ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ︽ᠭᠤᠷᠪᠠ ᠶᠢ | ᠦᠬᠡᠶᠢᠰᠬᠡᠬᠦ︾ ᠦᠢᠯᠡᠴᠢᠯᠡᠬᠡᠨ ᠤ ᠲᠠᠶᠢᠯᠤᠮᠵᠢ | | | ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠬᠦᠯᠵᠦ᠂ ︽ᠭᠤᠷᠪᠠ ᠶᠢ ᠦᠬᠡᠶᠢᠰᠬᠡᠬᠦ︾ ᠦᠢᠯᠡᠴᠢᠯᠡᠬᠡᠨ ᠤ | ᠪᠦᠷᠬᠦᠯᠳᠡ ᠶᠢᠨ ᠨᠣᠷᠮ᠎ᠠ ᠶᠢ ᠨᠡᠮᠡᠭᠳᠡᠬᠦᠯᠬᠦ ᠶᠢᠨ ᠳᠣᠰᠠᠳᠠ᠂ 11 ᠰᠠᠷ᠎ᠠ ᠶᠢᠨ 20 ᠤ ᠡᠳᠦᠷ᠂ ᠪᠠᠷᠠᠭᠤᠨ | ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠨᠢ ᠨᠡᠶᠢᠬᠡᠮ ᠲᠣᠭᠤᠷᠢᠭ᠂ ᠠᠷᠠᠯᠵᠢᠶ᠎ᠡ | ᠬᠤᠳᠠᠯᠳᠣᠭᠠᠨ ᠤ ᠡᠷᠦᠬᠡ ᠪᠠᠷ ᠬᠦᠨᠵᠡᠬᠡᠶᠢᠷᠡᠨ᠂ ︽ᠭᠤᠷᠪᠠ ᠶᠢ ᠦᠬᠡᠶᠢᠰᠬᠡᠬᠦ︾ ᠦᠢᠯᠡᠴᠢᠯᠡᠬᠡᠨ ᠤ ᠣᠬᠠᠭᠤᠯᠭ᠎ᠠ | ᠶᠢᠨ ᠮᠠᠲ᠋ᠧᠷᠢᠶᠠᠯ ᠳᠠᠷᠬᠠᠭᠠᠨ᠂ ᠰᠠᠭᠤᠭᠠᠯᠢ ᠠᠷᠠᠳ ᠵᠢᠴᠢ ᠬᠡᠷᠡᠭᠯᠡᠭᠴᠢᠳ ᠲᠤ ᠬᠠᠨᠳᠣᠭᠤᠯᠵᠦ᠂ ᠳᠣᠰ | ᠦᠢᠯᠡᠴᠢᠯᠡᠬᠡᠨ ᠤ ᠳᠣᠬᠠᠢ ᠨᠠᠷᠢᠨ ᠳᠠᠶᠢᠯᠪᠣᠷᠢᠯᠠᠯᠳᠠ ᠬᠢᠭᠰᠡᠨ ᠪᠠᠶᠢᠨ᠎ᠠ᠃ | ᠣᠬᠠᠭᠤᠯᠭ᠎ᠠ ᠶᠢᠨ ᠳᠣᠮᠳᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠠᠵᠢᠯᠳᠠᠳ ᠠᠴᠠ ︽ᠭᠤᠷᠪᠠ | ᠶᠢ ᠦᠬᠡᠶᠢᠰᠬᠡᠬᠦ︾ ᠦᠢᠯᠡᠴᠢᠯᠡᠬᠡᠨ ᠤ ᠠᠭᠤᠯᠭ᠎ᠠ᠂ ᠬᠡᠷᠡᠭᠯᠡᠬᠡᠨ ᠤ ᠬᠦᠷᠢᠶ᠎ᠡ ᠬᠡᠪᠴᠢᠶ᠎ᠡ᠂ ᠴᠠᠭ ᠤᠨ ᠬᠢᠵᠠᠭᠠᠷᠯᠠᠯ | ᠵᠡᠷᠬᠡ ᠢ ᠳᠠᠨᠢᠯᠴᠠᠭᠤᠯᠵᠠᠢ᠃ | ︽ᠭᠤᠷᠪᠠ ᠶᠢ ᠦᠬᠡᠶᠢᠰᠬᠡᠬᠦ︾ ᠦᠢᠯᠡᠴᠢᠯᠡᠭᠡ ᠬᠡᠳᠡᠭ ᠨᠢ ᠠᠶᠢᠯᠴᠢᠯᠠᠬᠤ ᠶᠢ ᠦᠬᠡᠶᠢᠰᠬᠡᠬᠦ᠂ ᠬᠢᠨᠠᠨ | ᠵᠦᠪᠰᠢᠶᠡᠷᠡᠬᠦᠯᠬᠦ ᠶᠢ ᠦᠬᠡᠶᠢᠰᠬᠡᠬᠦ᠂ ᠪᠡᠯᠡ ᠣᠷᠣᠭᠤᠯᠬᠤ ᠶᠢ ᠦᠬᠡᠶᠢᠰᠬᠡᠬᠦ ᠶᠢ ᠵᠢᠭᠠᠵᠦ᠂ ᠬᠡᠷᠡᠭᠯᠡᠭᠴᠢᠳ ᠡᠵᠡᠩᠨᠡᠯᠳᠡ | ᠶᠢᠨ ᠳᠠᠩᠬᠢᠮ᠂ ᠮᠧᠩ ᠳ᠋ᠢᠶᠠᠨ E ᠵᠢᠶᠠ ᠭᠠᠷ ᠣᠳᠠᠰᠣᠨ ᠤ ᠰᠣᠹᠲ᠂ 95598 ᠨᠧᠲ ᠰᠦᠯᠵᠢᠶ᠎ᠡ ᠵᠡᠷᠬᠡ | ᠵᠠᠭᠤᠴᠢᠯᠠᠭᠤᠷ ᠢᠶᠠᠷ ᠳᠠᠮᠵᠢᠨ᠂ ᠳᠦᠬᠦᠮ ᠳᠦᠳᠡ ᠴᠠᠬᠢᠯᠭᠠᠨ ᠦᠢᠯᠡᠴᠢᠯᠡᠭᠡ ᠶᠢ ᠭᠦᠷᠳᠠᠬᠦ ᠪᠣᠯᠣᠨ᠎ᠠ᠃ | ᠳᠠᠭᠠᠯᠳᠣᠭᠤᠯᠣᠯ᠄ ︽ᠭᠤᠷᠪᠠ ᠶᠢ ᠦᠬᠡᠶᠢᠰᠬᠡᠬᠦ︾ ᠦᠢᠯᠡᠴᠢᠯᠡᠬᠡᠨ ᠤ ᠬᠦᠷᠢᠶ᠎ᠡ ᠬᠡᠪᠴᠢᠶ᠎ᠡ | ᠨᠢᠬᠡ᠄ ︽ᠠᠶᠢᠯᠴᠢᠯᠠᠬᠤ ᠶᠢ ᠦᠬᠡᠶᠢᠰᠬᠡᠬᠦ︾ ᠨᠢ ᠪᠦᠬᠦᠶᠢᠯᠡ ᠬᠡᠷᠡᠭᠯᠡᠭᠴᠢᠳ ᠲᠤ ᠬᠠᠨᠳᠣᠭᠤᠯᠣᠭᠰᠠᠨ | ᠦᠢᠯᠡᠴᠢᠯᠡᠬᠡᠨ ᠤ ᠬᠡᠯᠪᠡᠷᠢ᠃ | ᠬᠤᠶᠠᠷ᠂ ︽ᠬᠢᠨᠠᠨ ᠵᠦᠪᠰᠢᠶᠡᠷᠡᠬᠦᠯᠬᠦ ᠶᠢ ᠦᠬᠡᠶᠢᠰᠬᠡᠬᠦ︾ ᠨᠢ ᠪᠠᠭ᠎ᠠ ᠵᠢᠵᠢᠭ ᠠᠵᠦ ᠠᠬᠤᠶᠢᠯᠠᠯ ᠵᠡᠷᠬᠡ ᠳᠣᠣᠷ᠎ᠠ | ᠳᠠᠷᠣᠯᠳᠠᠳᠦ ᠬᠡᠷᠡᠭᠯᠡᠭᠴᠢᠳ ᠲᠤ ᠬᠠᠨᠳᠣᠭᠤᠯᠣᠭᠰᠠᠨ ᠦᠢᠯᠡᠴᠢᠯᠡᠬᠡᠨ ᠤ ᠬᠡᠯᠪᠡᠷᠢ᠃ | ᠭᠤᠷᠪᠠ᠂ ︽ᠪᠡᠯᠡ ᠣᠷᠣᠭᠤᠯᠬᠤ ᠶᠢ ᠦᠬᠡᠶᠢᠰᠬᠡᠬᠦ︾ ᠶᠢᠨ ᠬᠡᠷᠡᠭᠯᠡᠬᠡᠨ ᠤ ᠬᠦᠷᠢᠶ᠎ᠡ ᠬᠡᠪᠴᠢᠶ᠎ᠡ ᠨᠢ ᠳᠣᠣᠷᠠᠬᠢ | ᠮᠡᠳᠦ᠄ | 1. ᠳᠣᠬᠢᠷᠠᠬᠤ ᠬᠡᠷᠡᠭᠯᠡᠭᠴᠢᠳ ᠤᠨ ᠪᠦᠯᠬᠦᠮ ᠵᠢᠴᠢ ᠦᠢᠯᠡᠴᠢᠯᠡᠬᠡᠨ ᠤ ᠲᠦᠷᠦᠯ ᠵᠦᠢᠯ ᠨᠢ ᠡᠩ ᠤᠨ | ᠦᠢᠯᠡᠳᠪᠦᠷᠢ ᠬᠤᠳᠠᠯᠳᠣᠭᠠᠨ ᠤ ᠦᠢᠯᠡᠰ᠂ ᠲᠠᠷᠢᠶᠠᠯᠠᠩ ᠤᠨ ᠦᠢᠯᠡᠳᠪᠦᠷᠢᠯᠡᠯ ᠵᠢᠴᠢ ᠳᠣᠣᠷ᠎ᠠ ᠳᠠᠷᠣᠯᠳᠠᠳᠦ | ᠰᠠᠭᠤᠭᠠᠯᠢ ᠠᠷᠠᠳ ᠤᠨ ᠰᠢᠨ᠎ᠡ ᠪᠠᠷ ᠨᠡᠮᠡᠭᠳᠡᠭᠰᠡᠨ ᠦᠢᠯᠡᠴᠢᠯᠡᠭᠡ ᠶᠢ ᠪᠠᠭᠳᠠᠭᠠᠨ᠎ᠠ᠃ | 2. ᠬᠡᠷᠡᠭᠯᠡᠬᠦ ᠳᠤ ᠳᠣᠬᠢᠷᠠᠬᠤ ᠴᠠᠬᠢᠯᠭᠠᠨ ᠤ ᠪᠠᠭᠳᠠᠭᠠᠮᠵᠢ᠄ ᠪᠠᠭ᠎ᠠ ᠵᠢᠵᠢᠭ ᠠᠵᠦ ᠠᠬᠤᠶᠢᠯᠠᠯ ᠤᠨ | ᠭᠤᠶᠣᠴᠢᠯᠠᠭᠰᠠᠨ ᠰᠢᠨ᠎ᠡ ᠪᠠᠷ ᠨᠡᠮᠡᠬᠦ ᠶᠡᠷᠦᠩᠭᠡᠢ ᠴᠠᠬᠢᠯᠭᠠᠨ ᠤ ᠪᠠᠭᠳᠠᠭᠠᠮᠵᠢ ᠨᠢ 160 ᠠᠴᠠ ᠳᠣᠷᠣᠭᠰᠢ ᠪᠠᠶᠢᠵᠦ᠂ | ᠪᠣᠰᠣᠳ ᠬᠡᠷᠡᠭᠯᠡᠭᠴᠢᠳ ᠤᠨ ᠰᠢᠨ᠎ᠡ ᠪᠠᠷ ᠭᠤᠶᠣᠴᠢᠯᠠᠭᠰᠠᠨ ᠶᠡᠷᠦᠩᠭᠡᠢ ᠴᠠᠬᠢᠯᠭᠠᠨ ᠠᠴᠢᠶᠠᠯᠠᠯ ᠨᠢ 100 ᠺᠢᠯᠣᠸᠠᠲ | ᠠᠴᠠ ᠳᠣᠷᠣᠭᠰᠢ ᠪᠠᠶᠢᠬᠤ ᠬᠡᠷᠡᠭᠳᠡᠢ᠃ | 3. ᠨᠢᠬᠡᠳᠬᠡᠨ ᠪᠠᠶᠢᠭᠤᠯᠬᠤ ᠳᠥᠰᠥᠯ ᠢᠶᠠᠷ ᠳᠠᠮᠵᠢᠨ ᠪᠠᠶᠢᠭᠤᠯᠣᠭᠳᠠᠭᠰᠠᠨ ᠰᠠᠭᠤᠭᠠᠯᠢ ᠲᠣᠭᠤᠷᠢᠭ᠂ ᠲᠦᠷ | ᠴᠠᠭ ᠤᠨ ᠴᠠᠬᠢᠯᠭᠠᠨ ᠬᠡᠷᠡᠭᠯᠡᠬᠦ ᠬᠡᠷᠡᠭᠯᠡᠭᠴᠢᠳ ᠵᠢᠴᠢ ᠭᠤᠣᠯᠳᠠᠯᠭ᠎ᠠ ᠲᠠᠢ ᠬᠡᠷᠡᠭᠯᠡᠭᠴᠢᠳ ᠤᠨ ᠪᠠᠷᠢᠮᠵᠢᠶᠡᠨ ᠳᠤ | ᠳᠣᠬᠢᠷᠠᠬᠤ ᠦᠬᠡᠢ ᠬᠤᠣᠰ ᠴᠠᠬᠢᠯᠭᠠᠨ ᠡᠬᠦᠰᠬᠡᠭᠴᠢ ᠪᠠᠷ ᠴᠠᠬᠢᠯᠭᠠᠨ ᠬᠠᠩᠭᠠᠬᠤ ᠬᠡᠷᠡᠭᠯᠡᠭᠴᠢᠳ᠂ ᠴᠢᠮᠡᠭᠡ | ᠬᠤᠯᠪᠣᠭᠠᠨ ᠤ ᠰᠠᠭᠤᠷᠢ ᠥᠷᠳᠡᠭᠡ᠂ ᠴᠠᠬᠢᠯᠭᠠᠨ ᠳᠠᠮᠵᠢᠭᠤᠯᠬᠤ ᠵᠡᠷᠬᠡ ᠬᠡᠷᠡᠭᠴᠡᠭᠡ ᠱᠠᠭᠠᠷᠳᠠᠯᠭ᠎ᠠ ᠪᠦᠬᠦᠢ | ᠬᠡᠷᠡᠭᠯᠡᠭᠴᠢᠳ ᠠᠴᠠ ᠭᠠᠳᠠᠨᠠᠬᠢ ᠪᠣᠰᠣᠳ ᠬᠡᠷᠡᠭᠯᠡᠭᠴᠢᠳ ᠨᠢ ᠳᠣᠰ ᠦᠢᠯᠡᠴᠢᠯᠡᠭᠡ ᠶᠢ ᠬᠦᠷᠳᠡᠵᠦ ᠴᠢᠳᠠᠨ᠎ᠠ᠃ | |