ᠬᠤᠰᠢᠭᠤ ᠨᠠᠮ ᠤᠨ ᠬᠤᠷᠢᠶᠠᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/21
            ᠬᠤᠰᠢᠭᠤ ᠨᠠᠮ ᠤᠨ ᠬᠤᠷᠢᠶᠠᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠬᠤᠷᠠᠯᠳᠤᠪᠠ                                     12 ᠰᠠᠷ᠎ᠠ ᠶᠢᠨ 18 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠠᠵᠢᠯ ᠤᠨ ᠴᠢᠬᠤᠯᠠ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠪᠦᠬᠦ ᠬᠤᠰᠢᠭᠤᠨ ᠤ ᠣᠶᠢᠷ᠎ᠡ ᠶᠢᠨ ᠬᠡᠳᠦᠨ ᠵᠢᠯ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠳ᠋ᠦᠩᠨᠡᠨ᠂ ᠲᠠᠷᠠᠭᠠᠴᠢ ᠶᠢᠨ ᠰᠢᠨ᠎ᠡ ᠴᠠᠭ ᠦᠶ᠎ᠡ ᠶᠢᠨ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠣᠨ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠲᠤᠰᠠᠳᠠ᠂ ᠬᠤᠰᠢᠭᠤ ᠨᠠᠮ ᠤᠨ ᠬᠤᠷᠢᠶᠠᠨ  ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠬᠤᠷᠠᠯᠳᠣᠪᠠ᠃
  ᠬᠤᠷᠠᠯ ᠳᠤ᠂ ᠬᠤᠰᠢᠭᠤ ᠲᠦᠷᠪᠡᠨ ᠶᠡᠭᠡ ᠣᠳᠣᠷᠢᠳᠬᠤ ᠪᠠᠭ᠂ ᠠᠷᠠᠳ ᠤᠨ ᠰᠢᠬᠦᠬᠦ ᠬᠤᠷᠢᠶᠠᠨ ᠤ ᠲᠠᠷᠤᠭ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠲᠠᠷᠤᠭ᠎ᠠ᠂ ᠡᠯ᠎ᠡ ᠰᠣᠮᠣ ᠪᠠᠯᠭᠠᠰᠣᠨ ᠤ ᠬᠠᠷᠢᠭᠤᠴᠠᠯᠭᠠᠳᠠᠨ᠂ ᠠᠶᠢᠮᠠᠭ᠂ ᠬᠤᠰᠢᠭᠤ ᠲᠡᠰ ᠤᠨ ᠣᠯᠣᠰ ᠲᠦᠷᠦ ᠶᠢᠨ ᠵᠦᠪᠯᠡᠯᠭᠡᠨ ᠤ ᠲᠦᠯᠦᠭᠡᠯᠡᠭᠴᠢ ᠪᠤᠯᠤᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠳᠠᠨ ᠤᠷᠤᠯᠴᠠᠭᠰᠠᠨ ᠪᠠᠶᠢᠨ᠎ᠠ᠃
  ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠦᠩ ᠴᠦᠨ ᠪᠦᠬᠦ ᠬᠤᠰᠢᠭᠤᠨ ᠤ ᠣᠶᠢᠷ᠎ᠠ ᠶᠢᠨ ᠬᠡᠳᠦᠨ ᠵᠢᠯ  ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠦᠷ᠎ᠡ ᠪᠦᠳᠦᠮᠵᠢ ᠶᠢ ᠡᠷᠬᠢᠴᠡᠭᠦᠯᠦᠨ᠂ ᠣᠯᠣᠰ ᠲᠦᠷᠦ ᠶᠢᠨ ᠵᠦᠪᠯᠡᠯᠭᠡᠨ ᠤ ᠠᠵᠢᠯ ᠢ  ᠴᠢᠩᠭᠠᠳᠬᠠᠨ ᠰᠠᠶᠢᠵᠢᠷᠠᠭᠤᠯᠬᠤ ᠳᠤ ᠱᠠᠭᠠᠷᠳᠠᠯᠭ᠎ᠠ ᠲᠣᠷᠠᠳᠴᠠᠢ᠃ ᠲᠡᠷᠡ ᠱᠠᠭᠠᠷᠳᠠᠬᠤ   ᠳᠠᠭᠠᠨ᠂ ᠣᠶᠢᠷ᠎ᠠ ᠶᠢᠨ ᠵᠢᠯ ᠠᠴᠠ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠣᠳᠣᠷᠢᠳᠣᠯᠭ᠎ᠠ ᠲᠣᠣᠷ᠎ᠠ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠪᠠ ᠦᠷᠭᠡᠨ ᠣᠯᠠᠨ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ  ᠠᠴᠠ ᠡᠬᠡ ᠣᠷᠣᠨᠴᠢ ᠦᠵᠡᠯ᠂ ᠨᠡᠶᠢᠬᠡᠮ ᠵᠢᠷᠣᠮ ᠤᠨ ᠲᠤᠭ ᠢ ᠦᠨᠳᠦᠷ ᠮᠠᠨᠳᠣᠭᠤᠯᠵᠦ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠲᠦ ᠡᠵᠡᠮᠰᠢᠨ᠂ ᠣᠯᠣᠰ  ᠲᠦᠷᠦ ᠶᠢᠨ ᠵᠦᠪᠯᠡᠯᠭᠡ ᠭᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠵᠠᠰᠠᠭ ᠤᠨ ᠶᠠᠪᠣᠳᠠᠯ ᠳᠤ ᠣᠷᠣᠯᠴᠠᠨ᠂ ᠲᠦᠷᠦ ᠶᠢᠨ ᠬᠡᠷᠡᠭ ᠢ ᠵᠦᠪᠯᠡᠬᠦ ᠡᠭᠦᠷᠬᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠪᠦᠬᠦ ᠬᠤᠰᠢᠭᠤᠨ ᠤ ᠬᠦᠭᠵᠢᠯ ᠴᠡᠴᠡᠭᠯᠡᠯ ᠳᠤ ᠭᠠᠷᠮᠠᠭᠠᠢ ᠬᠤᠪᠢ ᠨᠡᠮᠡᠷᠢ ᠪᠠᠨ ᠦᠵᠡᠬᠦᠯᠦᠭᠰᠡᠨ ᠪᠠᠶᠢᠨ᠎ᠠ ᠬᠡᠵᠠᠢ᠃ ᠲᠠᠷᠡ ᠱᠠᠭᠠᠷᠳᠠᠬᠤ ᠳᠠᠭᠠᠨ᠂ ᠨᠢᠭᠡ ᠳᠤ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠣᠣᠱᠯᠠᠭᠤᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠰᠠᠶᠢᠳᠣᠷ ᠬᠢᠬᠦ ᠴᠢᠬᠤᠯᠠ ᠶᠡᠭᠡ ᠣᠯᠣᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠬᠦᠷᠭᠡᠯᠡᠬᠦ ᠬᠡᠷᠡᠭᠳᠠᠢ᠃ ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠴᠢᠩᠭᠠᠳᠬᠠᠵᠦ᠂ ᠦᠵᠡᠯ ᠰᠠᠨᠠᠭᠠᠨ ᠤ ᠬᠠᠮᠲᠦ ᠶᠢᠨ ᠲᠠᠨᠢᠯᠳᠠ ᠶᠢ ᠦᠷᠭᠡᠨ ᠢᠶᠠᠷ ᠨᠢᠭᠳᠠᠷᠠᠭᠤᠯᠣᠨ᠂ ᠭᠤᠣᠯᠳᠠᠯᠭ᠎ᠠ  ᠳᠤ ᠲᠦᠪᠯᠡᠷᠡᠨ ᠲᠣᠰᠢᠶᠠᠯ ᠬᠠᠷᠢᠭᠤᠴᠯᠠᠭ᠎ᠠ ᠪᠠᠨ ᠬᠦᠢᠴᠡᠳᠭᠡᠬᠦ ᠶᠢ ᠪᠡᠶᠡᠯᠡᠬᠦᠯᠵᠦ᠂ ᠠᠷᠠᠳ ᠲᠦᠮᠡᠨ ᠤ ᠲᠦᠯᠦᠬᠡ ᠪᠠᠶᠢᠬᠤ ᠶᠢ ᠪᠠᠳᠣᠯᠠᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠪᠡᠶᠡᠯᠡᠭᠦᠯᠬᠦ ᠬᠡᠷᠡᠭᠳᠠᠢ᠃ ᠬᠤᠶᠠᠷ ᠲᠤ᠂ ᠭᠤᠣᠯ ᠱᠣᠭᠤᠮ᠂ ᠭᠤᠣᠯ ᠰᠢᠵᠢᠮ ᠪᠣᠯᠣᠨ ᠭᠤᠣᠯ ᠭᠤᠭᠴᠤᠭ᠎ᠠ ᠶᠢ ᠪᠠᠲᠦ ᠡᠵᠡᠮᠰᠢᠵᠦ᠂ ᠰᠢᠨ᠎ᠡ ᠴᠠᠭ ᠦᠶ᠎ᠡ ᠶᠢᠨ ᠪᠦᠬᠦ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠠᠢ᠃ ᠬᠡᠯᠪᠡᠷᠢ ᠪᠠ ᠶᠠᠰᠦ ᠴᠢᠨᠠᠷ ᠢ ᠬᠠᠷᠢᠯᠴᠠᠨ ᠨᠢᠭᠡᠳᠭᠡᠬᠦ ᠶᠢ ᠪᠠᠷᠢᠮᠳᠠᠯᠠᠵᠦ᠂ ᠲᠣᠰᠬᠠᠢ ᠵᠦᠪᠯᠡᠬᠦ ᠪᠠᠶᠢᠭᠤᠯᠣᠮᠵᠢ ᠶᠢᠨ ᠦᠢᠯᠡᠳᠦᠯ ᠢ  ᠪᠠᠳᠠᠷᠠᠭᠤᠯᠤᠨ᠂ ᠵᠦᠷᠢᠶ᠎ᠡ ᠪᠠᠨ ᠬᠠᠷᠢᠯᠴᠠᠨ ᠨᠢᠭᠡᠳᠦᠭᠦᠯᠬᠦ ᠶᠢ ᠪᠠᠷᠢᠮᠳᠠᠯᠠᠵᠦ᠂ ᠦᠵᠡᠯ ᠰᠠᠨᠠᠭ᠎ᠠ ᠣᠯᠣᠰ ᠲᠦᠷᠦ ᠪᠠᠷ ᠬᠦᠳᠦᠯᠦᠨ ᠲᠠᠭᠠᠭᠤᠯᠬᠤ ᠪᠠ ᠬᠠᠮᠲᠦ ᠶᠢᠨ ᠲᠠᠨᠢᠯᠳᠠ ᠶᠢ ᠨᠢᠭᠳᠠᠷᠠᠭᠤᠯᠬᠤ ᠪᠣᠳᠠᠳᠦ ᠦᠷ᠎ᠡ ᠪᠦᠳᠦᠮᠵᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠢᠷᠠᠭᠤ ᠠᠯᠳᠠᠷ ᠪᠣᠯᠣᠨ ᠬᠠᠷᠢᠭᠤᠴᠠᠯᠭ᠎ᠠ ᠶᠢ ᠬᠠᠷᠢᠯᠴᠠᠨ ᠨᠢᠭᠡᠳᠭᠡᠬᠦ ᠶᠢ ᠪᠠᠷᠢᠮᠳᠠᠯᠠᠵᠦ᠂ ᠬᠡᠰᠢᠭᠦᠨ ᠤ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠬᠤ ᠶᠢ ᠬᠦᠴᠦᠯᠡᠨ ᠴᠢᠩᠭᠠᠳᠬᠠᠨ᠂ ᠲᠦᠪ ᠶᠣᠰᠣ ᠶᠢ ᠪᠠᠷᠢᠮᠳᠠᠯᠠᠬᠤ ᠪᠠ ᠰᠢᠨ᠎ᠡ ᠶᠢ ᠡᠭᠦᠳᠬᠦ ᠶᠢ ᠨᠢᠭᠡᠳᠭᠡᠬᠦ  ᠶᠢ ᠪᠠᠷᠢᠮᠳᠠᠯᠠᠵᠦ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠲᠣᠭᠳᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠳᠠᠢ᠃ ᠭᠤᠷᠪᠠ ᠳᠤ᠂ ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠭᠤᠶᠢᠪᠢᠰᠢ ᠦᠬᠡᠢ  ᠪᠠᠷᠢᠮᠳᠠᠯᠠᠨ᠂ ᠣᠯᠣᠰ ᠲᠦᠷᠦ ᠶᠢᠨ ᠵᠦᠪᠯᠡᠯᠭᠡᠨ ᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠳᠤ ᠪᠠᠲᠦ ᠴᠢᠩᠭ᠎ᠠ ᠪᠠᠳᠣᠯᠠᠭ᠎ᠠ ᠬᠠᠩᠭᠠᠬᠤ ᠬᠡᠷᠡᠭᠳᠠᠢ᠃ ᠰᠢ ᠶᠢᠨ ᠫᠢᠩ ᠶᠡᠷᠦᠩᠬᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠪᠦᠯᠬᠦᠮᠳᠡᠨ ᠨᠢᠭᠳᠠᠷᠠᠵᠦ᠂ ᠨᠢᠬᠡ ᠰᠡᠳᠬᠢᠯ ᠨᠢᠭᠡ ᠵᠣᠷᠢᠭ ᠢ ᠪᠠᠷᠢᠵᠦ᠂  ᠤᠶᠤᠨ ᠤᠬᠠᠭᠠᠨ ᠬᠦᠴᠦᠨ ᠴᠢᠳᠠᠯ ᠢᠶᠠᠨ ᠨᠢᠬᠳᠠᠷᠠᠭᠤᠯᠤᠨ᠂ ᠦᠨᠠᠨ ᠢ ᠪᠠᠷᠢᠮᠳᠠᠯᠠᠨ ᠪᠣᠳᠠᠳᠠᠢ  ᠶᠢ ᠡᠷᠬᠢᠮᠯᠡᠵᠦ᠂ ᠪᠦᠯᠬᠦᠮᠳᠡᠨ ᠲᠡᠮᠡᠴᠡᠵᠦ ᠪᠦᠬᠦ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠲᠦᠷᠰᠦ ᠪᠠᠶᠢᠳᠠᠯ ᠢ ᠴᠢᠷᠮᠠᠶᠢᠨ ᠡᠭᠦᠳᠴᠦ᠂ ᠪᠠᠷᠠᠭᠤᠨ ᠦᠵᠦᠮᠦᠴᠢᠨ ᠬᠤᠰᠢᠭᠤᠨ ᠤ ᠠᠵᠦ ᠠᠬᠤᠢ ᠨᠡᠶᠢᠬᠡᠮ  ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠪᠠᠨ ᠦᠵᠡᠬᠦᠯᠬᠦ ᠬᠡᠷᠡᠭᠳᠠᠢ ᠬᠡᠵᠠᠢ
    ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠮᠥᠩᠭᠦᠨᠱᠠ ᠬᠤᠷᠠᠯ ᠡᠷᠬᠢᠯᠡᠬᠦ ᠶᠢᠨ ᠬᠠᠮᠲᠦ ᠱᠠᠭᠠᠷᠳᠠᠬᠤ ᠳᠠᠭᠠᠨ᠂ ᠨᠢᠭᠡ ᠳᠤ᠂ ᠦᠵᠡᠯᠲᠡ ᠲᠠᠨᠢᠯᠳᠠ ᠪᠠᠨ ᠲᠡᠭᠡᠭᠰᠢᠯᠡᠭᠦᠯᠬᠦ ᠬᠡᠷᠡᠭᠳᠠᠢ᠃ ᠡᠯ᠎ᠠ  ᠱᠠᠳᠣᠨ  ᠤ ᠰᠠᠯᠠᠭ᠎ᠠ ᠮᠥᠴᠢᠷ ᠨᠢ ᠦᠵᠡᠯ ᠰᠠᠨᠠᠭ᠎ᠠ ᠪᠠᠨ ᠨᠢᠭᠡᠳᠭᠡᠨ᠂ ᠪᠦᠬᠦ ᠲᠠᠯ᠎ᠠ ᠳᠤ ᠵᠣᠭᠰᠣᠵᠦ᠂ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠡᠭᠦᠷᠬᠡ ᠬᠠᠷᠢᠭᠤᠴᠠᠯᠭᠠᠲᠦ ᠰᠡᠳᠬᠢᠯᠭᠡ ᠪᠠᠨ ᠲᠡᠭᠡᠭᠰᠢᠯᠡᠭᠦᠯᠵᠦ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠬᠦ ᠳᠤ ᠦᠵᠡᠯ ᠰᠠᠨᠠᠭᠠᠨ ᠤ ᠬᠠᠮᠲᠦ ᠶᠢᠨ ᠲᠠᠨᠢᠯᠳᠠ ᠪᠠᠨ ᠨᠢᠭᠳᠠᠷᠠᠭᠤᠯᠵᠦ᠂ ᠪᠦᠬᠦ ᠬᠦᠴᠦᠨ ᠢ ᠲᠦᠪᠯᠡᠷᠡᠭᠦᠯᠬᠦ ᠬᠡᠷᠡᠭᠳᠠᠢ᠃ ᠬᠤᠶᠠᠷ ᠲᠤ᠂ ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠭᠦᠯᠬᠦ ᠬᠡᠷᠡᠭᠳᠠᠢ᠃ ᠡᠯ᠎ᠡ ᠱᠠᠳᠣᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠨᠢ ᠱᠠᠳᠦ ᠱᠠᠳᠦ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠬᠤᠷᠠᠯ ᠳᠠᠬᠢ ᠠᠵᠢᠯ ᠤᠨ ᠪᠠᠶᠢᠷᠢᠯᠠᠭᠤᠯᠣᠯᠳᠠ ᠶᠢ ᠰᠠᠶᠢᠳᠣᠷ ᠲᠣᠣᠱᠯᠠᠭᠤᠯᠵᠦ᠂ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠪᠠᠶᠢᠴᠠᠭᠠᠨ ᠰᠣᠳᠣᠯᠣᠯᠳᠠ ᠶᠢ ᠪᠦᠬᠦ ᠬᠦᠴᠦᠨ ᠢᠶᠠᠷ ᠢᠶᠠᠨ ᠲᠡᠮᠵᠢᠵᠦ᠂ ᠬᠦᠴᠦᠨ ᠢᠶᠠᠨ ᠨᠢᠭᠡᠳᠭᠡᠨ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠬᠠᠭᠤᠳᠠᠰᠦ ᠶᠢ ᠪᠢᠴᠢᠭᠯᠡᠬᠦ ᠬᠡᠷᠡᠭᠳᠠᠢ᠃ ᠭᠤᠷᠪᠠ ᠳᠤ᠂ ᠣᠯᠣᠰ ᠲᠦᠷᠦ ᠶᠢᠨ ᠵᠦᠪᠯᠡᠯᠭᠡᠨ ᠤ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠬᠡᠷᠡᠭᠳᠠᠢ᠃ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠰᠢᠨ᠎ᠠ ᠴᠠᠭ ᠦᠶ᠎ᠡ ᠶᠢᠨ ᠠᠷᠠᠳ ᠤᠨ ᠣᠯᠣᠰ ᠲᠦᠷᠦ ᠶᠢᠨ  ᠵᠦᠪᠯᠡᠯᠭᠡᠨ ᠤ ᠠᠵᠢᠯ ᠤᠨ ᠡᠭᠦᠷᠬᠡ ᠬᠠᠷᠢᠭᠤᠴᠠᠯᠭ᠎ᠠ ᠪᠠ ᠪᠦᠬᠦ ᠲᠠᠯ᠎ᠠ ᠶᠢᠨ ᠱᠠᠭᠠᠷᠳᠠᠯᠭ᠎ᠠ ᠶᠢ ᠵᠥᠪ ᠣᠨᠣᠪᠴᠢᠳᠠᠢ ᠪᠠᠷ ᠬᠦᠨᠵᠡᠭᠡᠢ ᠤᠶᠢᠯᠠᠭᠠᠨ ᠲᠠᠨᠢᠵᠦ᠂ ᠦᠵᠡᠯ ᠰᠠᠨᠠᠭᠠᠨ ᠤ ᠣᠯᠣᠰ ᠲᠦᠷᠦ ᠶᠢᠨ ᠣᠳᠣᠷᠢᠳᠣᠮᠵᠢ ᠪᠠᠨ ᠴᠢᠩᠭᠠᠳᠬᠠᠨ᠂ ᠰᠠᠨᠠᠯ ᠵᠦᠪᠯᠡᠯᠭᠡ ᠪᠠᠨ ᠲᠣᠷᠠᠳᠬᠤ ᠪᠠ ᠬᠠᠮᠲᠦ ᠶᠢᠨ ᠲᠠᠨᠢᠯᠳᠠ ᠪᠠᠨ ᠨᠢᠭᠳᠠᠷᠠᠭᠤᠯᠬᠤ ᠬᠦᠴᠦᠨ ᠢ ᠪᠠᠷᠢᠮᠳᠠᠯᠠᠵᠦ᠂ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠬᠦ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠬᠦᠯᠵᠦ᠂ ᠵᠦᠪᠳᠡᠯᠴᠡᠬᠦ ᠪᠠ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠠᠬᠢᠭᠤᠯᠣᠨ᠂ ᠪᠣᠳᠠᠳᠦ ᠦᠷ᠎ᠡ ᠪᠦᠳᠦᠮᠵᠢ ᠶᠢ ᠳᠡᠭᠡᠭᠰᠢᠯᠡᠬᠦᠯᠵᠦ᠂ ᠵᠠᠰᠠᠭ ᠤᠨ ᠶᠠᠪᠣᠳᠠᠯ ᠳᠤ ᠣᠷᠣᠯᠴᠠᠨ᠂ ᠲᠦᠷᠦ ᠶᠢᠨ ᠶᠠᠪᠣᠳᠠᠯ ᠢ ᠵᠦᠪᠯᠡᠬᠦ ᠶᠡᠰᠦ ᠴᠢᠨᠠᠷ ᠢ ᠲᠡᠭᠡᠭᠰᠢᠯᠡᠭᠦᠯᠬᠦ ᠲᠠᠯ᠎ᠠ ᠪᠠᠷ ᠨᠡᠩ ᠶᠡᠭᠡ ᠬᠦᠴᠦ ᠲᠠᠯᠪᠢᠬᠤ ᠬᠡᠷᠡᠭᠳᠠᠢ ᠬᠡᠵᠠᠢ  ᠃
     
   ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠲᠣᠭᠤᠶᠢᠯᠠᠩ ᠤᠨ ᠱᠦᠵᠢ᠂ ᠳᠠᠷᠢᠬᠦᠯᠡᠭᠴᠢ ᠪᠣᠯᠣᠳ ᠣᠯᠣᠰ ᠲᠦᠷᠦ ᠶᠢᠨ ᠵᠦᠪᠯᠡᠯᠭᠡᠨ ᠤ ᠠᠵᠢᠯ ᠳᠤ ᠳ᠋ᠦᠩᠨᠡᠯᠳᠡ ᠬᠢᠬᠦ ᠶᠢᠨ ᠬᠠᠮᠲᠦ᠂ ᠳᠠᠷᠠᠭᠠᠴᠢ ᠶᠢᠨ ᠠᠵᠢᠯ ᠳᠠᠭᠠᠨ ᠪᠠᠶᠢᠷᠢᠯᠠᠭᠤᠯᠣᠯᠳᠠ ᠬᠢᠵᠦ ᠱᠠᠭᠠᠷᠳᠠᠯᠭ᠎ᠠ ᠲᠣᠷᠠᠳᠣᠭᠰᠠᠨ ᠪᠠᠶᠢᠨ᠎ᠠ᠃ ᠲᠡᠷᠡ ᠱᠠᠭᠠᠷᠳᠠᠬᠤ ᠳᠠᠭᠠᠨ᠂ ᠲᠤᠰ  ᠣᠳᠠᠭᠠᠨ  ᠤ ᠨᠠᠮ ᠤ ᠬᠤᠷᠢᠶᠠᠨ ᠤ ᠬᠤᠷᠠᠯᠳᠣᠭᠤᠯᠣᠭᠰᠠᠨ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠪᠣᠯ ᠪᠦᠬᠦ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠬᠦᠭᠵᠢᠯᠳᠡ ᠶᠢᠨ ᠰᠢᠨ᠎ᠡ ᠪᠡᠯᠬᠡ ᠲᠡᠮᠳᠡᠭ ᠮᠥᠨ᠃ ᠪᠢᠳᠡ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠪᠠ ᠶᠡᠷᠦᠩᠬᠡᠢ ᠱᠦᠵᠢ ᠰᠢ  ᠶᠢᠨ ᠫᠢᠩ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠳᠤ ᠲᠠᠯᠪᠢᠭᠰᠡᠨ ᠱᠠᠭᠠᠷᠳᠠᠯᠭ᠎ᠠ ᠲᠠᠢ ᠨᠢᠭᠡᠳᠭᠡᠬᠦ ᠬᠡᠷᠡᠭᠳᠠᠢ᠃ ᠣᠯᠣᠰ ᠲᠦᠷᠦ ᠶᠢᠨ ᠵᠦᠪᠯᠡᠯᠭᠡᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠣᠳᠣᠷᠢᠳᠣᠯᠭ᠎ᠠ ᠶᠢ ᠪᠠᠷᠢᠮᠳᠠᠯᠠᠵᠦ᠂ ᠣᠯᠣᠰ ᠲᠦᠷᠦ ᠶᠢᠨ ᠵᠦᠪ ᠴᠢᠭᠯᠡᠯ ᠢ ᠪᠠᠲᠦ ᠡᠵᠡᠮᠰᠢᠬᠦ ᠬᠡᠷᠡᠭᠳᠠᠢ᠃ ᠠᠷᠠᠳᠴᠢᠯᠠᠯ ᠢᠶᠠᠷ ᠵᠦᠪᠯᠡᠬᠦ ᠡᠭᠦᠷᠬᠡ ᠬᠠᠷᠢᠭᠤᠴᠠᠯᠭ᠎ᠠ ᠶᠢ ᠭᠦᠢᠴᠡᠳᠭᠡᠬᠦ ᠲᠠᠪᠴᠠᠩ ᠢ ᠴᠢᠷᠮᠠᠶᠢᠨ ᠪᠠᠶᠢᠭᠤᠯᠵᠦ᠂ ᠶᠡᠭᠡ ᠲᠠᠯ᠎ᠠ ᠳᠤ ᠦᠢᠯᠡᠴᠢᠯᠡᠬᠦ ᠶᠠᠰᠦ ᠴᠢᠨᠠᠷ ᠪᠠ ᠬᠢᠷᠢ ᠬᠡᠮᠵᠢᠶ᠎ᠡ ᠶᠢ ᠲᠠᠰᠣᠷᠠᠯᠳᠠ ᠦᠬᠡᠢ ᠲᠡᠭᠡᠭᠰᠢᠯᠡᠭᠦᠯᠬᠦ ᠬᠡᠷᠡᠭᠳᠠᠢ᠃ ᠦᠵᠡᠯ ᠰᠠᠨᠠᠭ᠎ᠠ ᠣᠯᠣᠰ ᠲᠦᠷᠦ ᠶᠢᠨ ᠵᠢᠯᠣᠭᠤᠳᠣᠯᠭ᠎ᠠ ᠶᠢ ᠴᠢᠬᠤᠯᠠᠴᠢᠯᠠᠵᠦ᠂ ᠬᠠᠮᠲᠦ ᠶᠢᠨ ᠲᠠᠨᠢᠯᠳᠠ ᠶᠢ ᠦᠷᠭᠡᠨ ᠢᠶᠠᠷ ᠨᠢᠭᠳᠠᠷᠠᠭᠤᠯᠣᠨ᠂ ᠲᠣᠮᠳᠠᠳᠦ ᠶᠢᠨ ᠦᠨᠳᠦᠰᠦᠳᠡᠨ ᠤ ᠬᠠᠮᠲᠦ ᠶᠢᠨ ᠴᠣᠭᠴᠠ ᠶᠢᠨ ᠣᠬᠠᠮᠰᠠᠷ ᠢ ᠲᠠᠰᠣᠷᠠᠯᠳᠠ ᠦᠬᠡᠢ ᠪᠠᠳᠣᠳᠬᠠᠬᠤ ᠬᠡᠷᠡᠭᠳᠠᠢ᠃ ᠣᠯᠣᠰ ᠲᠦᠷᠦ ᠶᠢᠨ ᠵᠦᠪᠯᠡᠯᠭᠡᠨ ᠤ ᠬᠡᠰᠢᠭᠦᠨ ᠤ ᠡᠩᠨᠡᠭᠡᠨ ᠤ ᠪᠠᠶᠢᠭᠤᠯᠣᠯᠳᠠ ᠶᠢ ᠲᠠᠰᠣᠷᠠᠯᠳᠠ ᠦᠬᠡᠢ ᠴᠢᠩᠭᠠᠳᠬᠠᠨ᠂ ᠪᠦᠬᠦ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠠᠮᠲᠦ ᠶᠢᠨ ᠬᠦᠴᠦᠨ ᠢ ᠴᠢᠷᠮᠠᠶᠢᠨ ᠨᠢᠭᠡᠳᠭᠡᠬᠦ ᠬᠡᠷᠡᠭᠳᠠᠢ᠃ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠤ ᠤᠶᠤᠨ ᠣᠬᠠᠭᠠᠨ ᠪᠣᠯᠣᠨ ᠬᠦᠴᠦᠨ ᠴᠢᠳᠠᠯ ᠢ ᠨᠢᠭᠳᠠᠷᠠᠭᠤᠯᠣᠨ ᠣᠯᠣᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠦᠬᠦ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠠᠵᠢᠯ  ᠦᠢᠯᠡᠰ ᠤᠨ ᠬᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠬᠦ ᠬᠡᠷᠡᠭᠳᠠᠢ ᠬᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号