ᠮᠠᠨ ᠤ ᠬᠤᠰᠢᠭᠤ ᠢᠨᠲ᠋ᠧᠷ ᠰᠦᠯᠵᠢᠶᠡᠨ ᠤ ᠠᠷᠠᠯᠵᠢᠶ᠎ᠠ ᠬᠤᠳᠠᠯᠳᠣᠭᠠᠨ ᠤ  ᠰᠣᠷᠭᠠᠭᠤᠯᠢ ᠶᠢᠨ ᠡᠬᠢᠯᠡᠯᠳᠡ  ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2020/12/18
    ᠮᠠᠨ ᠤ ᠬᠤᠰᠢᠭᠤ ᠢᠨᠲ᠋ᠧᠷ ᠰᠦᠯᠵᠢᠶᠡᠨ ᠤ ᠠᠷᠠᠯᠵᠢᠶ᠎ᠠ ᠬᠤᠳᠠᠯᠳᠣᠭᠠᠨ ᠤ ᠰᠣᠷᠭᠠᠭᠤᠯᠢ ᠶᠢᠨ ᠡᠬᠢᠯᠡᠯᠳᠡ ᠶᠢᠨ ᠬᠤᠷᠠᠯ ᠬᠤᠷᠠᠯᠳᠤᠪᠠ    12 ᠰᠠᠷ᠎ᠠ ᠶᠢᠨ 15 ᠤ ᠡᠳᠦᠷ ᠮᠠᠨ ᠤ  ᠬᠤᠰᠢᠭᠤ ᠢᠨᠲ᠋ᠧᠷ ᠰᠦᠯᠵᠢᠶᠡᠨ ᠤ ᠠᠷᠠᠯᠵᠢᠶ᠎ᠠ ᠬᠤᠳᠠᠯᠳᠣᠭᠠᠨ ᠤ ᠰᠣᠷᠭᠠᠭᠤᠯᠢ ᠶᠢᠨ ᠡᠬᠢᠯᠡᠯᠳᠡ ᠶᠢᠨ ᠬᠤᠷᠠᠯ ᠬᠤᠷᠠᠯᠳᠤᠵᠤ᠂ ᠫᠠᠶᠢᠰᠠ ᠰᠡᠬᠦᠬᠦ ᠶᠣᠰᠣᠯᠠᠯ  ᠶᠠᠪᠤᠭᠳᠠᠭᠤᠯᠵᠤ᠂ ᠪᠠᠷᠠᠭᠤᠨ ᠦᠵᠦᠮᠦᠴᠢᠨ ᠢᠨᠲ᠋ᠧᠷ ᠰᠦᠯᠵᠢᠶᠡᠨ ᠤ ᠠᠷᠠᠯᠵᠢᠶ᠎ᠠ ᠬᠤᠳᠠᠯᠳᠣᠭᠠᠨ ᠤ ᠰᠣᠷᠭᠠᠭᠤᠯᠢ  ᠵᠢᠩᠬᠢᠨᠢ ᠪᠠᠷ  ᠡᠬᠢᠯᠡᠭᠰᠡᠨ ᠪᠠᠶᠢᠨ᠎ᠠ᠃    ᠡᠬᠢᠯᠡᠯᠳᠡ ᠶᠢᠨ ᠬᠤᠷᠠᠯ ᠳᠤ᠂ ᠬᠤᠰᠢᠭᠤ ᠦᠢᠯᠡᠳᠪᠣᠷᠢ ᠬᠤᠳᠠᠯᠳᠣᠭᠠᠨ ᠤ ᠬᠤᠯᠪᠣᠭ᠎ᠠ ᠪᠣᠯᠣᠨ ᠵᠧᠵᠢᠶᠠᠩ ᠮᠣᠵᠢ ᠶᠢᠨ ᠥᠪᠦᠷ ᠮᠣᠩᠭᠤᠯ ᠤᠨ ᠬᠤᠳᠠᠯᠳᠣᠭᠠᠨ ᠤ ᠡᠪᠯᠡᠯ ᠲᠠᠢ ᠨᠦᠬᠦᠷᠰᠡᠭ ᠢᠶᠠᠷ ᠬᠠᠮᠳᠣᠷᠠᠨ ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠣᠵᠦ᠂ ᠵᠧᠵᠢᠶᠠᠩ ᠮᠣᠵᠢ ᠶᠢᠨ ᠥᠪᠦᠷ ᠮᠣᠩᠭᠤᠯ ᠤᠨ ᠬᠤᠳᠠᠯᠳᠣᠭᠠᠨ ᠤ ᠡᠪᠯᠡᠯ ᠤᠨ ᠲᠡᠳ᠋ ᠲᠠᠷᠤᠭ᠎ᠠ ᠬᠤ᠋  ᠡᠾᠧ ᠫᠢᠩ ︽ᠰᠣᠷᠣᠯᠴᠠᠯᠭ᠎ᠠ ᠶᠢᠨ ᠵᠣᠬᠢᠶᠠᠨ  ᠪᠠᠶᠢᠭᠤᠯᠣᠯᠳᠠ ᠶᠢ ᠪᠠᠶᠢᠭᠤᠯᠣᠨ᠂ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ︾  ᠭᠤᠤᠯ ᠰᠡᠳᠦᠪ ᠤᠨ ᠲᠤᠭᠤᠷᠢᠨ ᠳᠤ  ᠂  ᠰᠤᠷᠤᠯᠴᠠᠯᠭ᠎ᠠ ᠶᠢᠨ ᠵᠣᠬᠢᠶᠠᠨ ᠪᠠᠶᠢᠭᠤᠯᠣᠯᠳᠠ ᠶᠢᠨ ᠠᠴᠢ ᠬᠤᠯᠪᠣᠭᠳᠠᠯ᠂ ᠲᠣᠭᠳᠠᠴᠠ᠂ ᠰᠦᠯᠵᠢᠶᠠᠨ ᠰᠣᠷᠣᠯᠴᠠᠯᠭ᠎ᠠ ᠶᠢᠨ ᠬᠡᠷᠡᠭᠯᠡᠯᠳᠡ  ᠵᠢᠴᠢ ᠦᠷ᠎ᠡ ᠪᠦᠳᠦᠮᠵᠢ ᠶᠢᠨ  ᠵᠡᠷᠭᠡ ᠲᠠᠯ᠎ᠠ ᠪᠠᠷ  ᠳᠠᠶᠢᠯᠤᠮᠵᠢ ᠬᠢᠵᠠᠢ᠃     ᠬᠤᠷᠠᠯ ᠳᠤ᠂ ᠵᠧᠵᠢᠶᠠᠩ ᠮᠣᠵᠢ ᠶᠢᠨ ᠥᠪᠦᠷ ᠮᠣᠩᠭᠤᠯ ᠤᠨ ᠬᠤᠳᠠᠯᠳᠣᠭᠠᠨ ᠤ ᠡᠪᠯᠡᠯ ᠤᠨ ᠲᠡᠳ᠋ ᠲᠠᠷᠤᠭ᠎ᠠ ᠬᠤ᠋  ᠡᠾᠧ ᠫᠢᠩ᠂ ᠵᠧᠵᠢᠶᠠᠩ‌ᠮᠣᠵᠢ ᠶᠢᠨ ᠥᠪᠦᠷ ᠮᠣᠩᠭᠤᠯ ᠤᠨ ᠬᠤᠳᠠᠯᠳᠣᠭᠠᠨ ᠤ ᠡᠪᠯᠡᠯ ᠤᠨ ᠪᠠᠭᠰᠢ ᠱᠢ ᠢᠩ᠂ ᠬᠤᠰᠢᠭᠤ ᠦᠢᠯᠡᠳᠪᠣᠷᠢ ᠬᠤᠳᠠᠯᠳᠣᠭᠠᠨ ᠤ ᠬᠤᠯᠪᠣᠭ᠎ᠠ   ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ   ᠤᠨ ᠡᠵᠡᠩᠨᠡᠭᠴᠢᠳ᠂  ᠬᠤᠳᠠᠯᠳᠤᠭᠠᠨ ᠤ ᠨᠡᠶᠢᠭᠡᠮᠯᠢᠭ᠂ ᠬᠤᠪᠢ ᠶᠢᠨ ᠦᠢᠯᠡᠳᠪᠣᠷᠢ ᠬᠤᠳᠠᠯᠳᠣᠭᠠᠨ ᠤ ᠡᠷᠦᠬᠡ ᠵᠡᠷᠭᠡ 50 ᠭᠠᠷᠣᠢ ᠬᠦᠮᠦᠨ ᠣᠷᠣᠯᠴᠠᠵᠠᠢ᠃     ᠪᠠᠷᠠᠭᠤᠨ ᠦᠵᠦᠮᠦᠴᠢᠨ ᠢᠨᠲ᠋ᠧᠷ ᠰᠦᠯᠵᠢᠶᠡᠨ ᠤ ᠠᠷᠠᠯᠵᠢᠶ᠎ᠠ ᠬᠤᠳᠠᠯᠳᠣᠭᠠᠨ ᠤ ᠰᠣᠷᠭᠠᠭᠤᠯᠢ   ᠶᠢᠨ ᠪᠠᠶᠢᠭᠤᠯᠤᠯᠳᠠ ᠨᠢ ᠠᠷᠠᠳ ᠠᠴᠠ ᠡᠵᠡᠩᠨᠡᠭᠰᠡᠨ ᠠᠵᠦ ᠠᠬᠤᠶᠢᠯᠠᠯ   ᠳᠤ  ᠪᠡᠯᠡ ᠨᠡᠶᠢᠯᠡᠭᠦᠯᠬᠦ ᠡᠬᠢ ᠰᠣᠷᠪᠣᠯᠵᠢ ᠶᠢ ᠬᠠᠩᠭᠠᠨ᠂  ᠰᠢᠨ᠎ᠡ ᠴᠠᠭ ᠦᠶ᠎ᠡ ᠶᠢᠨ ᠦᠢᠯᠡᠳᠪᠣᠷᠢ ᠬᠤᠳᠠᠯᠳᠣᠭᠠᠨ ᠤ ᠬᠤᠯᠪᠣᠭ᠎ᠠ ᠶᠢᠨ ᠠᠵᠢᠯ ᠤᠨ ᠪᠠᠶᠢᠭᠤᠯᠣᠯᠳᠠ  ᠶᠢ ᠴᠢᠩᠭᠠᠳᠬᠠᠨ᠂ ᠦᠢᠯᠡᠴᠢᠯᠡᠭᠡᠨ ᠤ  ᠴᠢᠳᠠᠪᠣᠷᠢ ᠶᠢ ᠬᠦᠴᠦᠯᠡᠨ ᠲᠡᠭᠡᠭᠰᠢᠯᠡᠭᠦᠯᠵᠦ᠂ ᠬᠠᠮᠳᠣᠪᠡᠷ ᠪᠠᠶᠢᠭᠤᠯᠣᠨ ᠬᠠᠮᠲᠦ ᠪᠠᠷ ᠡᠳ᠋ᠯᠡᠵᠦ  ᠪᠦᠬᠦ ᠬᠤᠰᠢᠭᠤᠨ ᠤ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠣᠯᠣᠨ᠎ᠠ᠃ ᠡᠯ᠎ᠡ ᠠᠵᠦ ᠠᠬᠤᠶᠢᠯᠠᠯ ᠳᠤ  ᠬᠠᠮᠳᠣᠷᠠᠯᠴᠠᠭᠠᠨ ᠤ ᠲᠠᠪᠴᠠᠩ  ᠡᠭᠦᠳᠦᠨ ᠦᠭᠴᠦ᠂ ᠡᠬᠢ ᠪᠠᠶᠠᠯᠢᠭ ᠢ ᠬᠠᠮᠲᠦ ᠪᠠᠷ ᠡᠳ᠋ᠯᠡᠬᠦ᠂ ᠮᠡᠳᠡᠭᠡ ᠵᠠᠩᠬᠢ ᠶᠢ ᠬᠠᠮᠳᠣᠪᠡᠷ ᠡᠳ᠋ᠯᠡᠭ᠊ ‍ᠤ᠋᠂ ᠬᠦᠭᠵᠢᠯᠳᠡ   ᠶᠢᠨ ᠠᠵᠠ ᠲᠤᠬᠢᠶᠠᠯ ᠢ ᠬᠠᠮᠳᠣᠪᠡᠷ ᠡᠳ᠋ᠯᠡᠬᠦ ᠶᠢ  ᠪᠡᠶᠡᠯᠡᠬᠦᠯᠵᠤ᠂ ᠵᠧᠵᠢᠶᠠᠩ ᠮᠣᠵᠢ ᠶᠢᠨ ᠠᠵᠦ ᠠᠬᠤᠶᠢᠯᠠᠯ ᠤᠨ ᠲᠣᠷᠰᠢᠯᠭ᠎ᠠ᠂ ᠬᠤᠳᠠᠯᠳᠣᠭᠠᠨ ᠤ ᠵᠣᠷᠢᠭ ᠰᠠᠨᠠᠭ᠎ᠠ᠂  ᠮᠡᠷᠭᠡᠵᠢᠯ ᠵᠢᠴᠢ ᠴᠢᠳᠠᠪᠣᠷᠢᠳᠠᠨ ᠢ ᠪᠠᠷᠠᠭᠤᠨ ᠦᠵᠦᠮᠦᠴᠢᠨ  ᠬᠤᠰᠢᠭᠤᠨ ᠳᠤ  ᠤᠷᠢᠨ ᠤᠷᠤᠭᠤᠯᠬᠤ ᠪᠤᠯᠤᠨ᠎ᠠ᠃ ᠪᠠᠰᠠ᠂ ᠬᠤᠰᠢᠭᠤᠨ ᠤ ᠣᠨᠴᠠᠯᠢᠭ ᠪᠦᠬᠦᠢ ᠪᠦᠳᠦᠭᠡᠭᠳᠡᠬᠦᠨ ᠢ ᠵᠧᠵᠢᠶᠠᠩ ᠮᠤᠵᠢ   ᠳᠤ ᠭᠠᠷᠭᠠᠨ᠂ ᠬᠦᠬᠡᠮᠦᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠳᠤ ᠲᠠᠨᠢᠯᠴᠠᠭᠤᠯᠣᠨ᠂  ᠪᠦᠬᠦ ᠬᠤᠰᠢᠭᠤᠨ ᠤ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠡᠯᠪᠡᠷᠢ ᠶᠢᠨ ᠬᠤᠪᠢᠷᠠᠯᠳᠠ ᠶᠢ ᠦᠷᠭᠡᠳᠬᠡᠨ᠂  ᠪᠤᠬᠢᠷᠳᠤᠯ ᠦᠬᠡᠢ ᠬᠦᠭᠵᠢᠯᠳᠡ ᠪᠠᠷ ᠣᠳᠣᠷᠢᠳᠣᠮᠵᠢ ᠪᠣᠯᠭᠠᠨ ᠦᠵᠡᠰᠭᠦᠯᠡᠩᠲᠦ ᠰᠠᠶᠢᠬᠠᠨ ᠪᠠᠷᠠᠭᠤᠨ ᠦᠵᠦᠮᠦᠴᠢᠨ ᠢ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠪᠤᠯᠤᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号