ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠤᠳᠠᠭᠠᠨ ᠤ ᠬᠤᠷᠠᠯ | ᠬᠤᠷᠠᠯᠳᠤᠪᠠ | | | 11 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ | ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠨ᠎ᠠ ᠬᠤᠷᠠᠯ ᠡᠷᠬᠢᠯᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠶᠢᠫᠢᠩ᠂ ᠪᠤᠤ ᠯᠢᠶᠠᠨ | ᠴᠧᠩ᠂ ᠼᠦᠢ ᠹᠦ᠋ ᠴᠢᠶᠠᠩ ᠵᠢᠴᠢ ᠪᠤᠰᠤᠳ ᠭᠡᠰᠢᠭᠦᠳ ᠬᠤᠷᠠᠯ ᠳᠤ ᠣᠷᠣᠯᠴᠠᠵᠠᠶ᠃ | ᠲᠤᠰ ᠤᠳᠠᠭᠠᠨ ᠤ ᠬᠤᠷᠠᠯ ᠳᠤ ᠤᠷᠤᠯᠴᠠᠬᠤ ᠵᠤᠬᠢᠰᠲᠠᠢ ᠪᠦᠷᠢᠯᠳᠦᠬᠦᠨ 29 ᠬᠥᠮᠦᠨ ᠂ 6 ᠬᠥᠮᠦᠨ | ᠴᠢᠯᠥᠭᠡ ᠭᠤᠶᠤᠵᠤ᠂ 23 ᠬᠥᠮᠦᠨ ᠬᠤᠷᠠᠯ ᠳᠤ ᠤᠷᠤᠯᠴᠠᠨ ᠂ ᠬᠠᠤᠯᠢ ᠳᠤ ᠲᠣᠭᠲᠠᠭᠠᠭᠰᠠᠨ ᠬᠥᠮᠦᠨ ᠤ | ᠲᠤᠭ᠎ᠠ ᠳᠤ ᠨᠡᠶᠢᠴᠡᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠳᠡᠳ᠋ ᠳᠠᠷᠤᠭ᠎ᠠ ᠦᠨᠡᠨᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠤᠸᠠᠢ ᠶᠢᠩ᠂ ᠬᠤᠰᠢᠭᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠪᠤᠤ ᠰᠢᠤᠸᠠᠢ ᠰᠥᠩ᠂ ᠬᠤᠰᠢᠭᠤᠨ ᠤ | ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ ᠬᠤᠩ ᠴᠢᠤᠸᠠᠨ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠵᠢᠴᠢ 2 ᠬᠤᠰᠢᠭᠤ ᠱᠠᠲᠤᠨ ᠤ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠡᠮᠦᠨ᠎ᠡ᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠠᠤᠯᠢ ᠶᠢ ᠤᠯᠠᠮ ᠨᠢᠭᠡ ᠠᠯᠬᠤᠮ ᠲᠤᠤᠱᠠᠯᠠᠭᠤᠯᠤᠨ ᠬᠡᠷᠡᠭᠵᠢᠭᠦᠯᠵᠦ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠶ᠎ᠠ︾ ᠭᠡᠬᠦ ᠢᠯᠡᠳᠬᠡᠯ ᠢ ᠬᠠᠮᠲᠤ ᠪᠠᠷ | ᠰᠤᠷᠤᠯᠴᠠᠪᠠ᠃ | ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ︽︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ﹀ ᠶᠢ ᠲᠤᠤᠱᠠᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ︾᠂ ᠬᠤᠰᠢᠭᠤ ᠠᠷᠠᠳ ᠤᠨ ᠵᠠᠰᠠᠭ ᠤᠨ ᠣᠷᠳᠣᠨ ᠤ ︽ | ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠵᠦ᠂ ᠬᠠᠮᠢᠶᠠᠷᠬᠤ ᠰᠤᠯᠠᠷᠠᠭᠤᠯᠬᠤ ᠦᠢᠯᠡᠴᠢᠯᠡᠭᠡ ᠶᠢ | ᠭᠦᠨᠵᠡᠭᠡᠶᠢᠷᠡᠭᠦᠯᠵᠦ ᠪᠠᠶᠢᠭ᠎ᠠ ᠪᠠᠶᠢᠳᠠᠯ ᠤᠨ ᠲᠤᠬᠠᠢ ᠮᠡᠳᠡᠭᠦᠯᠦᠯᠲᠡ︾ ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠤᠪᠴᠢᠶᠠᠨ ᠤ ᠭᠤᠤᠯ ᠬᠠᠷᠢᠭᠤᠴᠠᠯᠭᠠᠲᠠᠨ ᠤ 2020 ᠣᠨ ᠤ ᠲᠤᠰᠢᠶᠠᠯ ᠤᠨ ᠮᠡᠳᠡᠭᠦᠯᠦᠯᠲᠡ ᠶᠢ ᠰᠤᠨᠤᠰᠴᠤ | ᠬᠢᠨᠠᠨ ᠵᠦᠪᠯᠡᠵᠤ᠂ ᠬᠤᠷᠠᠯ ᠳᠤ ᠤᠷᠤᠯᠴᠠᠭᠰᠠᠨ ᠪᠦᠷᠢᠯᠳᠦᠭᠦᠨ ᠭᠡᠰᠢᠭᠦᠳ ᠡᠯ᠎ᠡ ᠵᠦᠢᠯ ᠤᠨ ᠮᠡᠳᠡᠭᠦᠯᠦᠯᠲᠡ ᠶᠢ | ᠨᠠᠷᠢᠨ ᠬᠢᠨᠠᠮᠠᠭᠠᠢ ᠬᠢᠨᠠᠨ ᠶᠠᠷᠢᠯᠴᠠᠬᠤ ᠶᠢᠨ ᠬᠠᠮᠲᠤ᠂ ᠪᠤᠲᠠᠲᠢ ᠰᠠᠨᠠᠯ ᠳᠤᠷᠠᠳᠤᠨ ᠭᠠᠷᠭᠠᠪᠠ᠃ ᠳᠠᠷᠠᠭ᠎ᠠ ᠨᠢ᠂ | ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠲᠤᠭᠲᠠᠭᠠᠯᠲᠠ ᠬᠢᠵᠤ᠂ 2020 ᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠠᠳᠴᠢᠯᠠᠯ ᠬᠠᠤᠯᠢ | ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠶᠯ ᠤᠨ ᠳᠦᠷᠢᠮ ᠢ ᠬᠢᠨᠠᠨ | ᠵᠥᠪᠯᠡᠵᠦ ᠪᠠᠲᠤᠯᠠᠵᠠᠶ᠃ | ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠪᠦ᠋ᠦ ᠯᠢᠶᠠᠨ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ | ᠭᠤᠣᠯ ᠠᠶᠢᠮᠠᠭ ᠤᠨ ᠨᠠᠮ ᠤᠨ ᠬᠤᠷᠢᠶᠠᠨ ᠤ ︽ᠵᠢᠶᠠᠩ ᠺᠦᠨ ᠱᠠᠨ ᠵᠡᠷᠭᠡ ᠨᠥᠬᠦᠳ ᠤᠨ ᠲᠤᠰᠢᠶᠠᠯ ᠡᠭᠦᠷᠭᠡᠯᠡᠬᠦ | ᠲᠣᠬᠢᠷᠠᠭᠤᠯᠤᠯᠲᠠ ᠶᠢᠨ ᠲᠤᠬᠠᠢ ᠮᠡᠳᠡᠭᠳᠡᠯ ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ | ᠦᠵᠦᠮᠦᠴᠢᠨ ᠬᠤᠰᠢᠭᠤᠨ ᠤ ᠨᠠᠮ ᠤᠨᠬᠤᠷᠢᠶᠠᠨ ᠤ ︽ᠪᠤᠤ ᠶᠦᠩ ᠵᠢᠶᠦ᠋ᠨ ᠵᠡᠷᠭᠡ ᠨᠥᠬᠦᠳ ᠤᠨ ᠲᠤᠰᠢᠶᠠᠯ ᠳᠤ | ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠤᠬᠠᠢ ᠮᠡᠳᠡᠭᠳᠡᠯ︾᠂ ᠪᠠᠷᠠᠭᠤᠨ ᠦᠵᠦᠮᠦᠴᠢᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ︽ᠪᠤᠤ ᠶᠦᠩ ᠵᠢᠶᠦ᠋ᠨ ᠵᠡᠷᠭᠡ ᠨᠥᠬᠦᠳ ᠢ ᠲᠤᠰᠢᠶᠠᠯ ᠳᠤ ᠲᠣᠮᠢᠯᠠᠬᠤ ᠪᠠ | ᠲᠤᠰᠢᠶᠠᠯ ᠠᠴᠠ ᠨᠢ ᠪᠠᠭᠤᠯᠭᠠᠬᠤ ᠲᠤᠬᠠᠢ ᠵᠥᠪᠯᠡᠯᠭᠡ︾ ᠶᠢ ᠤᠯᠠᠮᠵᠢᠯᠠᠨ᠂ ︽ᠪᠠᠷᠠᠭᠤᠨ ᠦᠵᠦᠮᠦᠴᠢᠨ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠤᠷᠠᠯ ᠤᠨ ᠪᠤᠤ ᠶᠦᠩ ᠵᠢᠶᠦ᠋ᠨ ᠵᠡᠷᠭᠡ ᠨᠥᠬᠦᠳ ᠤᠨ | ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠲᠤᠬᠠᠢ ᠵᠥᠪᠯᠡᠯᠭᠡ ︾ ᠶᠢ ᠳᠡᠪᠰᠢᠭᠦᠯᠪᠡ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠦᠢᠯᠡᠰ ᠢ ᠪᠠᠳᠤᠯᠠᠵᠤ᠂ | ᠫᠢᠶᠣᠣ ᠥᠭᠴᠦ ᠲᠠᠰᠤᠯᠬᠤ ᠬᠡᠯᠪᠡᠷᠢ ᠪᠠᠷ ᠳᠠᠮᠵᠢᠭᠤᠯᠤᠨ᠂ ᠨᠤ· ᠪᠠᠲᠤᠵᠢᠷᠭᠠᠯ ᠨᠥᠬᠦᠷ ᠤᠨ ᠪᠠᠷᠠᠭᠤᠨ | ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠴᠤ᠂ ᠰᠢᠯᠢᠨ | ᠨᠥᠬᠦᠷ ᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠤᠪᠴᠢᠶᠠᠨ ᠳᠠᠷᠤᠭ᠎ᠠ ᠶᠢᠨ ᠲᠤᠰᠢᠶᠠᠯ ᠠᠴᠠ ᠨᠢ ᠬᠠᠯᠠᠬᠤ ᠪᠠᠷ | ᠲᠤᠭᠲᠠᠵᠤ᠂ ᠪᠤᠤ ᠶᠦᠩ ᠵᠢᠶᠦ᠋ᠨ ᠨᠥᠬᠦᠷ ᠢ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠲᠤᠪᠴᠢᠶᠠᠨ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠠᠭᠠᠨ᠎ᠠ ᠲᠤᠰᠢᠶᠠᠯ ᠳᠤ ᠲᠣᠮᠢᠯᠠᠬᠤ ᠲᠣᠭᠲᠠᠭᠠᠯ ᠢ ᠨᠡᠶᠢᠳᠡᠯᠡᠵᠤ᠂ ᠰᠢᠨ᠎ᠡ ᠪᠠᠷ ᠲᠣᠮᠢᠯᠠᠭᠰᠠᠨ ᠺᠠᠳ᠋ᠷ | ᠠᠴᠠ ᠦᠨᠳᠦᠰᠦᠨ ᠬᠠᠤᠯᠢ᠂ ᠤᠯᠤᠰ ᠤᠨ ᠰᠦᠯᠳᠡ ᠳᠤ ᠲᠥᠪ ᠴᠢᠩᠭ᠎ᠠ ᠪᠠᠷ ᠲᠠᠩᠭᠠᠷᠢᠭᠯᠠᠨ᠂ ᠲᠤᠰᠢᠶᠠᠯ ᠡᠭᠦᠷᠭᠡᠯᠡᠬᠦ | ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠪᠠᠭᠠᠨ᠎ᠠ ᠰᠢᠨ᠎ᠡ ᠪᠠᠷ ᠲᠤᠰᠢᠶᠠᠯ ᠳᠤ ᠲᠤᠮᠢᠯᠠᠭᠳᠠᠭᠰᠠᠨ ᠺᠠᠳ᠋ᠷ ᠲᠤ ᠴᠢᠩ ᠰᠡᠳᠬᠢᠯ ᠤᠨ | ᠬᠦᠰᠡᠯ ᠨᠠᠶᠢᠳᠠᠯᠭ᠎ᠠ ᠪᠠᠨ ᠳᠡᠪᠰᠢᠭᠦᠯᠦᠨ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ | ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠬᠦ ᠶᠢ ᠵᠤᠷᠢᠭᠵᠢᠭᠤᠯᠤᠨ᠂ ᠬᠠᠤᠯᠢ ᠪᠠᠷ | ᠵᠠᠰᠠᠬᠤ ᠵᠢᠴᠢ ᠬᠠᠷᠢᠭᠤᠴᠠᠯᠭ᠎ᠠ ᠵᠢᠨᠤᠬᠠᠮᠰᠠᠷ ᠢᠶᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠤᠨ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠡᠶᠡᠯᠡᠭᠦᠯᠬᠦ ᠬᠡᠷᠡᠭᠲᠡᠢ᠂ ᠵᠣᠬᠢᠶᠠᠨ ᠪᠠᠶᠢᠭᠤᠯᠤᠯᠲᠠ ᠪᠠ ᠠᠷᠠᠳ | ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠬᠠᠮᠤᠭ ᠤᠨ ᠥᠷᠭᠡᠨ ᠤᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠶᠢ | ᠢᠮᠠᠭᠲᠠ ᠠᠯᠢᠪᠠ ᠠᠵᠢᠯ ᠤᠨ ᠡᠭᠦᠰᠦᠯᠲᠡ ᠶᠢᠨ ᠴᠡᠭ ᠪᠠ ᠦᠷ᠎ᠡ ᠳ᠋ᠦᠩ ᠪᠣᠯᠭᠠᠵᠤ᠂ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠬᠤ ᠭᠡᠷᠡᠭᠲᠡᠢ᠂ ᠠᠷᠢᠭᠤᠨ ᠴᠢᠬᠡᠴᠢ | ᠤᠯᠤᠰ ᠲᠥᠷᠥ ᠶᠢᠨ ᠤᠭ ᠴᠢᠨᠠᠷ ᠢᠶᠠᠨ ᠢᠮᠠᠭᠲᠠ ᠪᠠᠷᠢᠮᠲᠠᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ | ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠶᠴᠡᠳᠬᠡᠵᠦ᠂ ︽ᠪᠣᠳᠠᠲᠤ ᠬᠦᠴᠦᠨ ᠲᠠᠢ ᠪᠠᠷᠠᠭᠤᠨ ᠦᠵᠦᠮᠦᠴᠢᠨ᠂ | ᠪᠣᠬᠢᠷᠲᠤᠯ ᠥᠬᠡᠶ ᠪᠠᠷᠠᠭᠤᠨ ᠦᠵᠦᠮᠦᠴᠢᠨ᠂ ᠰᠡᠳᠬᠢᠯ ᠲᠠᠲᠠᠮ᠎ᠠ ᠪᠠᠷᠠᠭᠤᠨ ᠦᠵᠦᠮᠦᠴᠢᠨ᠂ ᠵᠣᠯ ᠵᠢᠷᠭᠠᠯᠲᠤ | ᠪᠠᠷᠠᠭᠤᠨ ᠦᠵᠦᠮᠦᠴᠢᠨ︾ ᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ | ᠭᠡᠰᠡᠨ ᠪᠠᠶᠢᠨ᠎ᠠ᠃ | |