ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠲᠤᠰᠬᠠᠢ ᠰᠡᠳᠦᠪᠲᠦ  ᠪᠣᠯᠪᠠᠰᠤᠷᠠᠯ  ᠮᠠᠨ ᠤ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2020/12/18
ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠲᠤᠰᠬᠠᠢ ᠰᠡᠳᠦᠪᠲᠦ  ᠪᠣᠯᠪᠠᠰᠤᠷᠠᠯ  ᠮᠠᠨ ᠤ ᠬᠤᠰᠢᠭᠤᠨ ᠳᠤ ᠶᠠᠪᠤᠭᠳᠠᠭᠰᠠᠨ                                                12 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ ᠪᠠᠷᠠᠭᠤᠨ ᠦᠵᠦᠮᠦᠴᠢᠨ ᠬᠤᠰᠢᠭᠤᠨ  ᠳᠤ ᠶᠠᠪᠤᠭᠳᠠᠵᠤ᠂  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠤᠭᠲᠤᠯᠭ᠎ᠠ ᠶᠢᠨ ᠶᠠᠷᠢᠶ᠎ᠠ ᠲᠠᠯᠪᠢᠵᠤ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢ᠂ ᠲᠤᠰᠬᠠᠢ ᠠᠵᠢᠯ ᠤᠨ ᠰᠤᠷᠠᠭ ᠵᠠᠩᠭᠢᠴᠢ ᠵᠡᠷᠭᠡ 50 ᠣᠷᠴᠢᠮ ᠬᠦᠮᠦᠨ ᠪᠣᠯᠪᠠᠰᠤᠷᠠᠯ ᠳᠤ ᠣᠷᠣᠯᠴᠠᠪᠠ᠃    ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢ ᠾᠧᠦ ᠺᠦᠨ ᠪᠣᠯᠪᠠᠰᠤᠷᠠᠯ ᠡᠬᠢᠯᠡᠭᠦᠯᠬᠦ ᠶᠠᠷᠢᠶᠠᠨ ᠳᠠᠭᠠᠨ ᠵᠢᠭᠠᠭᠰᠠᠨ ᠨᠢ᠂ ᠨᠢᠭᠡ ᠵᠢᠯ  ᠤᠨ ᠲᠤᠷᠰᠢ᠂ ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ  ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠯᠪᠠᠨ ᠭᠡᠷ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠬᠦᠴᠦ ᠰᠡᠳᠬᠢᠯ ᠢᠶᠠᠨ ᠨᠢᠭᠡᠳᠬᠡᠨ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠤᠯᠤᠰ ᠲᠥᠷᠥ ᠶᠢᠨ ᠪᠠᠶᠢᠭᠤᠯᠤᠮᠵᠢ ᠶᠢᠨ ᠲᠣᠭᠲᠠᠭᠠᠯᠲᠠ ᠶᠢ ᠲᠣᠪᠣᠶᠢᠯᠭᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠰᠡᠷᠭᠡᠭ ᠴᠢᠨᠠᠷ  ᠢ ᠴᠠᠭ ᠢᠮᠠᠭᠲᠠ ᠪᠠᠷᠢᠮᠲᠠᠯᠠᠵᠤ᠂ ᠦᠵᠡᠯ ᠰᠠᠨᠠᠭᠠᠨ ᠤ ᠪᠣᠯᠪᠠᠰᠤᠷᠠᠯ ᠢᠶᠠᠨ ᠴᠢᠩᠭᠠᠳᠬᠠᠨ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠳᠠᠭᠠᠨ ᠪᠠᠲᠤ ᠦᠨᠡᠨᠴᠢ᠂ ᠠᠷᠢᠭᠤᠨ ᠴᠢᠭᠡᠴᠢ᠂  ᠨᠠᠶᠢᠳᠠᠪᠤᠷᠢᠲᠠᠢ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠲᠡᠮᠦᠷ ᠴᠡᠷᠢᠭ ᠪᠣᠯᠬᠤ ᠪᠠᠷ ᠴᠢᠷᠮᠠᠶᠢᠨ ᠲᠡᠮᠡᠴᠡᠭᠰᠡᠨ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠬᠡᠵᠢᠶᠡᠳᠡ ᠪᠠᠷᠢᠮᠲᠠᠯᠠᠨ᠂ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠵᠤ ᠂ ᠣᠨᠴᠠᠭᠠᠶᠢᠯᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠣᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ︽ᠳᠥᠷᠪᠡᠨ ᠲᠡᠦᠬᠡ︾ ᠶᠢᠨ ᠰᠤᠷᠭᠠᠨ ᠬᠦᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠥᠷᠥ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠣᠪᠣᠶᠢᠯᠭᠠᠨ᠂ ᠤᠯᠤᠰ ᠲᠥᠷᠥ ᠶᠢᠨ ᠲᠡᠦᠬᠡᠨ ᠪᠣᠯᠪᠠᠰᠤᠷᠠᠯ ᠢ ᠴᠢᠩᠭᠠᠳᠬᠠᠵᠤ᠂ ᠪᠠᠶᠢᠯᠳᠤᠭᠠᠨ ᠤ ᠤᠬᠠᠮᠰᠠᠷ ᠢᠶᠠᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠶᠤᠮ᠃ ᠠᠵᠢᠯ ᠤᠨ ᠰᠡᠳᠬᠢᠮᠵᠢ ᠪᠠᠨ ᠤᠯᠠᠮ ᠰᠠᠶᠢᠵᠢᠷᠠᠭᠤᠯᠤᠨ᠂ ᠠᠯᠳᠠᠭ᠎ᠠ ᠳᠤᠲᠠᠭᠳᠠᠯ ᠢᠶᠠᠨ  ᠵᠠᠯᠠᠷᠠᠭᠤᠯᠵᠦ᠂ ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠪᠠ ᠭᠡᠵᠠᠢ᠃     ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠡᠷᠳᠡᠨᠢᠪᠠᠶᠠᠷ ᠪᠠᠭᠰᠢ ᠠᠴᠠ ︽ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠪᠣᠯᠣᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠤᠷᠤᠯᠴᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠵᠦ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠵᠥᠪ ᠣᠶᠢᠯᠠᠭᠠᠬᠤ ᠪᠠ ᠪᠠᠬᠢᠵᠢᠭᠦᠯᠬᠦ᠂ ᠮᠠᠨ ᠤ ᠤᠯᠤᠰ ᠪᠣᠯ ᠣᠯᠠᠨ ᠦᠨᠳᠦᠰᠦᠲᠡᠨ ᠨᠢᠭᠡᠳᠦᠭᠰᠡᠨ ᠤᠯᠤᠰ ᠪᠣᠯᠬᠤ ᠤᠯᠤᠰ ᠤᠨ ᠦᠨᠳᠦᠰᠦᠨ ᠪᠠᠶᠢᠳᠠᠯ ᠢ ᠵᠥᠪ ᠡᠵᠡᠮᠰᠢᠬᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠬᠤ ᠪᠠ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠠᠵᠢᠯᠯᠠᠭ᠎ᠠ ᠶᠢ ᠤᠯᠠᠮ ᠭᠦᠨᠵᠡᠭᠡᠢ ᠥᠷᠨᠢᠭᠦᠯᠬᠦ ᠵᠡᠷᠭᠡ ᠳᠥᠷᠪᠡᠨ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠤ᠂ ᠲᠠᠶᠢᠯᠤᠮᠵᠢ ᠨᠢ ᠴᠢᠩᠭ᠎ᠠ ᠴᠢᠭᠯᠡᠯᠲᠦ ᠴᠢᠨᠠᠷ ᠪᠣᠯᠣᠨ ᠪᠣᠳᠠᠲᠤ ᠬᠡᠷᠡᠭᠴᠡᠭᠡᠲᠦ ᠴᠢᠨᠠᠷ ᠲᠠᠢ ᠪᠠᠶᠢᠵᠤ᠂ ᠪᠣᠯᠪᠠᠰᠤᠷᠠᠯ ᠳᠤ ᠣᠷᠣᠯᠴᠠᠭᠰᠠᠨ ᠨᠥᠬᠦᠳ  ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠪᠠᠬᠢᠵᠢᠭᠦᠯᠬᠦ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃      ᠲᠤᠰ ᠤᠳᠠᠭᠠᠨ ᠤ ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠭᠰᠡᠨ ᠬᠠᠷᠠᠯᠲᠠ ᠪᠣᠯ ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠦᠵᠡᠯ ᠰᠠᠨᠠᠭ᠎ᠠ ᠶᠢ ᠤᠯᠠᠮ ᠨᠢᠭᠡᠳᠬᠡᠨ᠂  ᠦᠵᠡᠯᠲᠡ ᠲᠠᠨᠢᠯᠲᠠ ᠶᠢ ᠨᠢ ᠤᠯᠠᠮ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠶᠡᠷᠦᠩᠬᠡᠢ ᠱᠠᠭᠠᠷᠳᠠᠯᠭ᠎ᠠ ᠪᠣᠯᠣᠨ ᠪᠦᠬᠦ ᠠᠶᠢᠮᠠᠭ ᠤᠨ ᠰᠦᠯᠵᠢᠶᠡᠨ ᠤ ᠠᠮᠤᠷ ᠳᠥᠪᠰᠢᠨ ᠪᠠ ᠮᠡᠳᠡᠭᠡ ᠵᠠᠩᠭᠢᠴᠢᠯᠠᠯᠲᠠ  ᠶᠢᠨ ᠠᠵᠢᠯ ᠦᠢᠯᠡᠰ ᠤᠨ ᠴᠢᠨᠠᠷᠯᠢᠭ ᠬᠥᠭᠵᠢᠯᠲᠡ ᠲᠠᠢ ᠨᠢᠭᠲᠠ ᠤᠶᠠᠯᠳᠤᠭᠤᠯᠤᠨ᠂ ᠬᠠᠮᠲᠤᠪᠠᠷ ᠳᠠᠪᠰᠢᠬᠤ ᠶᠠᠪᠤᠳᠠᠯ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号