ᠪᠠᠷᠠᠭᠤᠨ ᠦᠵᠦᠮᠦᠴᠢᠨ ᠬᠤᠰᠢᠭᠤᠨ ᠤ  ︽ᠪᠠᠶᠠᠵᠢᠯ ᠤᠨ ᠬᠠᠷᠭᠤᠢ ᠳᠤ ᠲᠡᠮᠡᠣᠯᠡᠬᠦ ᠡᠪ ᠤᠨ ᠲᠦᠰᠢᠭᠲᠦ ᠨᠤᠳᠤᠭ︾ ︱  ᠪᠦᠬᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠮᠠᠯᠴᠢᠳ ᠤᠨ ᠤᠷᠠᠯᠢᠭ ᠤᠨ ᠲᠤᠭᠯᠠᠯᠲᠠ ᠵᠢᠴᠢ 2020 ᠤᠨ ᠤ ᠠᠵᠢᠯ ᠤᠨ ᠴᠢᠯᠥᠭᠡᠨ ᠤ ᠤᠯᠠᠭᠠᠨᠮᠦᠴᠢᠷ  ᠤᠨ ᠱᠠᠩᠨᠠᠯ ᠤᠯᠭᠤᠬᠤ  ᠦᠳᠡᠰᠢᠯᠡᠭᠡ  ᠠᠮᠵᠢᠯᠳᠠᠳᠠᠢ  ᠶᠠᠪᠤᠭᠳᠠᠯ᠎ᠠ
ᠨᠡᠶᠢᠲᠡᠯᠡᠭᠰᠡᠨ ᠴᠠᠭ᠄
2020/12/1
  ᠪᠠᠷᠠᠭᠤᠨ ᠦᠵᠦᠮᠦᠴᠢᠨ ᠬᠤᠰᠢᠭᠤᠨ ᠤ  ︽ᠪᠠᠶᠠᠵᠢᠯ ᠤᠨ ᠬᠠᠷᠭᠤᠢ ᠳᠤ ᠲᠡᠮᠡᠣᠯᠡᠬᠦ ᠡᠪ ᠤᠨ ᠲᠦᠰᠢᠭᠲᠦ ᠨᠤᠳᠤᠭ︾ ︱  ᠪᠦᠬᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠮᠠᠯᠴᠢᠳ ᠤᠨ ᠤᠷᠠᠯᠢᠭ ᠤᠨ ᠲᠤᠭᠯᠠᠯᠲᠠ ᠵᠢᠴᠢ 2020 ᠤᠨ ᠤ ᠠᠵᠢᠯ ᠤᠨ ᠴᠢᠯᠥᠭᠡᠨ ᠤ ᠤᠯᠠᠭᠠᠨᠮᠦᠴᠢᠷ   ᠤᠨ ᠱᠠᠩᠨᠠᠯ ᠤᠯᠭᠤᠬᠤ  ᠦᠳᠡᠰᠢᠯᠡᠭᠡ  ᠠᠮᠵᠢᠯᠳᠠᠳᠠᠢ  ᠶᠠᠪᠤᠭᠳᠠᠯ᠎ᠠ                              ᠪᠠᠷᠠᠭᠤᠨ ᠦᠵᠦᠮᠦᠴᠢᠨ ᠬᠤᠰᠢᠭᠤᠨ ᠤ ︽ᠪᠠᠶᠠᠵᠢᠯ ᠤᠨ ᠬᠠᠷᠭᠤᠢ ᠳᠤ ᠲᠡᠮᠡᠣᠯᠡᠬᠦ ᠡᠪ ᠤᠨ ᠲᠦᠰᠢᠭᠲᠦ ᠨᠤᠳᠤᠭ︾ ︱  ᠪᠦᠬᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠮᠠᠯᠴᠢᠳ ᠤᠨ ᠤᠷᠠᠯᠢᠭ ᠤᠨ ᠲᠤᠭᠯᠠᠯᠲᠠ ᠵᠢᠴᠢ 2020 ᠤᠨ ᠤ ᠠᠵᠢᠯ ᠤᠨ ᠴᠢᠯᠥᠭᠡᠨ ᠤ ᠤᠯᠠᠭᠠᠨᠮᠦᠴᠢᠷ   ᠤᠨ ᠰᠢᠢᠳᠪᠦᠷᠢᠲᠦ ᠤᠷᠤᠯᠳᠤᠭᠠᠨ  ᠠᠮᠵᠢᠯᠳᠠᠳᠠᠢ  ᠦᠨᠳᠦᠷᠯᠡᠵᠦ  ᠂ 11 ᠰᠠᠷ᠎ᠠ ᠶᠢᠨ 28 ᠤ ᠣᠷᠣᠶ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ  ᠨᠡᠪᠳᠡᠷᠡᠬᠦᠯᠭᠡ ᠶᠢᠨ ᠲᠢᠩᠬᠢᠮ ᠳᠤ ᠱᠠᠩᠨᠠᠯ ᠣᠯᠭᠤᠬᠤ ᠦᠳᠡᠰᠢᠯᠡᠭᠡ  ᠶᠠᠪᠤᠭᠳᠠᠭᠤᠯᠪᠠ᠃
     ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠤᠰᠢᠭᠤ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠰᠢᠭᠤᠨ ᠤ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠵᠤ  ᠂ ᠬᠤᠰᠢᠭᠤ ᠬᠠᠮ ᠵᠠᠭᠤᠴᠢᠯᠠᠭᠤᠷ ᠤᠨ ᠲᠥᠪ᠂  ᠬᠤᠰᠢᠭᠤ ᠤᠯᠠᠭᠠᠨᠮᠥ᠋ᠴᠢᠷ  ᠤᠯᠠᠭᠠᠠᠮᠦ᠋ᠴᠢᠷ   ᠠᠴᠠ  ᠬᠠᠮᠲᠤᠷᠠᠨ ᠡᠷᠭᠢᠯᠡᠭᠰᠡᠨ ᠱᠠᠩᠨᠠᠯ ᠣᠯᠭᠤᠬᠤ ᠦᠳᠡᠰᠢᠯᠡᠭᠡ  ᠨᠢ ᠬᠤᠰᠢᠭᠤᠨ ᠤ ᠤᠯᠠᠭᠠᠨᠮᠥ᠋ᠴᠢᠷ ᠤᠨ  ᠬᠠᠮᠲᠦ ᠶᠢᠨ ᠪᠦᠵᠢᠭ ︽ᠮᠡᠨᠳᠦᠴᠢᠯᠡᠭᠡ︾ ᠶᠢᠨ  ᠳᠤᠮᠳᠠ ᠬᠥᠰᠢᠭᠡ ᠪᠠᠨ ᠰᠡᠭᠦᠯ᠎ᠡ ᠃ ᠬᠤᠰᠢᠭᠤ ᠤᠯᠠᠭᠠᠠᠮᠦ᠋ᠴᠢᠷ  ᠪᠣᠯᠤᠨ ᠮᠠᠯᠴᠢᠨ ᠲᠦᠮᠡᠨ᠂ ᠠᠵᠢᠯ ᠤᠨ ᠴᠢᠯᠥᠭᠡᠨ ᠤ ᠤᠯᠠᠭᠠᠠᠮᠦ᠋ᠴᠢᠷ  ᠤᠨ ᠲᠣᠭᠯᠠᠭᠴᠢᠳ ᠤᠨ ᠤᠷᠲᠤ ᠶᠢᠨ ᠲᠠᠭᠤᠤ᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ᠂ ᠭᠤᠴᠣᠯᠠᠯ ᠲᠠᠭᠤᠤ ᠂  ᠬᠤᠤᠰᠯᠠᠯ  ᠲᠠᠭᠤᠤ᠂ ᠮᠤᠷᠢᠨ ᠬᠤᠭᠤᠷ ᠤᠨ ᠬᠦᠭᠵᠢᠮ ᠵᠡᠷᠭᠡ ᠭᠤᠶᠢᠳᠠ ᠰᠠᠶᠢᠬᠠᠨ ᠲᠣᠭᠯᠠᠯᠲᠠ ᠨᠢ  ᠠᠬᠤᠢ ᠲᠠᠯᠠᠪᠠᠶ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠤᠭᠰᠠᠨ ᠪᠠᠶᠢᠨ᠎ᠠ᠃
     ᠦᠳᠡᠰᠢᠯᠡᠭᠡ ᠲᠤᠮᠳᠠ ᠱᠠᠩᠨᠠᠯ ᠣᠯᠭᠤᠬᠤ ᠶᠣᠰᠣᠯᠠᠯ  ᠶᠠᠪᠤᠭᠳᠠᠭᠤᠯᠵᠦ᠂  ᠤᠯᠠᠭᠠᠨᠬᠠᠭᠠᠯᠭ᠎ᠠ ᠰᠤᠮᠤᠨ ᠤ  ᠠᠶᠤᠷᠰᠠᠨᠠᠭ᠎ᠠ᠂ ᠪᠠᠶᠠᠨᠬᠤᠰᠢᠭᠤ ᠰᠤᠮᠤᠨ ᠤ   ᠡᠷᠬᠢᠮᠪᠠᠭᠠᠲᠤᠷ ᠲᠤᠰ ᠲᠤᠰ 2020 ᠤᠨ ᠤ ᠠᠵᠢᠯ ᠤᠨ ᠴᠢᠯᠦᠭᠡᠨ ᠤ ᠤᠯᠠᠭᠠᠠᠮᠦ᠋ᠴᠢᠷ   ᠤᠨ ᠨᠢᠭᠡᠳᠦᠭᠡᠷ ᠳᠡᠰ ᠤᠨ ᠱᠠᠩᠨᠠᠯ  ᠬᠦᠷᠳᠡᠵᠦ᠂ ᠪᠠᠶᠠᠨᠬᠤᠰᠢᠭᠤ ᠰᠤᠮᠤᠨ ᠤ ᠮᠠᠨᠳᠤᠬᠤ᠂ ᠪᠠᠯᠭᠠᠷᠭᠤᠤᠯ ᠪᠠᠯᠭᠠᠰᠤᠨ ᠤ ᠲᠡᠭᠡᠵᠢ ᠪᠦᠵᠢᠭ ᠤᠨ ᠠᠩᠬᠢ᠂ ᠬᠤᠭᠤᠯᠠᠲᠦ ᠶᠢᠨ ᠭᠤᠤᠯ ᠪᠠᠯᠭᠠᠰᠤᠨ ᠤ  ᠮᠦᠡᠭᠭᠡᠳᠤᠯᠭ᠎ᠠ᠂ ᠪᠠᠶᠠᠩᠬᠤᠸᠠ ᠪᠠᠯᠭᠠᠰᠤᠨ ᠤ ᠤᠷᠠᠨᠵᠤᠷᠢᠭ ᠲᠤᠰ ᠲᠤᠰ ᠬᠤᠶᠠᠳᠤᠭᠠᠷ ᠲᠡᠰ ᠤᠨ ᠱᠠᠩᠨᠠᠯ  ᠬᠦᠷᠳᠡᠵᠦ᠂ ᠬᠤᠭᠤᠯᠲᠦ ᠶᠢᠨ ᠭᠤᠤᠯ ᠪᠠᠯᠭᠠᠰᠤᠨ ᠤ ᠴᠢᠮᠡᠳ᠂ ᠤᠯᠠᠭᠠᠠᠬᠠᠭᠠᠯᠭ᠎ᠠ ᠰᠤᠮᠤᠨ ᠤ ᠲᠠᠨᠵᠢᠨᠰᠡᠷᠡᠩ ᠵᠡᠷᠭᠡ 5 ᠨᠡᠷ᠎ᠡ ᠤᠷᠤᠯᠴᠠᠭᠴᠢ ᠭᠤᠷᠪᠠᠳᠤᠭᠠᠷ ᠲᠡᠰ  ᠤᠨ ᠱᠠᠩᠨᠠᠯ ᠬᠦᠷᠳᠡᠪᠡ᠃ ᠪᠠᠶᠠᠩᠬᠤᠸᠠ ᠪᠠᠯᠭᠠᠰᠤᠨ ᠤ ᠨᠠᠴᠤᠭᠳᠤᠷᠵᠢ᠂ ᠪᠠᠶᠠᠩᠬᠤᠸᠠ ᠪᠠᠯᠭᠠᠰᠤᠨ ᠤ ᠲᠦᠪᠰᠢᠨᠵᠢᠷᠭᠠᠯ ᠵᠡᠷᠭᠡ 7 ᠨᠡᠷ᠎ᠡ ᠤᠷᠤᠯᠴᠠᠭᠴᠢ ᠲᠤᠰ ᠲᠤᠰ 2020 ᠤᠨ ᠤ ᠠᠵᠢᠯ ᠤᠨ ᠴᠢᠯᠦᠭᠡᠨ ᠤ ᠤᠯᠠᠭᠠᠠᠮᠦ᠋ᠴᠢᠷ ᠤᠨ ᠰᠢᠯᠢᠳᠡᠭ ᠲᠡᠰ ᠲᠤ ᠲᠤᠲᠤᠷᠠᠵᠦ᠃ ᠵᠢᠷ ᠤᠨ ᠭᠤᠤᠯ ᠪᠠᠯᠭᠠᠰᠤᠨ ᠤ ᠪᠦᠬᠡᠪᠠᠶᠠᠷ᠂ ᠪᠠᠶᠠᠩᠬᠤᠸᠠ ᠪᠠᠯᠭᠠᠰᠤᠨ ᠤ  ᠵᠢ᠊᠂ ᠪᠠᠶᠠᠠᠮᠦ᠋ᠩᠬᠡ  ᠵᠡᠷᠭᠡ ᠭᠤᠷᠪᠠᠨ  ᠨᠡᠷ᠎ᠡ ᠤᠷᠤᠯᠴᠠᠭᠴᠢ 2020 ᠤᠨ ᠤ ᠠᠵᠢᠯ ᠤᠨ ᠴᠢᠯᠦᠭᠡᠨ ᠤ ᠤᠯᠠᠭᠠᠠᠮᠦ᠋ᠴᠢᠷ  ‍ᠤᠨ‌‍ᠰᠢᠯᠢᠳᠡᠭ  ᠵᠣᠬᠢᠶᠠᠨ  ᠪᠦᠳᠦᠭᠡᠯᠭᠡ ᠶᠢᠨ  ᠱᠠᠩᠨᠠᠯ ᠬᠦᠷᠳᠡᠵᠦ  ᠂ ᠪᠠᠶᠠᠩᠬᠤᠸᠠ ᠪᠠᠯᠭᠠᠰᠤ ᠪᠤᠯᠥᠨ ᠭᠤᠷᠤᠬᠠᠨ ᠪᠠᠯᠭᠠᠰᠦ ᠲᠤᠰ ᠲᠤᠰ ᠰᠢᠯᠢᠳᠡᠭ ᠵᠣᠬᠢᠶᠠᠨ ᠪᠠᠶᠢᠭᠤᠯᠣᠬᠰᠠᠨ ᠨᠢᠭᠡᠴᠡ   ᠪᠠᠷ ᠱᠠᠩᠨᠠᠨᠳ᠋ᠬᠠᠰᠠᠨ ᠪᠠᠶᠢᠨ᠎ᠠ  ᠃
    ᠣᠶᠢᠯᠠᠭᠠᠭᠰᠠᠨ ᠢᠶᠠᠷ᠂  ᠲᠤᠰ ᠤᠳᠠᠭᠠᠨ ᠤ  ︽ᠪᠠᠶᠠᠵᠢᠯ ᠤᠨ ᠬᠠᠷᠭᠤᠢ ᠳᠤ ᠲᠡᠮᠡᠣᠯᠡᠬᠦ ᠡᠪ ᠤᠨ ᠲᠦᠰᠢᠭᠲᠦ ᠨᠤᠳᠤᠭ︾ ︱  ᠪᠦᠬᠦ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠮᠠᠯᠴᠢᠳ ᠤᠨ ᠤᠷᠠᠯᠢᠭ ᠤᠨ ᠲᠤᠭᠯᠠᠯᠲᠠ ᠵᠢᠴᠢ 2020 ᠤᠨ ᠤ ᠠᠵᠢᠯ ᠤᠨ ᠴᠢᠯᠥᠭᠡᠨ ᠤ ᠤᠯᠠᠭᠠᠠᠮᠦ᠋ᠴᠢᠷ  ‍ᠤᠨ‌‍ᠰᠢᠶᠳᠪᠦᠷᠢᠲᠦ ᠤᠷᠤᠯᠳᠤᠭᠠᠨ  ᠳᠤ ᠡᠯ᠎ᠡ‌‍ᠰᠣᠮᠣ ᠪᠠᠯᠭᠠᠰᠣᠨ  ᠠᠴᠠ ᠳᠡᠪᠰᠢᠭᠦᠯᠦᠭᠰᠡᠨ ᠴᠢᠯᠥᠭᠡᠲᠦ  ᠲᠠᠭᠤᠤ᠂  ᠤᠷᠲᠤ ᠶᠢᠨ  ᠲᠠᠭᠤᠤ᠂ ᠮᠣᠷᠢᠨ ᠬᠤᠭᠤᠷ ᠤᠨ ᠬᠥᠭᠵᠢᠮ᠂ ᠪᠥᠵᠢᠭ ᠵᠡᠷᠭᠡ 30 ᠭᠠᠷᠤᠶ ᠲᠣᠭᠯᠠᠯᠲᠠ  ᠤᠷᠤᠯᠴᠠᠵᠠᠢ᠃
   ᠰᠣᠶᠣᠯ ᠢᠶᠠᠷ ᠬᠤᠰᠢᠭᠤ ᠪᠠᠨ ᠬᠦᠴᠦᠷᠭᠡᠭᠵᠢᠬᠦᠯᠬᠦ  ᠪᠣᠳᠠᠳᠠᠢ ᠠᠵᠢᠯ ᠤᠨ ᠨᠢᠭᠡᠨ ᠪᠣᠯᠣᠭᠰᠠᠨ ᠠᠵᠢᠯ ᠤᠨ ᠴᠢᠯᠦᠭᠡᠨ ᠤ ᠤᠯᠠᠭᠠᠠᠮᠦ᠋ᠴᠢᠷ   ᠤᠨ ᠲᠣᠭᠯᠠᠯᠳᠠ ᠨᠢ 2008 ᠣᠨ ᠠᠴᠠ ᠬᠦᠰᠢᠭᠡ ᠪᠠᠨ ᠰᠡᠭᠦᠭᠰᠡᠨ ᠠᠴᠠ ᠠᠪᠣᠭᠠᠳ᠂ ᠬᠦᠳᠡᠭᠡ ᠨᠣᠳᠤᠭ᠂ ᠮᠠᠯᠴᠢᠨ ᠲᠦᠮᠡᠨ ᠤ ᠪᠠᠨ ᠳᠣᠮᠳᠠ ᠪᠠᠶᠢᠭ᠎ᠠ ᠠᠷᠠᠳ ᠤᠨ ᠠᠪᠢᠶᠠᠰᠳᠠᠳ ᠤᠨ ᠣᠷᠠᠯᠢᠭ ᠲᠤ ᠬᠠᠶᠢᠷᠠᠳᠠᠢ ᠬᠦᠮᠦᠰ  ᠤᠨ  ᠬᠠᠯᠠᠭᠤᠨ ᠰᠡᠳᠬᠢᠯ ᠢ ᠨᠢ ᠣᠷᠭᠢᠯᠣᠭᠤᠯᠵᠣ᠂ ᠠᠬᠠᠮᠠᠳ᠂ ᠢᠳᠡᠷ᠂ ᠵᠠᠯᠠᠭᠤᠴᠣᠳ ᠤᠨ ᠣᠷᠠᠯᠢᠭ ᠤᠨ ᠲᠠᠶᠢᠰᠠᠨ᠎ᠠ ᠥᠪᠡᠷ ᠢ ᠪᠠᠨ ᠴᠠᠭᠠᠷᠠᠭᠤᠯᠵᠣ᠂  ᠠᠪᠢᠶᠠᠰ ᠴᠢᠳᠠᠪᠣᠷᠢ ᠪᠠᠨ ᠰᠣᠷᠢᠬᠤ ᠥᠷᠭᠡᠨ ᠰᠠᠶᠢᠬᠠᠨ ᠲᠠᠪᠴᠠᠩ   ᠪᠤᠯᠤᠭᠰᠠᠨ   ᠢᠶᠠᠷ ᠪᠠᠷᠠᠬᠤ ᠦᠭᠡᠢ᠂ ᠤᠷᠠᠯᠢᠭᠴᠢᠳ ᠤᠨ  ᠬᠤᠭᠤᠷᠤᠨᠳᠤᠬᠢ ᠬᠠᠷᠢᠯᠴᠠᠨ ᠰᠤᠷᠤᠯᠴᠠᠬᠤ  ᠰᠠᠶᠢᠬᠠᠨ ᠲᠠᠪᠴᠠᠩ ᠪᠣᠯᠤᠭᠰᠠᠨ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号