ᠪᠠᠷᠠᠭᠤᠨ ᠦᠵᠦᠮᠦᠴᠢᠨ ᠬᠤᠰᠢᠭᠤ ᠭᠠᠴᠠᠭ᠎ᠠ ᠨᠡᠶᠢᠭᠡᠮ ᠲᠤᠭᠤᠷᠢᠭ ᠤᠨ ︽ᠡᠭᠦᠷ ᠵᠥᠪᠯᠡᠯ ︾ ᠤᠨ ᠬᠤᠭᠤᠴᠠᠭ᠎ᠠ | ᠬᠠᠯᠠᠬᠤ ᠠᠵᠢᠯ ᠤᠨ ᠪᠣᠯᠪᠠᠰᠣᠷᠠᠯ ᠤᠨ ᠬᠤᠷᠠᠯ ᠬᠤᠷᠠᠯᠳᠤᠭᠰᠠᠨ | | ᠬᠤᠰᠢᠭᠤ ᠨᠠᠮ ᠤᠨ ᠬᠤᠷᠢᠶᠠᠨ ᠤ ᠨᠢᠭᠡᠳᠦᠯᠳᠡᠢ ᠪᠠᠶᠢᠷᠢᠯᠠᠭᠤᠯᠤᠯᠳᠠ ᠪᠠᠷ 12 ᠰᠠᠷ᠎ᠠ ᠶᠢᠨ 15 ᠤ ᠡᠳᠦᠷ᠂ | ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠨᠢ ᠪᠦᠬᠦ ᠬᠤᠰᠢᠭᠤᠨ ᠤ ᠭᠠᠴᠠᠭ᠎ᠠ᠂ | ᠨᠡᠶᠢᠭᠡᠮ ᠲᠤᠭᠤᠷᠢᠭ ᠤᠨ ︽ᠡᠭᠦᠷ ᠵᠥᠪᠯᠡᠯ︾ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠤᠨ | ᠪᠣᠯᠪᠠᠰᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ | ᠭᠠᠴᠠᠭ᠎ᠠ᠂ ᠨᠡᠶᠢᠭᠡᠮ ᠲᠤᠭᠤᠷᠢᠭ ᠤᠨ ︽ᠡᠭᠦᠷ ᠵᠥᠪᠯᠡᠯ︾ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ | ᠤᠨ ᠵᠤᠷᠢᠭ ᠰᠠᠨᠠᠭ᠎ᠠ ᠪᠠ ︽ᠪᠠᠷᠠᠭᠤᠨ ᠦᠵᠦᠮᠦᠴᠢᠨ ᠬᠤᠰᠢᠭᠤᠨ ᠤ ᠭᠠᠴᠠᠭ᠎ᠠ᠂ ᠨᠡᠶᠢᠭᠡᠮ ᠲᠤᠭᠤᠷᠢᠭ ᠤᠨ ᠡᠭᠦᠷ | ᠵᠥᠪᠯᠡᠯ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ︾ ᠤᠨ ᠲᠦᠰᠦᠯ ᠤᠨ ᠵᠤᠷᠢᠭ ᠰᠠᠨᠠᠭ᠎ᠠ ᠶᠢ | ᠤᠯᠠᠮᠵᠢᠯᠠᠪᠠ᠃ | ᠬᠤᠷᠠᠯ ᠳᠤ ᠪᠥᠬᠦ ᠬᠤᠰᠢᠭᠤᠨ ᠤ ᠭᠠᠴᠠᠭ᠎ᠠ᠂ ᠨᠡᠶᠢᠭᠡᠮ ᠲᠣᠭᠤᠷᠢᠭ ᠤᠨ ︽ᠡᠭᠦᠷ ᠵᠦᠪᠯᠡᠯ︾ ᠤᠨ | ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠲᠣᠮᠳᠠ ᠣᠯᠣᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠦᠨ | ᠂ ᠬᠤᠭᠤᠴᠠᠭ᠎ᠠ ᠬᠠᠯᠠᠬᠤ ᠰᠤᠩᠭᠤᠭᠤᠯᠢ ᠶᠢᠨ ᠡᠮᠦᠨᠡᠬᠢ ᠬᠤᠭᠤᠴᠠᠭᠠᠨ ᠤ ᠵᠢᠷᠭᠤᠭᠠᠨ ᠲᠥᠷᠥᠯ ᠤᠨ ᠰᠠᠭᠤᠷᠢ | ᠪᠤᠯᠬᠤ ᠠᠵᠢᠯ ᠢ ᠰᠠᠶᠢᠳᠣᠷ ᠬᠢᠬᠦ᠂ ᠠᠵᠢᠯ ᠤᠨ ᠵᠠᠷᠴᠢᠮ ᠢ ᠪᠠᠷᠢᠮᠳᠠᠯᠠᠨ ᠬᠤᠭᠤᠴᠠᠭ᠎ᠠ ᠬᠠᠯᠠᠬᠤ ᠰᠣᠩᠭᠤᠭᠤᠯᠢ ᠶᠢᠨ | ᠲᠠᠪᠣᠨ ᠵᠠᠩᠬᠢᠯᠠᠭ᠎ᠠ ᠶᠢᠨ ᠭᠤᠭᠴᠤᠭ᠎ᠠ ᠶᠢ ᠠᠳᠬᠤᠬᠤ᠂ ᠲᠦᠷᠢᠮ ᠤᠨ ᠱᠠᠭᠠᠷᠳᠠᠯᠭ᠎ᠠ ᠶᠢ ᠪᠠᠷᠢᠮᠳᠠᠯᠠᠨ ᠬᠤᠭᠤᠴᠠᠭ᠎ᠠ | ᠬᠠᠯᠠᠬᠤ ᠰᠣᠩᠭᠤᠭᠤᠯᠢ ᠶᠢᠨ ᠲᠤᠯᠤᠭᠠᠨ ᠴᠢᠬᠤᠯᠠ ᠡᠭᠦᠷᠭᠡ ᠶᠢ ᠰᠠᠶᠢᠳᠤᠷ ᠬᠢᠬᠦ ᠵᠡᠷᠬᠡ ᠠᠭᠤᠯᠭ᠎ᠠ ᠶᠢᠨ ᠲᠤᠭᠤᠷᠢᠨ | ᠳᠤ ᠪᠦᠬᠦ ᠲᠠᠯ᠎ᠠ ᠪᠠᠷ ᠨᠠᠷᠢᠯᠢᠭ ᠲᠠᠶᠢᠯᠤᠮᠵᠢ ᠬᠢᠪᠡ ᠃ ᠡᠭᠦᠨ ᠤ ᠬᠠᠮᠳᠦ ᠲᠣᠰ ᠣᠳᠠᠭᠠᠨ ᠤ ᠭᠠᠴᠠᠭ᠎ᠠ᠂ ᠨᠡᠶᠢᠭᠡᠮ | ᠲᠣᠭᠤᠷᠢᠭ ᠤᠨ ᠡᠭᠦᠷ ᠵᠦᠪᠯᠡᠯ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠳᠣᠮᠳᠠᠬᠢ ᠠᠩᠬᠠᠷᠬᠤ ᠵᠦᠢᠯ | ᠢ ᠲᠠᠶᠢᠯᠪᠤᠷᠢᠯᠠᠭᠰᠠᠨ ᠪᠠᠶᠢᠨ᠎ᠠ᠃ | ᠡᠯ᠎ᠡ ᠰᠣᠮᠦ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ᠂ ᠪᠥᠬᠦ ᠬᠤᠰᠢᠭᠤᠨ ᠤ ᠭᠠᠴᠠᠭ᠎ᠠ᠂ | ᠨᠡᠶᠢᠭᠡᠮ ᠲᠣᠭᠤᠷᠢᠭ ᠤᠨ ︽ᠡᠭᠦᠷ ᠵᠦᠪᠯᠡᠯ︾ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢᠨ ᠠᠵᠢᠯ ᠤᠨ | ᠤᠳᠤᠷᠢᠳᠬᠤ ᠲᠤᠭᠤᠶᠢᠯᠠᠩ ᠤᠨ ᠬᠡᠰᠢᠬᠦᠨ ᠪᠠ ᠵᠢᠯᠤᠭᠤᠳᠬᠤ ᠲᠤᠭᠤᠶᠢᠯᠠᠩ ᠤᠨ ᠬᠡᠰᠢᠬᠦᠨ ᠨᠡᠶᠢᠳᠡ 70 ᠭᠠᠷᠤᠢ | ᠬᠦᠮᠦᠨ ᠪᠤᠯᠪᠠᠰᠤᠷᠠᠯ ᠳᠤ ᠣᠷᠣᠯᠴᠠᠪᠠ᠃ |