᠡᠷᠡᠭᠯᠡᠬᠦ ᠦᠬᠡᠢ︾᠂ ︽ᠪᠤᠵᠠᠷ ᠤᠰᠤ ᠭᠠᠳᠠᠭᠰᠢᠯᠠᠭᠤᠯᠬᠤ ᠦᠬᠡᠢ︾ ᠪᠠᠶᠢᠬᠤ ᠶᠢ ᠪᠡᠶᠡᠯᠡᠬᠦᠯᠪᠡ᠃       ᠭᠠᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠭᠤᠷ ᠠᠴᠠ ᠤᠰᠤ ᠭᠠᠷᠭᠠᠵᠤ  ᠳᠠᠳᠠᠬᠤ ᠮᠡᠷᠭᠡᠵᠢᠯ   ᠤᠨ ᠳᠠᠶᠢᠯᠪᠣᠷᠢᠯᠠᠭᠴᠢ᠂ ᠵᠢᠩ ᠨᠧᠩ  ︵ ᠰᠢᠯᠢ ᠶᠢᠨ ᠭᠤᠤᠯ  ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠶᠢᠨ ᠶᠡᠷᠦᠩᠭᠡᠢ ᠳᠠᠭᠠᠭᠠᠮᠠᠯ ᠤᠨ ᠳᠣᠰᠠᠯᠠᠭᠴᠢ ᠰᠢᠦ ᠯᠢ ᠵᠢᠶᠧ ᠰᠤᠷᠪᠤᠯᠵᠢᠯᠠᠭᠴᠢ ᠳᠤ ︽ᠠᠭᠤᠷ ᠣᠳᠤᠭ᠎ᠠ ᠠᠴᠠ ᠣᠰᠣ ᠳᠠᠳᠠᠬᠤ ᠮᠡᠷᠬᠡᠵᠢᠯ ᠪᠣᠯ ᠳᠡᠯᠡᠬᠡᠢ ᠳᠡᠬᠡᠷ᠎ᠡ ᠠᠩᠬᠠᠳᠠᠭᠴᠢ ᠬᠡᠷᠡᠭᠯᠡᠭᠳᠡᠵᠦ ᠪᠠᠶᠢᠭ᠎ᠠ ᠮᠡᠷᠬᠡᠵᠢᠯ ᠪᠣᠯᠣᠨ᠎ᠠ᠂ ᠠᠭᠤᠷ ᠪᠣᠯᠣᠨ ᠣᠳᠣᠭᠠᠨ ᠤ ᠳᠣᠮᠳᠠ  ᠠᠴᠠ ᠳᠠᠳᠠᠵᠦ ᠭᠠᠷᠭᠠᠭᠰᠠᠨ ᠣᠰᠣ ᠶᠢ ᠪᠦᠬᠦᠨ ᠢ ᠦᠢᠯᠡᠳᠪᠦᠷᠢᠯᠡᠯ ᠳᠤ ᠬᠡᠷᠡᠭᠯᠡᠵᠦ᠂ ᠭᠠᠳᠠᠨ᠎ᠠ ᠠᠴᠠ ᠣᠰᠣ ᠳᠠᠳᠠᠨ  ᠬᠡᠷᠡᠭᠯᠡᠬᠦ ᠦᠬᠡᠢ  ᠪᠠᠶᠢᠬᠤ ᠳᠤ ᠪᠡᠶᠡᠯᠡᠬᠦᠯᠵᠤ  ᠂ 2020 ᠣᠨ ᠤ 10 ᠰᠠᠷ᠎ᠠ ᠳᠤ  ᠠᠰᠢᠭᠯᠠᠯᠳᠠ ᠳᠤ ᠣᠷᠣᠭᠠᠳ ᠨᠢᠬᠡᠨᠳᠡ 528 ᠡᠳᠦᠷ ᠪᠣᠯᠵᠦ᠂ ᠲᠠᠯ᠎ᠠ ᠨᠣᠳᠤᠭ ᠤᠨ 200 ᠲᠦᠮᠡᠨ ᠲᠣᠨ ᠤ ᠭᠠᠵᠠᠷ ᠤᠨ ᠭᠠᠳᠠᠷᠭᠤ ᠶᠢᠨ ᠣᠰᠣ ᠶᠢ ᠠᠷᠪᠢᠯᠠᠵᠠᠢ᠂  ᠬᠤᠶᠠᠷ ᠰᠠᠭᠤᠷᠢ 660MW  ᠳᠡᠰ ᠤᠨ  ᠤᠰᠤ ᠪᠠᠷ ᠬᠦᠷᠦᠭᠡᠬᠦ ᠠᠭᠤᠷ ᠤᠨ ᠲᠦᠷᠪᠢᠨ ᠤ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠨᠢ  ᠳᠣᠣᠷ᠎ᠠ ᠳᠣᠯᠠᠭᠠᠨ ᠦᠨᠳᠦᠷ ᠪᠠᠷᠢᠮᠵᠢᠶᠡᠳᠦ ᠬᠦᠷᠡᠩ ᠨᠡᠬᠦᠷᠡᠰᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠳᠤ ᠪᠠᠭᠳᠠᠵᠦ᠂ ᠠᠰᠢᠭᠯᠠᠯᠳᠠ ᠳᠤ ᠣᠷᠣᠭᠰᠠᠨ ᠤ ᠳᠠᠷᠠᠭ᠎ᠠ ᠣᠷᠳᠦ ᠬᠤᠭᠤᠴᠠᠭᠠᠨ ᠤ ᠠᠮᠦᠷ ᠲᠥᠪᠰᠢᠨ ᠦᠢᠯᠡᠳᠪᠦᠷᠢᠯᠡᠯ ᠢ ᠪᠠᠲᠦᠯᠠᠬᠤ ᠶᠢᠨ ᠬᠠᠮᠳᠦ᠂ ᠡᠨᠧᠷᠬᠢ ᠠᠷᠪᠢᠯᠠᠬᠤ ᠵᠢᠴᠢ ᠣᠷᠴᠢᠨ ᠲᠣᠭᠤᠷᠢᠨ ᠢ ᠬᠠᠮᠠᠭᠠᠯᠠᠬᠤ ᠦᠷ᠎ᠡ ᠪᠦᠳᠦᠮᠵᠢ ᠳᠣᠪᠣᠶᠢᠮ᠎ᠠ ᠪᠠᠶᠢᠵᠦ᠂ ᠭᠠᠳᠠᠭᠰᠢᠯᠠᠭᠤᠯᠣᠯᠳᠠ ᠶᠢᠨ ᠵᠢᠭᠠᠯᠳᠠ ᠲᠤᠭ᠎ᠠ ᠵᠢᠴᠢ ᠣᠷᠴᠢᠨ ᠲᠣᠭᠤᠷᠢᠨ ᠳᠤ ᠦᠵᠡᠬᠦᠯᠬᠦ ᠨᠦᠯᠦᠬᠡ ᠶᠢ ᠴᠢᠳᠠᠬᠤ ᠶᠢᠨ ᠳᠣᠳᠣᠷ᠎ᠠ ᠪᠠᠭᠠᠰᠬᠠᠭᠰᠠᠨ ᠪᠠᠶᠢᠨ᠎ᠠ︾ ᠬᠡᠯ᠎ᠡ  ᠃     ᠰᠤᠷᠪᠤᠯᠵᠢᠯᠠᠭ᠎ᠠ᠄ ᠭᠠᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠭᠤᠷ ᠠᠴᠠ ᠤᠰᠤ ᠭᠠᠷᠭᠠᠵᠤ ᠳᠠᠳᠠᠬᠤ ᠮᠡᠷᠭᠡᠵᠢᠯ   ᠤᠨ ᠳᠠᠶᠢᠯᠪᠣᠷᠢᠯᠠᠭᠴᠢ᠂ ᠵᠢᠩ ᠨᠧᠩ ︵ᠰᠢᠯᠢ ᠶᠢᠨ ᠭᠤᠤᠯ  ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠶᠢᠨ ᠶᠡᠷᠦᠩᠭᠡᠢ ᠳᠠᠭᠠᠭᠠᠮᠠᠯ ᠤᠨ ᠳᠣᠰᠠᠯᠠᠭᠴᠢ ᠰᠢᠦ ᠯᠢ ᠵᠢᠶᠧ ︽ᠮᠠᠨ ᠤ ᠺᠣᠮᠫᠠᠨᠢ ᠨᠢ ᠣᠯᠣᠰ ᠤᠨ ᠪᠣᠬᠢᠷᠳᠣᠯ ᠦᠬᠡᠢ ᠬᠦᠭᠵᠢᠯᠳᠡ ᠶᠢᠨ ᠣᠶᠢᠯᠭᠠᠭᠳᠠᠬᠤᠨ ᠢ ᠪᠠᠷᠢᠮᠳᠠᠯᠠᠨ᠂ 2018 ᠣᠨ ᠠᠴᠠ ᠡᠬᠢᠯᠡᠨ ᠪᠡᠯᠡ ᠣᠷᠣᠭᠤᠯᠣᠭᠰᠠᠨ ᠠᠴᠠ ᠨᠠᠰᠢ᠂ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠠᠵᠢᠯ ᠲᠦᠷᠦᠯ ᠤᠨ ᠳᠣᠮᠳᠠ ᠪᠠᠨ ᠭᠠᠪᠰᠢᠭᠠᠶᠢᠯᠠᠨ᠂ ᠬᠠᠶᠠᠭᠳᠠᠮᠠᠯ ᠪᠣᠳᠠᠰ  ᠢ ᠪᠣᠬᠢᠷᠳᠣᠯ ᠦᠬᠡᠢ ᠰᠢᠢᠳᠪᠦᠷᠢᠯᠡᠬᠦ᠂ ᠠᠮᠢ ᠠᠬᠤᠢ ᠶᠢᠨ ᠬᠠᠮᠠᠭᠠᠯᠠᠯᠳᠠ ᠵᠢᠴᠢ ᠠᠵᠦ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠪᠡᠯᠴᠢᠬᠡᠷ ᠳᠡᠬᠡᠷ᠎ᠡ ᠰᠢᠭᠤᠳ ᠭᠠᠳᠠᠭᠰᠢᠯᠠᠭᠤᠯᠬᠤ ᠠᠴᠠ ᠵᠠᠶᠢᠯᠠᠰᠬᠢᠵᠦ᠂ ᠡᠬᠦᠨ ᠤ ᠬᠠᠮᠳᠦ ᠪᠠᠰᠠ ᠠᠭᠤᠷ ᠣᠳᠤᠭ᠎ᠠ ᠠᠴᠠ ᠳᠠᠳᠠᠨ ᠭᠠᠷᠭᠠᠭᠰᠠᠨ ᠣᠰᠣ ᠪᠠᠷ ᠪᠣᠬᠢᠷᠳᠣᠯ ᠦᠬᠡᠢ ᠲᠠᠷᠢᠶᠠᠯᠠᠩ ᠢ ᠬᠦᠭᠵᠢᠬᠦᠯᠦᠭᠰᠡᠨ ᠪᠠᠶᠢᠨ᠎ᠠ  ︾ ᠭᠡᠯ᠎ᠡ᠃     ᠵᠢᠩ ᠨᠧᠩ  ︵ᠰᠢᠯᠢ ᠶᠢᠨ ᠭᠤᠤᠯ  ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ ᠨᠢ ᠭᠠᠵᠠᠷ ᠣᠷᠣᠨ ᠤ ᠪᠣᠳᠠᠳᠠᠢ ᠪᠠᠶᠢᠳᠠᠯ ᠲᠠᠢ ᠣᠶᠠᠯᠳᠣᠭᠤᠯᠣᠨ᠂ ᠪᠣᠬᠢᠷᠳᠣᠯ ᠦᠬᠡᠢ ᠡᠨᠧᠷᠬᠢ ᠶᠢᠨ ᠰᠣᠷᠪᠣᠯᠵᠢ ᠪᠣᠯᠣᠨ ᠲᠠᠯ᠎ᠠ ᠨᠣᠳᠤᠭ ᠤᠨ ᠠᠮᠢ ᠠᠬᠤᠢ  ᠶᠢᠨ ᠬᠦᠭᠵᠢᠯᠳᠡ ᠶᠢᠨ ᠰᠢᠨ᠎ᠡ ᠠᠵᠦ ᠦᠢᠯᠡᠰ ᠢ ᠴᠣᠭᠴᠠᠯᠠᠨ᠂ ᠲᠤᠨᠤᠭᠯᠠᠯ ᠦᠢᠯᠡᠳᠬᠦ ᠳᠡᠷᠢᠬᠦᠨ ᠤ ᠮᠡᠷᠭᠡᠵᠢᠯ ᠳᠤ ᠠᠩᠬᠠᠷᠤᠯ ᠢᠶᠠᠨ ᠬᠠᠨᠳᠤᠭᠤᠯᠤᠨ᠂  ᠣᠰᠣ ᠴᠠᠬᠢᠯᠭᠠᠨ ᠤ ᠬᠠᠮᠳᠣᠷᠠᠭᠰᠠᠨ ᠦᠢᠯᠡᠳᠪᠦᠷᠢᠯᠡᠯ︾ ᠢ ᠣᠰᠣᠯᠠᠯᠳᠠ᠂ ᠢᠯᠴᠢ  ᠶᠢᠨ ᠬᠦᠴᠦᠨ ᠢᠶᠠᠷ ᠳᠣᠯᠠᠭᠠᠯᠭ᠎ᠠ ᠬᠠᠩᠭᠠᠬᠤ᠂ ᠣᠳᠣᠬᠢᠴᠢᠯᠠᠭᠰᠠᠨ ᠲᠠᠷᠢᠶᠠᠯᠠᠩ ᠤᠨ ᠳᠠᠷᠢᠵᠦ ᠣᠷᠭᠤᠭᠤᠯᠬᠤ ᠵᠡᠷᠬᠡ ᠳᠤ ᠠᠮᠵᠢᠯᠳᠠᠳᠠᠢ ᠳᠣᠷᠰᠢᠨ ᠬᠡᠷᠡᠭᠯᠡᠵᠦ᠂ ᠬᠠᠶᠠᠭᠳᠠᠮᠠᠯ ᠪᠣᠳᠠᠰ ᠢ ᠠᠰᠢᠭᠯᠠᠯᠳᠠ ᠳᠤ ᠣᠷᠣᠭᠤᠯᠣᠨ᠂ 2020 ᠣᠨ ᠤ 8 ᠰᠠᠷ᠎ᠠ  ᠠᠴᠠ ᠲᠦᠷᠦᠯ ᠵᠦᠢᠯ ᠢ ᠠᠰᠢᠭᠯᠠᠯᠳᠠ ᠳᠤ ᠣᠷᠣᠭᠤᠯᠣᠭᠰᠠᠨ ᠠᠴᠠ ᠨᠠᠰᠢ᠂ 110.86 ᠳ᠋ᠥᠩᠰᠢᠭᠤᠷ ᠴᠡᠪᠡᠷ ᠡᠨᠧᠷᠬᠢ  ᠢᠶᠠᠷ ᠴᠠᠬᠢᠯᠭᠠᠨ ᠭᠠᠷᠭᠠᠵᠦ᠂ 260 ᠲᠦᠮᠡᠨ ᠲᠣᠨ ᠣᠰᠣ ᠠᠷᠪᠢᠯᠠᠵᠦ᠂ 20 ᠲᠦᠮᠡ ᠭᠠᠷᠤᠢ ᠵᠢᠩ ᠪᠣᠬᠢᠷᠳᠣᠯ ᠦᠬᠡᠢ ᠢᠳᠡᠰᠢᠨ ᠨᠣᠭᠤᠭ᠎ᠠ ᠶᠢ ᠪᠣᠶᠢᠵᠢᠭᠤᠯᠵᠦ᠂ 12000 ᠲᠣᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠣᠯᠳᠠ ᠶᠢ ᠪᠠᠭᠠᠰᠬᠠᠵᠦ᠂ 260 ᠮᠠᠯᠴᠢᠨ ᠳᠤ ᠰᠢᠨ᠎ᠡ ᠠᠵᠢᠯ ᠤᠨ ᠪᠠᠶᠢᠷᠢ ᠬᠠᠩᠭᠠᠨ ᠥᠭᠴᠦ᠂ 3.54 ᠳ᠋ᠦᠩᠰᠢᠭᠤᠷ ᠲᠦᠬᠦᠷᠢᠭ ᠤᠨ ᠪᠣᠳᠠᠳᠦ ᠦᠷ᠎ᠡ ᠠᠰᠢᠭ ᠢ ᠪᠡᠶᠡᠯᠡᠬᠦᠯᠦᠭᠰᠡᠨ ᠪᠠᠶᠢᠨ᠎ᠠ᠃     ᠰᠤᠷᠪᠤᠯᠵᠢᠯᠠᠭ᠎ᠠ᠄ ᠭᠠᠯ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠠᠭᠤᠷ ᠠᠴᠠ ᠤᠰᠤ ᠭᠠᠷᠭᠠᠵᠤ  ᠳᠠᠳᠠᠬᠤ ᠮᠡᠷᠭᠡᠵᠢᠯ   ᠤᠨ ᠳᠠᠶᠢᠯᠪᠣᠷᠢᠯᠠᠭᠴᠢ᠂ ᠵᠢᠩ ᠨᠧᠩ  ︵ ᠰᠢᠯᠢ ᠶᠢᠨ ᠭᠤᠤᠯ  ︶ ᠴᠠᠬᠢᠯᠭᠠᠨ ᠬᠠᠩᠭᠠᠬᠤ ᠬᠢᠵᠠᠭᠠᠷᠳᠦ ᠺᠣᠮᠫᠠᠨᠢ  ᠶᠢᠨ ᠶᠡᠷᠦᠩᠭᠡᠢ ᠳᠠᠭᠠᠭᠠᠮᠠᠯ ᠤᠨ ᠳᠣᠰᠠᠯᠠᠭᠴᠢ ᠰᠢᠦ ᠯᠢ ᠵᠢᠶᠧ᠄ ︽ᠳᠠᠷᠠᠭ᠎ᠠ ᠶᠢᠨ ᠠᠯᠬᠤᠮ ᠳᠤ ᠮᠠᠨ ᠤ ᠺᠣᠮᠫᠠᠨᠢ ᠨᠢ᠂ ᠳᠣᠰ ᠲᠦᠷᠦᠯ ᠵᠦᠢᠯ ᠤᠨ  ᠰᠠᠭᠤᠷᠢᠨ ᠳᠡᠬᠡᠷ᠎ᠡ᠂ ᠴᠡᠪᠡᠷ ᠡᠨᠧᠷᠬᠢ ᠪᠠᠷ ᠴᠠᠬᠢᠯᠭᠠᠨ ᠭᠠᠷᠭᠠᠬᠤ᠂ ᠠᠮᠢ ᠠᠬᠤᠢ ᠶᠢᠨ ᠰᠡᠷᠬᠦᠬᠡᠯᠳᠡ᠂ ᠪᠣᠬᠢᠷᠳᠣᠯ ᠦᠬᠡᠢ ᠲᠠᠷᠢᠶᠠᠯᠠᠩ ᠵᠡᠷᠬᠡ ᠨᠢᠭᠡ ᠴᠤᠭᠴᠠᠵᠢᠭᠤᠯᠤᠨ  ᠂  ᠲᠠᠯ᠎ᠠ ᠨᠣᠳᠤᠭ ᠤᠨ ᠠᠮᠢ ᠠᠬᠤᠢ ᠶᠢᠨ ᠨᠡᠬᠦᠷᠡᠰᠦ ᠴᠠᠬᠢᠯᠭᠠᠨ ᠤ ᠠᠵᠦ ᠦᠢᠯᠡᠰ ᠢ ᠪᠡᠶᠡᠯᠡᠬᠦᠯᠵᠦ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠮᠡᠷᠭᠡᠵᠢᠯ ᠤᠨ ᠰᠢᠨ᠎ᠡ ᠬᠦᠭᠵᠢᠯᠳᠡ ᠶᠢᠨ ᠠᠷᠭ᠎ᠠ ᠵᠠᠮ ᠢ ᠦᠷᠬᠦᠯᠵᠢᠯᠡᠨ ᠰᠦᠪᠡᠭᠴᠢᠯᠡᠬᠦ ᠪᠠᠷ ᠪᠠᠶᠢᠨ᠎ᠠ︾ ᠭᠡᠯ᠎ᠡ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号