ᠪᠦᠬᠦ ᠬᠤᠰᠢᠭᠤᠨ ᠤ ᠤᠳᠤᠷᠢᠳᠬᠤ ᠺᠠᠳᠠᠷᠴᠤᠳ ᠢ ᠰᠡᠷᠡᠮᠵᠢᠯᠡᠭᠦᠯᠦᠨ ᠬᠦᠮᠦᠵᠢᠬᠦᠯᠬᠦ ᠶᠡᠭᠡ ᠬᠤᠷᠠᠯ | ᠬᠤᠷᠠᠯᠳᠤᠪᠠ | | 12 ᠰᠠᠷ᠎ᠠ ᠶᠢᠨ 16 ᠤ ᠡᠳᠦᠷ᠂ ᠪᠦᠬᠦ ᠬᠤᠰᠢᠭᠤᠨ ᠤ ᠤᠳᠤᠷᠢᠳᠬᠤ ᠺᠠᠳᠠᠷᠴᠤᠳ ᠢ ᠰᠡᠷᠡᠮᠵᠢᠯᠡᠭᠦᠯᠦᠨ | ᠬᠦᠮᠦᠵᠢᠬᠦᠯᠬᠦ ᠶᠡᠭᠡ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠬᠤᠷᠠᠯ | ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ | ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠰᠡᠴᠡᠡᠭᠡᠷᠡᠯ ᠬᠡᠷᠡᠭ ᠤᠨ ᠵᠢᠱᠢᠶ᠎ᠡ ᠶᠢᠨ ᠵᠠᠳᠠᠯᠤᠯᠳᠠ ᠶᠢᠨ | ᠮᠡᠳᠡᠭᠦᠯᠦᠯᠳᠡ ᠬᠢᠪᠡ᠃ | ᠪᠠᠢ ᠶᠦᠩ ᠴᠦᠨ ᠵᠢᠭᠠᠬᠤ ᠳᠠᠭᠠᠨ᠂ ᠲᠤᠰ ᠬᠤᠷᠠᠯ ᠢᠶᠠᠷ ᠲᠠᠮᠵᠢᠭᠤᠯᠤᠨ ᠪᠤᠳᠠᠳᠤ ᠬᠡᠷᠡᠭ ᠢᠶᠠᠷ | ᠰᠡᠷᠡᠮᠵᠢᠯᠡᠭᠦᠯᠦᠨ ᠬᠦᠮᠦᠵᠢᠭᠦᠯᠵᠦ᠂ ᠨᠠᠮ ᠤᠨ ᠲᠦᠪ ᠬᠤᠷᠢᠶᠠᠨ ᠤ ᠨᠠᠮ ᠢ ᠪᠦᠬᠦ ᠲᠠᠯ᠎ᠠ ᠪᠠᠷ ᠵᠠᠰᠠᠬᠤ ᠰᠢᠨ᠎ᠡ | ᠪᠠᠶᠢᠷᠢᠯᠠᠭᠤᠯᠤᠯᠳᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠺᠠᠳᠠᠷ ᠤᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠨ᠂ ᠨᠠᠮᠴᠢ ᠴᠢᠨᠠᠷ ᠤᠨ ᠲᠠᠪᠳᠠᠯᠳᠠ ᠶᠢ ᠰᠠᠭᠤᠷᠢ ᠠᠵᠢᠯ ᠪᠤᠯᠭᠠᠨ ᠠᠳᠬᠤᠬᠤ ᠶᠢᠨ | ᠬᠠᠮᠳᠤ᠂ ᠦᠵᠡᠯ ᠰᠠᠨᠠᠭ᠎ᠠ ᠪᠠ ᠰᠡᠷᠡᠮᠵᠢᠯᠡᠭᠦᠯᠦᠨ ᠬᠦᠮᠦᠵᠢᠭᠦᠯᠬᠦ ᠬᠦᠮᠦᠵᠢᠯ ᠢ ᠴᠢᠩᠭᠠᠳᠬᠠᠵᠦ᠂ ᠬᠠᠤᠯᠢ ᠲᠦᠷᠢᠮ | ᠵᠦᠷᠢᠴᠡᠭᠰᠡᠨ ᠪᠤᠳᠠᠳᠤ ᠬᠡᠷᠡᠭ ᠤᠨ ᠵᠢᠱᠢᠶ᠎ᠡ ᠪᠠᠷ ᠴᠢᠩᠭ᠎ᠠ ᠰᠡᠷᠡᠮᠵᠢᠯᠡᠯ ᠬᠦᠮᠦᠵᠢᠯ ᠤᠯᠭᠤᠨ᠂ ᠴᠢᠩᠭ᠎ᠠ ᠬᠠᠮᠢᠶᠠᠷᠬᠤ | ᠪᠠ ᠬᠠᠶᠢᠷ᠎ᠠ ᠬᠠᠯᠠᠮᠵᠢᠯᠠᠯ ᠢ ᠤᠶᠠᠯᠳᠤᠭᠤᠯᠤᠨ᠂ ᠦᠷᠭᠡᠨ ᠤᠯᠠᠨ ᠨᠠᠮ ᠤᠨ ᠬᠡᠰᠢᠬᠦᠨ ᠺᠠᠳᠠᠷ ᠤᠨ ︽ᠲᠦᠷᠪᠡᠨ | ᠤᠬᠠᠮᠰᠠᠷ︾᠂ ︽ᠲᠦᠷᠪᠡᠨ ᠢᠳᠡᠭᠡᠯ︾ ᠢ ᠪᠠᠬᠢᠵᠢᠭᠦᠯᠦᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ | ᠠᠷᠠᠳ ᠤᠨ ᠲᠦᠯᠦᠭᠡ ᠪᠤᠳᠠᠳᠠᠢ ᠪᠠᠷ ᠠᠵᠢᠯ ᠬᠢᠳᠡᠭ᠂ ᠠᠷᠢᠭᠤᠨ ᠴᠢᠭᠡᠴᠢ᠂ ᠦᠨᠡᠨᠴᠢ ᠢᠳᠡᠬᠡᠮᠵᠢᠳᠡᠢ | ᠬᠠᠷᠢᠭᠤᠴᠠᠯᠭ᠎ᠠ ᠡᠭᠦᠷᠭᠡᠯᠡᠳᠡᠭ ᠺᠠᠳᠠᠷ ᠤᠨ ᠡᠩᠨᠡᠭᠡ ᠶᠢ ᠪᠠᠶᠢᠭᠤᠯᠬᠤ ᠬᠡᠷᠡᠭᠳᠡᠢ ᠭᠡᠵᠡᠢ᠃ | ᠪᠠᠢ ᠶᠦᠩ ᠴᠦᠨ ᠴᠢᠬᠤᠯᠠᠴᠢᠯᠠᠬᠤ ᠳᠠᠭᠠᠨ᠂ ᠨᠢᠭᠡ ᠳᠤ᠂ ᠦᠵᠡᠯᠲᠡ ᠲᠠᠨᠢᠯᠳᠠ ᠪᠠᠨ ᠬᠦᠨᠵᠡᠭᠡᠶᠢᠷᠡᠭᠦᠯᠦᠨ᠂ | ︽ᠤᠭ ᠰᠠᠨᠠᠭ᠎ᠠ ᠪᠠᠨ ᠰᠠᠬᠢᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ ᠤᠯᠤᠰ ᠲᠦᠷᠦ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠶᠢᠨ ᠤᠬᠠᠮᠰᠠᠷ ᠢ ᠪᠠᠷᠢᠮᠳᠠᠯᠠᠬᠤ ᠬᠡᠷᠡᠭᠳᠡᠢ᠃ ᠰᠡᠷᠡᠮᠵᠢᠯᠡᠭᠦᠯᠦᠨ ᠬᠦᠮᠦᠵᠢᠬᠦᠯᠬᠦ ᠬᠦᠮᠦᠵᠢᠯ | ᠨᠢ ᠪᠦᠬᠦ ᠲᠠᠯ᠎ᠠ ᠪᠠᠷ ᠨᠠᠮ ᠢ ᠵᠠᠰᠠᠬᠤ ᠰᠢᠨ᠎ᠡ ᠬᠠᠭᠤᠳᠠᠰᠤ᠂ ᠭᠠᠴᠠᠭ᠎ᠠ᠂ ᠨᠡᠶᠢᠭᠡᠮ ᠲᠤᠭᠤᠷᠢᠭ ᠤᠨ ︽ᠬᠤᠶᠠᠷ | ᠵᠦᠪᠯᠡᠯ︾ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠤᠷᠢᠳᠴᠢᠯᠠᠭᠰᠠᠨ ᠪᠠᠳᠤᠯᠠᠭ᠎ᠠ᠂ ︽ᠤᠭ ᠰᠠᠨᠠᠭ᠎ᠠ ᠪᠠᠨ | ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠤᠷᠳᠤ ᠬᠤᠭᠤᠴᠠᠭᠠᠨ ᠤ ᠴᠤᠭᠴᠠᠮᠵᠢ ᠶᠢᠨ | ᠪᠦᠳᠦᠮᠵᠢᠳᠡᠢ ᠠᠷᠭ᠎ᠠ ᠪᠤᠯᠬᠤ ᠶᠤᠮ᠃ ᠬᠤᠶᠠᠷ ᠲᠤ᠂ ᠬᠦᠨᠵᠡᠭᠡᠢ ᠡᠷᠭᠢᠴᠡᠬᠦᠯᠦᠨ ᠪᠤᠳᠤᠯᠬᠢᠯᠠᠵᠦ᠂ ᠠᠷᠢᠭᠤᠨ | ᠴᠢᠭᠡᠴᠢ ᠬᠠᠷᠢᠭᠤᠴᠠᠯᠭ᠎ᠠ ᠲᠠᠢ ᠤᠯᠤᠰ ᠲᠦᠷᠦ ᠶᠢᠨ ᠬᠡᠪ ᠪᠤᠯᠪᠠᠰᠤᠷᠠᠯ ᠢᠶᠠᠨ ᠲᠡᠭᠡᠭᠰᠢᠯᠡᠬᠦᠯᠬᠦ ᠬᠡᠷᠡᠭᠳᠡᠢ᠃ ᠨᠠᠮ ᠤᠨ | ᠬᠡᠰᠢᠬᠦᠨ ᠤᠳᠤᠷᠢᠳᠬᠤ ᠺᠠᠳᠠᠷ ᠤᠨ ᠠᠰᠠᠭᠤᠳᠠᠯ ᠭᠠᠷᠳᠠᠭ ᠨᠢ ᠭᠤᠤᠯᠳᠠᠭᠤ ᠢᠳᠡᠬᠡᠯ ᠪᠢᠰᠢᠷᠡᠯ ᠢᠶᠠᠨ ᠠᠯᠳᠠᠵᠦ᠂ | ᠦᠪᠡᠷ ᠢ ᠪᠠᠨ ᠬᠢᠨᠠᠬᠤ ᠪᠠᠨ ᠪᠤᠯᠢᠵᠦ᠂ ᠵᠠᠰᠠᠭ ᠤᠨ ᠠᠵᠢᠯ ᠤᠨ ᠪᠦᠳᠦᠮᠵᠢ ᠶᠢᠨ ᠤᠬᠠᠮᠰᠠᠷ ᠪᠠᠯᠠᠷᠬᠠᠶᠢᠰᠢᠭᠰᠠᠨ ᠠᠴᠠ | ᠪᠤᠯᠤᠭᠰᠠᠨ ᠶᠤᠮ᠃ ᠨᠠᠮ ᠤᠨ ᠬᠡᠰᠢᠬᠦᠨ ᠺᠠᠳᠠᠷ ᠨᠢ ᠡᠷᠬᠡᠪᠰᠢ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠠᠷ ᠲᠤᠯᠢ | ᠪᠤᠯᠭᠠᠨ ᠭᠦᠨᠵᠡᠭᠡᠢ ᠰᠤᠷᠭᠠᠮᠵᠢ ᠠᠪᠴᠤ᠂ ᠢᠯᠵᠠᠷᠠᠯ ᠢ ᠡᠰᠡᠷᠭᠦᠴᠡᠬᠦ ᠦᠵᠡᠯ ᠰᠠᠨᠠᠭᠠᠨ ᠤ ᠬᠤᠷᠢᠭ᠎ᠠ ᠱᠤᠭᠤᠮ ᠢᠶᠠᠨ | ᠪᠠᠳᠤᠵᠢᠭᠤᠯᠬᠤ ᠬᠡᠷᠡᠭᠳᠡᠢ᠃ ᠭᠤᠷᠪᠠ ᠳᠤ᠂ ᠪᠠᠷᠢᠮᠵᠢᠶ᠎ᠠ ᠶᠤᠰᠤᠭᠠᠷ ᠨᠠᠶᠢᠳᠠᠪᠤᠷᠢᠵᠢᠭᠤᠯᠵᠤ᠂ ᠤᠳᠤᠷᠢᠳᠬᠤ ᠡᠷᠬᠡ᠂ | ᠵᠠᠰᠠᠭ ᠤᠨ ᠠᠵᠢᠯ ᠤᠨ ᠪᠦᠳᠦᠮᠵᠢ ᠪᠠ ᠠᠵᠢᠯ ᠦᠢᠯᠡᠰ ᠤᠨ ᠦᠵᠡᠯᠳᠡ ᠪᠠᠨ ᠰᠠᠶᠢᠵᠢᠷᠠᠭᠤᠯᠬᠤ ᠬᠡᠷᠡᠭᠳᠡᠢ ᠭᠡᠵᠠᠢ᠃ | ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠠᠷᠠᠳ ᠤᠨ ᠰᠢᠬᠦᠬᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠠᠩᠬᠤᠸᠠ ᠠᠵᠤ ᠦᠢᠯᠡᠳᠪᠦᠷᠢ | ᠶᠢᠨ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠬᠠᠷᠢᠶ᠎ᠠ ᠨᠢᠭᠡᠴᠡ ᠪᠠ | ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠠᠮᠢᠶ᠎ᠠ ᠲᠠᠢ | ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | |