ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠬᠤᠶᠠᠳᠣᠭᠠᠷ ᠲᠤᠭᠤᠷᠢᠨ ᠪᠠᠶᠢᠴᠠᠭᠠᠬᠤ | ᠲᠤᠭᠤᠶᠢᠯᠠᠩ ᠲᠤᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ | | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠢᠬᠡᠳᠣᠯᠳᠠᠢ ᠪᠠᠶᠢᠷᠢᠯᠠᠭᠤᠯᠤᠯᠳᠠ ᠶᠤᠰᠣᠭᠠᠷ᠂ | 8 ᠰᠠᠷ᠎ᠡ ᠶᠢᠨ 27 — 10 ᠰᠠᠷ᠎ᠡ ᠶᠢᠨ 23 ᠤ ᠡᠳᠦᠷ ᠪᠤᠯᠳᠠᠯ᠎ᠠ᠂ ᠬᠤᠰᠢᠭᠤ ᠨᠠᠮ ᠤᠨ ᠬᠤᠷᠢᠶᠠᠨ ᠤ | ᠬᠤᠶᠠᠳᠣᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠬᠦᠬᠦ | ᠬᠤᠷᠢᠶ᠎ᠠ᠂ ᠬᠤᠳᠠᠯᠳᠣᠭᠠᠨ ᠤ ᠶᠠᠪᠤᠳᠠᠯ ᠤᠨ ᠲᠤᠪᠴᠢᠶ᠎ᠠ᠂ ᠡᠮᠴᠢᠯᠠᠬᠡᠨ ᠤ ᠲᠤᠪᠴᠢᠶ᠎ᠠ ᠪᠤᠯᠤᠨ ᠴᠡᠷᠢᠭ ᠠᠴᠠ | ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶᠠᠨ ᠤ ᠨᠠᠮ ᠤᠨ ᠲᠤᠭᠤᠶᠢᠯᠠᠩ ᠳᠤ ᠲᠤᠭᠤᠷᠢᠨ ᠪᠠᠶᠢᠴᠠᠭᠠᠯᠳᠠ | ᠦᠷᠨᠢᠬᠦᠯᠦᠭᠰᠠᠨ ᠪᠠᠶᠢᠨ᠎ᠠ᠃12 ᠰᠠᠷ᠎ᠡ ᠶᠢᠨ18 ᠤ ᠡᠳᠦᠷ᠂ ᠬᠤᠰᠢᠭᠤ ᠨᠠᠮ ᠤᠨ ᠬᠤᠷᠢᠶᠠᠨ ᠤ ᠬᠤᠶᠠᠳᠣᠭᠠᠷ | ᠲᠤᠭᠤᠷᠢᠨ ᠪᠠᠶᠢᠴᠠᠭᠠᠬᠤ ᠲᠤᠭᠤᠶᠢᠯᠠᠩ ᠠᠷᠠᠳ ᠤᠨ ᠰᠢᠬᠦᠬᠦ ᠬᠤᠷᠢᠶ᠎ᠠ᠂ ᠬᠤᠳᠠᠯᠳᠣᠭᠠᠨ ᠤ ᠶᠠᠪᠤᠳᠠᠯ ᠤᠨ | ᠲᠤᠪᠴᠢᠶ᠎ᠠ᠂ ᠡᠮᠴᠢᠯᠠᠬᠡᠨ ᠤ ᠲᠤᠪᠴᠢᠶ᠎ᠠ ᠪᠤᠯᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶᠠᠨ | ᠤ ᠨᠠᠮ ᠤᠨ ᠲᠤᠭᠤᠶᠢᠯᠠᠩ ᠤᠨ ᠲᠤᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠣᠪᠠ᠃ | | ᠬᠤᠰᠢᠭᠤ ᠨᠠᠮ ᠤᠨ ᠬᠤᠷᠢᠶᠠᠨ ᠤ ᠬᠤᠶᠠᠳᠣᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠷᠤᠭᠠ ᠬᠤᠸᠠᠩ | ᡁᠢ ᠮᠢᠨ ᠠᠴᠠ ᠬᠤᠰᠢᠭᠤ ᠠᠷᠠᠳ ᠤᠨ ᠰᠢᠬᠦᠬᠦ ᠬᠤᠷᠢᠶ᠎ᠠ᠂ ᠬᠤᠳᠠᠯᠳᠣᠭᠠᠨ ᠤ ᠶᠠᠪᠤᠳᠠᠯ ᠤᠨ ᠲᠤᠪᠴᠢᠶ᠎ᠠ᠂ | ᠡᠮᠴᠢᠯᠠᠬᠡᠨ ᠤ ᠲᠤᠪᠴᠢᠶ᠎ᠠ ᠪᠤᠯᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶᠠᠨ ᠤ ᠨᠠᠮ ᠤᠨ | ᠲᠤᠭᠤᠶᠢᠯᠠᠩ ᠤᠨ ᠲᠤᠭᠤᠷᠢᠨ ᠪᠠᠶᠢᠴᠠᠭᠠᠯᠳᠠ ᠲᠤᠮᠳᠠ ᠢᠯᠠᠷᠡᠬᠦᠯᠦᠭᠰᠠᠨ ᠠᠰᠠᠭᠤᠳᠠᠯ ᠪᠤᠯᠤᠨ ᠭᠦᠷᠦᠯᠴᠠᠬᠦ ᠦᠭᠡᠢ | ᠵᠦᠢᠯᠠᠰ ᠢ ᠪᠦᠬᠦ ᠲᠠᠯ᠎ᠠ ᠪᠠᠷ ᠲᠤᠰᠬᠠᠭᠰᠠᠨ ᠤ ᠬᠠᠮᠳᠣ᠂ ᠨᠠᠷᠢᠨ ᠲᠤᠳᠣᠷᠬᠠᠢ ᠵᠠᠰᠠᠨ ᠴᠡᠭᠴᠡᠯᠠᠬᠦ ᠰᠠᠨᠠᠯ ᠰᠠᠨᠠᠭᠤᠯᠭ᠎ᠠ | ᠲᠤᠷᠠᠳᠪᠠ᠃ | ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠤᠳᠣᠷᠢᠳᠬᠤ ᠲᠤᠭᠤᠶᠢᠯᠠᠩ ᠠᠴᠠ ᠲᠤᠭᠤᠷᠢᠨ | ᠪᠠᠶᠢᠴᠠᠭᠠᠭᠳᠠᠭᠰᠠᠨ ᠪᠠᠶᠢᠭᠤᠯᠭ᠎ᠠ ᠨᠢᠬᠡᠴᠠ ᠨᠢ ᠰᠢᠨ᠎ᠠ ᠪᠠᠶᠢᠳᠠᠯ ᠲᠤᠤᠷᠠᠬᠢ ᠲᠤᠭᠤᠷᠢᠨ ᠪᠠᠶᠢᠴᠠᠭᠠᠬᠤ ᠠᠵᠢᠯ ᠤᠨ | ᠴᠢᠬᠤᠯᠠ ᠴᠢᠨᠠᠷ ᠪᠤᠯᠤᠨ ᠵᠠᠰᠠᠨ ᠴᠡᠭᠴᠡᠯᠠᠯᠳᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠬᠡᠢ ᠲᠠᠨᠢᠵᠦ᠂ ᠤᠯᠤᠰ | ᠲᠦᠷᠦ ᠶᠢᠨ ᠵᠤᠭᠰᠣᠴᠠ ᠪᠠᠨ ᠲᠡᠭᠡᠭᠰᠢᠯᠠᠬᠦᠯᠦᠨ᠂ ᠬᠡᠪ ᠰᠣᠷᠳᠠᠯ ᠢᠶᠠᠨ ᠲᠦᠪ ᠪᠤᠯᠭᠠᠵᠦ᠂ ᠬᠤᠰᠢᠭᠤ ᠨᠠᠮ ᠤᠨ | ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ ᠠᠴᠠ ᠬᠠᠷᠢᠭᠤ ᠲᠤᠰᠬᠠᠭᠰᠠᠨ ᠰᠠᠨᠠᠯ ᠢ ᠭᠦᠨᠳᠣᠳᠬᠡᠨ | ᠦᠵᠡᠵᠦ᠂ ᠵᠠᠰᠠᠨ ᠴᠡᠭᠴᠡᠯᠠᠬᠦ ᠠᠷᠭ᠎ᠠ ᠠᠪᠴᠠᠯ ᠢ ᠰᠣᠳᠣᠯᠤᠨ ᠲᠤᠭᠳᠠᠭᠠᠨ᠂ ᠠᠵᠢᠯ ᠡᠭᠦᠷᠬᠡ ᠳᠤ ᠨᠠᠷᠢᠯᠢᠭ | ᠬᠤᠪᠢᠶᠠᠷᠢᠯᠠᠯᠳᠠ ᠬᠢᠵᠦ᠂ ᠬᠠᠷᠢᠭᠤ ᠲᠤᠰᠬᠠᠭᠰᠠᠨ ᠠᠰᠠᠭᠤᠳᠠᠯ ᠪᠦᠬᠦᠨ ᠢ ᠵᠠᠰᠠᠨ ᠴᠡᠭᠴᠡᠯᠠᠬᠦ ᠶᠢ ᠪᠠᠳᠣᠯᠠᠬᠤ | ᠬᠡᠷᠡᠭᠳᠠᠢ ᠬᠡᠵᠡᠢ᠃ | ᠲᠤᠭᠤᠷᠢᠨ ᠪᠠᠶᠢᠴᠠᠭᠠᠭᠳᠠᠭᠰᠠᠨ ᠪᠠᠶᠢᠭᠤᠯᠭ᠎ᠠ ᠨᠢᠬᠡᠴᠠ ᠶᠢᠨ ᠨᠠᠮ ᠤᠨ ᠲᠤᠭᠤᠶᠢᠯᠠᠩ ᠤᠨ ᠬᠠᠷᠢᠭᠤᠴᠠᠯᠭᠠᠳᠠᠨ | ᠠᠴᠠ ᠤᠪᠤᠷ ᠢᠶᠠᠨ ᠢᠯᠠᠳᠬᠡᠬᠦ ᠶᠠᠷᠢᠶ᠎ᠠ ᠬᠢᠵᠦ᠂ ᠦᠵᠡᠯᠳᠠ ᠲᠠᠨᠢᠯᠳᠠ ᠪᠠᠨ ᠨᠢᠬᠡᠳᠬᠡᠨ᠂ ᠬᠠᠷᠢᠭᠤ ᠲᠤᠰᠬᠠᠭᠰᠠᠨ | ᠠᠰᠠᠭᠤᠳᠠᠯ ᠢ ᠵᠠᠰᠠᠨ ᠴᠡᠭᠴᠡᠯᠠᠬᠦ ᠤᠬᠠᠮᠰᠠᠷ ᠢᠶᠠᠨ ᠲᠡᠭᠡᠭᠰᠢᠯᠠᠬᠦᠯᠵᠦ᠂ ᠠᠰᠠᠭᠤᠳᠠᠯ ᠢᠶᠠᠷ ᠤᠳᠣᠷᠢᠳᠣᠮᠵᠢ ᠪᠤᠯᠭᠠᠨ᠂ | ᠲᠠᠷᠤᠶᠢᠬᠠᠨ ᠵᠠᠰᠠᠨ ᠴᠡᠭᠴᠡᠯᠠᠯᠳᠠ ᠬᠢᠵᠦ᠂ ᠵᠠᠰᠠᠨ ᠴᠡᠭᠴᠡᠯᠠᠯᠳᠠ ᠶᠢᠨ ᠴᠢᠭᠯᠡᠯᠳᠦ ᠴᠢᠨᠠᠷ ᠪᠤᠯᠤᠨ ᠦᠷ᠎ᠠ | ᠪᠦᠳᠦᠮᠵᠢᠳᠦ ᠴᠢᠨᠠᠷ ᠢ ᠲᠡᠭᠡᠭᠰᠢᠯᠠᠬᠦᠯᠬᠦ ᠬᠡᠷᠡᠭᠳᠠᠢ᠃ ᠡᠯ᠎ᠠ ᠲᠦᠷᠦᠯ ᠤᠨ ᠡᠭᠦᠷᠬᠡ ᠬᠠᠷᠢᠭᠤᠴᠠᠯᠭ᠎ᠠ ᠶᠢ ᠴᠢᠩᠭ᠎ᠠ | ᠦᠢᠯᠠᠳᠣᠯᠬᠡᠵᠢᠬᠦᠯᠵᠦ᠂ ᠦᠨᠠᠨ ᠠᠴᠠ ᠵᠦᠪ ᠢ ᠡᠷᠢᠬᠦ ᠠᠵᠢᠯ ᠤᠨ ᠤᠪᠤᠷ ᠰᠣᠷᠳᠠᠯ ᠢᠶᠠᠷ ᠯᠠᠪᠳᠠᠭᠤᠨ ᠪᠠᠳᠣᠳᠠᠢ | ᠵᠠᠰᠠᠨ ᠴᠡᠭᠴᠡᠯᠠᠯᠳᠠ ᠬᠢᠵᠦ᠂ ᠨᠠᠮ ᠪᠤᠯᠤᠨ ᠠᠷᠡᠳ ᠲᠦᠮᠠᠨ ᠤ ᠬᠢᠨᠠᠯᠳᠠ ᠶᠢ ᠬᠦᠯᠢᠶᠠᠬᠦ ᠬᠡᠷᠡᠭᠳᠠᠢ ᠬᠡᠵᠡᠢ᠃ | |