ᠪᠦᠬᠦ ᠠᠷᠠᠳ ᠢᠶᠠᠷ ᠢᠶᠠᠨ ᠬᠦᠳᠡᠯᠦᠯᠴᠡᠨ ᠵᠡᠬᠡᠯᠢ ᠶᠢᠨ ᠴᠠᠰᠦ ᠶᠢ ᠴᠡᠪᠡᠷᠯᠡᠵᠦ ᠪᠣᠢ
ᠨᠡᠶᠢᠲᠡᠯᠡᠭᠰᠡᠨ ᠴᠠᠭ᠄
2020/11/30
    ᠪᠦᠬᠦ ᠠᠷᠠᠳ ᠢᠶᠠᠷ ᠢᠶᠠᠨ ᠬᠦᠳᠡᠯᠦᠯᠴᠡᠨ ᠵᠡᠬᠡᠯᠢ ᠶᠢᠨ ᠴᠠᠰᠦ ᠶᠢ ᠴᠡᠪᠡᠷᠯᠡᠵᠦ ᠪᠣᠢ             ᠬᠦᠢᠳᠡᠨ ᠣᠷᠣᠰᠬᠠᠯ ᠤᠨ ᠨᠦᠯᠦᠬᠡ ᠪᠠᠷ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠨ ᠳᠤ ᠶᠡᠭᠡ ᠬᠡᠮᠵᠢᠶᠡᠨ  ᠤ ᠴᠠᠰᠦ ᠣᠷᠣᠵᠦ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠪᠠᠭ᠎ᠠ ᠪᠣᠰᠦ ᠬᠠᠷᠰᠢ ᠰᠠᠭᠠᠳ ᠠᠪᠴᠢᠷᠠᠭᠰᠠᠨ ᠪᠠᠶᠢᠨ᠎ᠠ᠃ ᠡᠨᠡᠬᠦ ᠪᠠᠶᠢᠳᠠᠯ ᠳᠤ ᠴᠢᠭᠯᠡᠬᠦᠯᠦᠨ᠂ ᠣᠯᠠᠨ ᠲᠦᠮᠡᠨ ᠤ ᠶᠠᠪᠣᠵᠦ ᠰᠠᠭᠤᠬᠤ ᠳᠤ ᠠᠮᠦᠷ ᠲᠥᠪᠰᠢᠨ᠂ ᠠᠷᠢᠭᠤᠨ ᠴᠡᠪᠡᠷ᠂ ᠳᠦᠬᠦᠮ ᠲᠦᠳᠡ ᠵᠠᠮ  ᠨᠡᠪᠳᠡᠷᠡᠯᠭᠡ ᠶᠢᠨ ᠨᠦᠬᠦᠴᠡᠯ ᠬᠠᠩᠭᠠᠬᠤ ᠶᠢᠨ ᠳᠣᠰᠠᠳᠠ᠂ ᠪᠦᠬᠦ ᠬᠤᠰᠢᠭᠤᠨ ᠤ ᠡᠯ᠎ᠡ ᠠᠯᠪᠠᠨ ᠪᠠᠶᠢᠭᠤᠯᠭ᠎ᠠ᠂ ᠰᠠᠶᠢᠨ ᠳᠣᠷᠠᠴᠣᠣᠯ ᠤᠨ ᠦᠢᠯᠡᠴᠢᠯᠡᠬᠡᠨ ᠤ ᠪᠦᠯᠬᠦᠮ᠂ ᠠᠷᠠᠯᠵᠢᠶ᠎ᠡ ᠬᠤᠳᠠᠯᠳᠣᠭᠠᠨ ᠤ ᠠᠵᠦ ᠠᠬᠤᠶᠢᠯᠠᠯ ᠨᠢ ᠬᠠᠮᠳᠦᠪᠡᠷ ᠬᠦᠳᠡᠯᠦᠯᠴᠡᠨ ᠵᠡᠬᠡᠯᠢ ᠶᠢᠨ ᠨᠢᠭᠤᠷ ᠤᠨ ᠴᠠᠰᠦ ᠶᠢ ᠠᠷᠢᠯᠭᠠᠵᠦ᠂ ᠬᠤᠷᠠᠭᠰᠠᠨ ᠴᠠᠰᠦ ᠶᠢ ᠴᠡᠪᠡᠷᠯᠡᠨ᠂ ᠵᠠᠮ  ᠨᠡᠪᠳᠡᠷᠡᠯᠭᠡ ᠶᠢᠨ ᠰᠠᠭᠠᠳ ᠦᠬᠡᠢ᠂ ᠠᠮᠦᠷ ᠲᠥᠪᠰᠢᠨ ᠨᠡᠪᠲᠡᠷᠡᠬᠦ ᠳᠤ ᠪᠠᠲᠦᠯᠠᠭ᠎ᠠ ᠬᠠᠩᠭᠠᠭᠰᠠᠨ ᠪᠠᠶᠢᠨ᠎ᠠ ᠃ ᠴᠠᠰᠦ ᠮᠦᠰᠦ ᠪᠠᠷᠢᠯᠳᠣᠨ ᠬᠦᠯᠳᠡᠵᠦ᠂ ᠬᠠᠯᠳᠣᠷᠢᠭ᠎ᠠ ᠶᠡᠬᠡᠳᠡᠢ  ᠪᠠᠶᠢᠭᠰᠠᠨ ᠴᠤ  ᠣᠯᠠᠨ ᠢᠶᠠᠷ ᠢᠶᠠᠨ ᠪᠣᠵᠠᠷ ᠪᠣᠷᠳᠠᠭ᠂ ᠶᠠᠳᠠᠷᠠᠯ ᠵᠦᠳᠡᠷᠡᠯ ᠠᠴᠠ ᠠᠶᠣᠬᠤ ᠦᠬᠡᠢ᠂ ᠬᠦᠷᠵᠡ ᠰᠢᠬᠦᠷ ᠪᠠᠷᠢᠨ᠂ ᠬᠤᠪᠢ  ᠬᠤᠪᠢᠨ ᠳᠠᠭᠠᠨ  ᠶᠠᠭᠠᠷᠠᠯᠳᠣᠵᠦ ᠪᠠᠶᠢᠯ᠎ᠠ᠃
    ᠬᠤᠳᠠ ᠶᠢᠨ ᠪᠦᠲᠦᠬᠡᠨ ᠪᠠᠶᠢᠭᠤᠯᠣᠯᠳᠠ ᠶᠢᠨ ᠭᠤᠣᠯ ᠰᠠᠯᠠᠭ᠎ᠠ ᠬᠦᠴᠦᠨ ᠪᠣᠯᠣᠭᠰᠠᠨ ᠤ ᠬᠤᠪᠢ ᠳᠤ᠂ ᠵᠡᠬᠡᠯᠢ ᠶᠢᠨ ᠨᠢᠭᠤᠷ ᠤᠨ ᠴᠠᠰᠦ ᠮᠦᠰᠦ ᠶᠢ ᠴᠡᠪᠡᠷᠯᠡᠨ ᠠᠷᠢᠯᠭᠠᠬᠤ ᠪᠣᠯ ᠬᠦᠮᠦᠨ ᠪᠦᠬᠦᠨ ᠤ  ᠵᠠᠶᠢᠯᠠᠭᠤᠯᠵᠦ ᠪᠣᠯᠣᠰᠢ ᠦᠬᠡᠢ ᠬᠠᠷᠢᠭᠤᠴᠠᠯᠭ᠎ᠠ ᠪᠣᠯᠣᠨ᠎ᠠ᠃ ᠪᠦᠬᠦᠳᠡᠬᠡᠷ ᠢᠶᠠᠨ ᠰᠡᠳᠬᠢᠯ ᠨᠢᠬᠡᠳᠴᠦ᠂  ᠭᠠᠪᠰᠢᠭᠠᠶᠢᠯᠠᠨ ᠠᠵᠢᠯᠯᠠᠵᠤ᠂ ᠠᠮᠦᠷ ᠲᠥᠪᠰᠢᠨ ᠰᠠᠶᠢᠨ ᠰᠠᠶᠢᠬᠠᠨ ᠭᠡᠷ ᠣᠷᠣᠨ ᠢ ᠪᠦᠲᠦᠬᠡᠨ  ᠪᠠᠶᠢᠭᠤᠯᠬᠤ ᠳᠤ ᠬᠦᠴᠦᠨ  ᠨᠡᠮᠡᠷᠢᠯᠡᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号