ᠪᠠᠢ ᠶᠥᠩ ᠴᠦᠨ ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠷᠣᠨᠲ ᠤᠨ ᠠᠵᠢᠯ ᠤᠨ ᠣᠳᠣᠷᠢᠳᠬᠤ ᠪᠠᠭ | ᠤᠨ 2020 ᠣᠨ ᠤ ᠬᠤᠶᠠᠳᠣᠭᠠᠷ ᠣᠳᠠᠭᠠᠨ ᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ | | | 12 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ᠂ | ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠠᠵᠢᠯ ᠤᠨ ᠣᠳᠣᠷᠢᠳᠬᠤ ᠪᠠᠭ ᠤᠨ ᠳᠠᠷᠤᠭ᠎ᠠ ᠪᠠᠢ | ᠶᠥᠩ ᠴᠦᠨ ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠠᠵᠢᠯ ᠤᠨ ᠣᠳᠣᠷᠢᠳᠬᠤ ᠪᠠᠭ ᠤᠨ | 2020 ᠣᠨ ᠤ ᠬᠤᠶᠠᠳᠣᠭᠠᠷ ᠣᠳᠠᠭᠠᠨ ᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ | ᠤᠨ ᠬᠤᠷᠢᠶᠠᠨ ᠤ ᠨᠢᠬᠡᠳᠦᠮᠡᠯ ᠹᠷᠤᠨᠲ ᠤᠨ ᠠᠵᠢᠯ ᠤᠨ ᠣᠳᠣᠷᠢᠳᠬᠤ ᠪᠠᠭ ᠤᠨ ᠳᠡᠳ᠋ ᠳᠠᠷᠤᠭ᠎ᠠ ᠵᠠᠩ ᠯᠢ ᠭᠥᠸᠧ᠂ | ᠦ᠋ ᡁᠢ ᠴᠢᠶᠠᠩ᠂ ᠼᠦᠢ ᠹᠦ᠋ ᠴᠢᠶᠠᠩ᠂ ᠰᠠᠷᠡᠨᠳᠣᠶᠠᠭᠠ ᠨᠠᠷ ᠬᠤᠷᠠᠯ ᠳᠤ ᠣᠷᠣᠯᠴᠠᠵᠠᠢ᠃ | ᠪᠠᠢ ᠶᠥᠩ ᠴᠦᠨ ᠴᠢᠬᠤᠯᠠᠴᠢᠯᠠᠬᠤ ᠳᠠᠭᠠᠨ᠂ ᠨᠢᠬᠡ ᠳᠤ᠂ ᠰᠢ ᠶᠢᠨ ᠫᠢᠩ ᠶᠡᠷᠦᠩᠭᠡᠢ ᠱᠦᠵᠢ ᠶᠢᠨ | ᠨᠢᠬᠡᠳᠦᠮᠡᠯ ᠹᠷᠤᠨᠲ ᠤᠨ ᠠᠵᠢᠯ ᠢ ᠥᠬᠡᠷᠡᠴᠢᠯᠡᠨ ᠰᠠᠶᠢᠵᠢᠷᠠᠭᠤᠯᠬᠤ ᠴᠢᠬᠤᠯᠠ ᠵᠣᠷᠢᠭ ᠰᠠᠨᠠᠭ᠎ᠠ ᠶᠢ ᠬᠦᠨᠵᠡᠬᠡᠢ | ᠨᠠᠶᠢᠳᠠᠪᠣᠷᠢᠵᠢᠭᠤᠯᠬᠤ ᠬᠡᠷᠡᠭᠳᠡᠢ᠃ ᠪᠦᠬᠦ ᠬᠤᠰᠢᠭᠤᠨ ᠤ ᠨᠢᠬᠡᠳᠦᠮᠡᠯ ᠹᠷᠤᠨᠲ ᠤᠨ ᠠᠵᠢᠯ ᠡᠷᠬᠡᠪᠰᠢ ᠰᠢ ᠶᠢᠨ ᠫᠢᠩ | ᠶᠡᠷᠦᠩᠭᠡᠢ ᠱᠦᠵᠢ ᠶᠢᠨ ᠨᠢᠬᠡᠳᠦᠮᠡᠯ ᠹᠷᠤᠨᠲ ᠤᠨ ᠠᠵᠢᠯ ᠢ ᠥᠬᠡᠷᠡᠴᠢᠯᠡᠨ ᠰᠠᠶᠢᠵᠢᠷᠠᠭᠤᠯᠬᠤ ᠴᠢᠬᠤᠯᠠ ᠵᠣᠷᠢᠭ | ᠰᠠᠨᠠᠭ᠎ᠠ ᠶᠢ ᠬᠦᠨᠵᠡᠬᠡᠢ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠶᠡᠭᠡ ᠲᠠᠯ᠎ᠠ ᠶᠢ ᠬᠦᠢᠴᠡᠳ ᠪᠣᠳᠣᠯᠬᠢᠯᠠᠨ᠂ ᠣᠯᠣᠰ | ᠲᠦᠷᠦ ᠶᠢᠨ ᠣᠳᠣᠷᠢᠳᠣᠮᠵᠢ ᠶᠢᠨ ᠦᠢᠯᠡᠳᠦᠯ ᠢ ᠲᠡᠷᠢᠬᠦᠨ ᠪᠠᠶᠢᠷᠢᠨ ᠳᠤ ᠳᠠᠯᠪᠢᠬᠤ ᠬᠡᠷᠡᠭᠳᠡᠢ᠃ ᠬᠤᠶᠠᠷ ᠲᠤ᠂ ᠨᠠᠮ | ᠤᠨ ᠦᠨᠳᠦᠰᠦᠳᠡᠨ ᠤ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ ᠨᠠᠶᠢᠳᠠᠪᠣᠷᠢᠵᠢᠭᠤᠯᠣᠨ᠂ ᠳᠣᠮᠳᠠᠳᠦ ᠶᠢᠨ | ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠪᠠᠬᠢᠵᠢᠬᠦᠯᠬᠦ ᠬᠡᠷᠡᠭᠳᠡᠢ᠃ ᠮᠠᠨ ᠤ ᠬᠤᠰᠢᠭᠤ ᠨᠢ | ᠴᠦᠬᠡᠨ ᠳᠣᠭᠠᠳᠦ ᠦᠨᠳᠦᠰᠦᠳᠡᠨ ᠤ ᠭᠠᠵᠠᠷ ᠣᠷᠣᠨ ᠪᠣᠯᠣᠭᠰᠠᠨ ᠤ ᠬᠤᠪᠢ ᠳᠤ᠂ ᠦᠨᠳᠦᠰᠦᠳᠡᠨ ᠤ ᠪᠦᠯᠬᠦᠮᠳᠡᠯ ᠢ | ᠬᠦᠨᠵᠡᠬᠡᠶᠢᠷᠡᠬᠦᠯᠦᠨ᠂ ᠨᠡᠶᠢᠬᠡᠮ ᠤᠨ ᠡᠶ᠎ᠡ ᠵᠣᠬᠢᠴᠠᠩᠭᠤᠢ ᠬᠦᠭᠵᠢᠯᠳᠡ ᠶᠢ ᠠᠬᠢᠭᠤᠯᠬᠤ ᠪᠣᠯ ᠬᠠᠮᠤᠭ ᠤᠨ ᠴᠢᠬᠤᠯᠠ | ᠣᠯᠣᠰ ᠲᠦᠷᠦ ᠶᠢᠨ ᠡᠬᠦᠷᠬᠡ ᠬᠠᠷᠢᠭᠤᠴᠠᠯᠭ᠎ᠠ ᠪᠠᠶᠢᠵᠦ᠂ ᠮᠦᠨᠴᠦ ᠠᠯᠢᠪᠠ ᠠᠵᠢᠯ ᠢ ᠰᠠᠶᠢᠳᠣᠷ ᠬᠢᠬᠦ ᠣᠷᠢᠳᠠᠯ ᠪᠠ | ᠰᠠᠭᠤᠷᠢ ᠪᠣᠯᠣᠨ᠎ᠠ᠃ ᠭᠤᠷᠪᠠ ᠳᠤ᠂ ᠵᠠᠰᠠᠨ ᠴᠡᠭᠴᠡᠯᠡᠯᠳᠡ ᠶᠢᠨ ᠦᠷ᠎ᠡ ᠪᠦᠳᠦᠮᠵᠢ ᠶᠢ ᠪᠠᠬᠢᠵᠢᠬᠦᠯᠵᠦ᠂ ᠱᠠᠰᠢᠨ | ᠰᠣᠷᠳᠠᠬᠤᠨ ᠤ ᠰᠠᠶᠢᠨ ᠰᠠᠶᠢᠬᠠᠨ ᠲᠦᠷᠰᠦ ᠪᠠᠶᠢᠳᠠᠯ ᠢ ᠪᠣᠢ ᠪᠣᠯᠭᠠᠬᠤ ᠬᠡᠷᠡᠭᠳᠡᠢ᠃ ᠰᠢ ᠶᠢᠨ ᠫᠢᠩ ᠶᠡᠷᠦᠩᠭᠡᠢ | ᠱᠦᠵᠢ ᠶᠢᠨ ᠱᠠᠰᠢᠨ ᠰᠣᠷᠳᠠᠬᠤᠨ ᠤ ᠠᠵᠢᠯ ᠤᠨ ᠴᠢᠬᠤᠯᠠ ᠶᠠᠷᠢᠶ᠎ᠠ᠂ ᠴᠢᠬᠤᠯᠠ ᠴᠣᠬᠤᠯᠠᠪᠣᠷᠢ ᠪᠠ ᠴᠢᠬᠤᠯᠠ | ᠦᠬᠦᠯᠡᠮᠵᠢ ᠶᠢᠨ ᠵᠣᠷᠢᠭ ᠰᠠᠨᠠᠭ᠎ᠠ ᠶᠢ ᠬᠦᠨᠵᠡᠬᠡᠢ ᠰᠣᠷᠣᠯᠴᠠᠨ᠂ ︽ᠥᠪᠥᠷ ᠮᠣᠩᠭᠤᠯ ᠤᠨ ᠥᠪᠡᠷᠳᠡᠬᠡᠨ ᠵᠠᠰᠠᠬᠤ | ᠣᠷᠣᠨ ᠤ ᠱᠠᠰᠢᠨ ᠰᠣᠷᠳᠠᠬᠤᠨ ᠤ ᠠᠵᠢᠯ ᠤᠨ ᠵᠣᠷᠪᠣᠰ︾ ᠢ ᠨᠢᠮᠪᠠᠢ ᠨᠠᠶᠢᠳᠠᠪᠣᠷᠢᠵᠢᠭᠤᠯᠣᠨ᠂ ᠨᠠᠮ ᠤᠨ ᠱᠠᠰᠢᠨ | ᠰᠣᠷᠳᠠᠬᠤᠨ ᠤ ᠠᠵᠢᠯ ᠳᠠᠬᠢ ᠨᠢᠬᠡᠳᠦᠯᠳᠠᠢ ᠣᠳᠣᠷᠢᠳᠣᠯᠭ᠎ᠠ ᠶᠢ ᠴᠢᠩᠭᠠᠳᠬᠠᠵᠦ᠂ ᠱᠠᠰᠢᠨ ᠰᠣᠷᠳᠠᠬᠤᠨ ᠤ ᠠᠵᠢᠯ | ᠤᠨ ᠣᠬᠠᠮᠰᠠᠷ ᠢ ᠪᠠᠬᠢᠵᠢᠬᠦᠯᠬᠦ ᠬᠡᠷᠡᠭᠳᠡᠢ᠃ ᠳᠥᠷᠪᠡ ᠳᠤ᠂ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ | ᠬᠦᠴᠦᠯᠡᠴᠡ ᠶᠢ ᠠᠬᠢᠭᠤᠯᠣᠨ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠨᠢᠬᠡᠳᠦᠮᠡᠯ ᠹᠷᠤᠨᠲ ᠤᠨ ᠠᠵᠢᠯ | ᠢ ᠰᠠᠶᠢᠳᠣᠷ ᠬᠢᠬᠦ ᠬᠡᠷᠡᠭᠳᠡᠢ᠃ ᠡᠯ᠎ᠡ ᠰᠠᠯᠠᠭ᠎ᠠ ᠮᠦᠴᠢᠷ ᠨᠢ ︽ᠬᠤᠶᠠᠷ ᠭᠤᠶᠢᠪᠢᠰᠢ ᠦᠬᠡᠢ︾ ᠦᠨᠳᠦᠰᠦᠨ | ᠴᠢᠭᠯᠡᠯᠳᠡ ᠶᠢ ᠴᠢᠩᠭ᠎ᠠ ᠨᠠᠶᠢᠳᠠᠪᠣᠷᠢᠵᠢᠭᠤᠯᠣᠨ᠂ ︽ᠬᠦᠩᠬᠡᠷᠡᠬᠦᠯᠬᠦ᠂ ᠪᠠᠭᠠᠰᠬᠠᠬᠤ᠂ ᠨᠡᠮᠡᠭᠳᠡᠬᠦᠯᠬᠦ᠂ ᠠᠯᠭᠤᠷᠯᠠᠬᠤ︾ | ᠳᠡᠬᠡᠷ᠎ᠡ ᠬᠦᠴᠦᠨ ᠳᠠᠯᠪᠢᠵᠦ᠂ ᠠᠵᠦ ᠠᠬᠤᠶᠢᠯᠠᠯ ᠳᠤ ᠳᠣᠰᠠᠯᠠᠮᠵᠢ ᠦᠵᠡᠬᠦᠯᠬᠦ ᠲᠦᠷᠦ ᠶᠢᠨ ᠪᠣᠳᠣᠯᠭ᠎ᠠ ᠶᠢ | ᠣᠨᠣᠪᠴᠢᠳᠠᠢ ᠲᠣᠣᠱᠯᠠᠭᠤᠯᠬᠤ ᠬᠡᠷᠡᠭᠳᠡᠢ᠃ ᠲᠠᠪᠤ ᠳᠤ᠂ ᠬᠠᠮᠳᠣᠷᠠᠨ ᠠᠵᠢᠯᠯᠠᠬᠤ ᠳᠣᠭᠳᠠᠮᠵᠢ ᠶᠢ ᠬᠦᠨᠵᠡᠬᠡᠶᠢᠷᠡᠬᠦᠯᠵᠦ | ᠂ ᠪᠦᠯᠬᠦᠮᠳᠡᠨ ᠨᠢᠭᠳᠠᠷᠠᠭᠰᠠᠨ ᠰᠢᠨ᠎ᠡ ᠬᠦᠴᠦᠨ ᠴᠡᠷᠢᠭ ᠢ ᠪᠠᠶᠢᠭᠤᠯᠬᠤ ᠬᠡᠷᠡᠭᠳᠡᠢ᠃ ᠨᠠᠮ ᠤᠨ ᠭᠠᠳᠠᠨᠠᠬᠢ ᠬᠦᠮᠦᠰ | ᠤᠨ ᠦᠵᠡᠯ ᠰᠠᠨᠠᠭ᠎ᠠ ᠣᠯᠣᠰ ᠲᠦᠷᠦ ᠶᠢᠨ ᠵᠢᠯᠣᠭᠤᠳᠣᠮᠵᠢ ᠶᠢᠨ ᠠᠵᠢᠯ ᠢ ᠰᠠᠶᠢᠳᠣᠷ ᠬᠢᠵᠦ᠂ ᠡᠯ᠎ᠡ ᠰᠠᠯᠠᠭ᠎ᠠ | ᠮᠦᠴᠢᠷ ᠨᠢ ᠨᠠᠮ ᠤᠨ ᠭᠠᠳᠠᠨᠠᠬᠢ ᠬᠦᠮᠦᠰ ᠢ ᠣᠯᠣᠰ ᠲᠦᠷᠦ ᠦᠵᠡᠯ ᠰᠠᠨᠠᠭᠠᠨ ᠤ ᠠᠵᠢᠯ ᠤᠨ ᠨᠠᠮ ᠤᠨ ᠬᠤᠷᠢᠶᠠᠨ | ᠤ ᠭᠤᠣᠯ ᠴᠣᠭᠴᠠ ᠶᠢᠨ ᠬᠠᠷᠢᠭᠤᠴᠠᠯᠭ᠎ᠠ ᠳᠤ ᠣᠷᠣᠭᠤᠯᠣᠨ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠳᠠᠶᠢᠯᠪᠣᠷᠢᠯᠠᠨ ᠰᠣᠷᠳᠠᠯᠴᠢᠯᠠᠵᠦ᠂ ᠡᠯ᠎ᠡ ᠠᠩᠬᠢ ᠶᠢᠨ ᠳᠠᠪᠬᠤᠷᠭ᠎ᠠ ᠶᠢᠨ ᠬᠦᠮᠦᠰ ᠢ | ᠨᠠᠮ ᠲᠠᠢ ᠪᠠᠨ ᠰᠡᠳᠬᠢᠯ ᠨᠢᠬᠡᠳᠬᠡᠬᠦ ᠶᠢ ᠠᠬᠢᠭᠤᠯᠤᠨ᠂ ᠪᠦᠬᠦ ᠬᠤᠰᠢᠭᠤᠨ ᠤ ᠥᠬᠡᠷᠡᠴᠢᠯᠡᠯᠳᠡ ᠬᠦᠭᠵᠢᠯᠳᠡ ᠶᠢᠨ | ᠨᠢᠭᠳᠠᠷᠠᠯ ᠤᠨ ᠬᠦᠴᠦᠨ ᠢ ᠪᠠᠶᠢᠭᠤᠯᠬᠤ ᠬᠡᠷᠡᠭᠳᠡᠢ ᠭᠡᠵᠠᠢ᠃ | ᠬᠤᠷᠠᠯ ᠳᠡᠬᠡᠷ᠎ᠡ᠂ ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠲᠥᠪ ᠬᠤᠷᠢᠶᠠᠨ ᠤ ᠨᠠᠮ ᠤᠨ | ᠭᠠᠳᠠᠨᠠᠬᠢ ᠬᠦᠮᠦᠰ ᠤᠨ ᠰᠠᠭᠤᠳᠠᠯ ᠤᠨ ᠬᠤᠷᠠᠯ ᠳᠡᠬᠡᠷᠡᠬᠢ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ | ᠬᠤᠷᠢᠶᠠᠨ ᠤ ᠣᠯᠣᠰ ᠲᠦᠷᠦ ᠶᠢᠨ ᠲᠣᠪᠴᠢᠶᠠᠨ ᠤ ︽ᠳᠣᠮᠳᠠᠳᠦ ᠣᠯᠣᠰ ᠤᠨ ᠡᠪ ᠬᠠᠮᠳᠦ ᠨᠠᠮ ᠤᠨ ᠨᠢᠬᠡᠳᠦᠮᠡᠯ | ᠹᠷᠤᠨᠲ ᠤᠨ ᠠᠵᠢᠯ ᠤᠨ ᠵᠣᠷᠪᠣᠰ︾ ᠤᠨ ᠵᠤᠷᠢᠭ ᠰᠠᠨᠠᠭ᠎ᠠ᠂ ᠥᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠨᠢᠬᠡᠳᠦᠮᠡᠯ ᠹᠷᠤᠨᠲ ᠤᠨ ᠠᠵᠢᠯ ᠤᠨ ᠣᠳᠣᠷᠢᠳᠬᠤ ᠪᠠᠭ ᠤᠨ 2020 ᠣᠨ ᠤ ᠬᠤᠶᠠᠳᠣᠭᠠᠷ ᠣᠳᠠᠭᠠᠨ ᠤ | ᠬᠤᠷᠠᠯ ᠳᠡᠬᠡᠷᠡᠬᠢ ᠱᠢ ᠲᠠᠢ ᠹᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠳᠡᠬᠡᠨ ᠵᠠᠰᠠᠬᠤ ᠣᠷᠣᠨ | ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠨᠢᠬᠡᠳᠦᠮᠡᠯ ᠹᠷᠤᠨᠲ ᠤᠨ ᠬᠡᠯᠳᠡᠰ ᠤᠨ ᠬᠡᠯᠳᠡᠰ ᠤᠨ ᠳᠠᠷᠤᠭ᠎ᠠ | ᠳ᠋ᠤᠸᠠᠨ ᡁᠢ ᠴᠢᠶᠠᠩ ᠤᠨ ᠪᠦᠬᠦ ᠣᠷᠣᠨ ᠤ ᠱᠠᠰᠢᠨ ᠰᠣᠷᠳᠠᠬᠤᠨ ᠤ ᠠᠵᠢᠯ ᠤᠨ ᠳᠣᠰᠬᠠᠢ ᠰᠡᠳᠦᠪᠳᠦ ᠬᠤᠷᠠᠯ | ᠳᠡᠬᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠤᠯᠠᠮᠵᠢᠯᠠᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠠᠷᠣᠨᠲ᠂ ᠠᠷᠠᠳ ᠤᠨ ᠵᠦᠪᠯᠡᠯ᠂ ᠰᠣᠶᠣᠯ ᠲᠠᠮᠢᠷ ᠷᠠᠳᠢᠤ᠋ | ᠲᠧᠯᠸᠢᠰ ᠵᠢᠭᠤᠯᠴᠢᠯᠠᠯ ᠤᠨ ᠲᠣᠪᠴᠢᠶ᠎ᠠ᠂ ᠰᠣᠷᠭᠠᠨ ᠬᠦᠮᠦᠵᠢᠯ ᠤᠨ ᠲᠣᠪᠴᠢᠶᠠᠨ ᠤ ᠬᠠᠷᠢᠭᠤᠴᠠᠯᠭᠠᠳᠠᠨ ᠨᠠᠷ | ᠨᠢᠬᠡᠳᠦᠮᠡᠯ ᠹᠠᠷᠣᠨᠲ ᠤᠨ ᠠᠵᠢᠯ ᠢᠶᠠᠨ ᠥᠷᠨᠢᠬᠦᠯᠵᠦ ᠪᠠᠶᠢᠭ᠎ᠠ ᠪᠠᠶᠢᠳᠠᠯ ᠳᠤ ᠬᠠᠨᠳᠣᠭᠤᠯᠣᠨ᠂ ᠬᠠᠷᠢᠭᠤ | ᠮᠡᠳᠡᠬᠦᠯᠦᠯᠳᠡ ᠬᠢᠵᠦ᠂ ᠡᠯ᠎ᠡ ᠰᠣᠮᠣ ᠪᠠᠯᠭᠠᠰᠦᠨ ᠤ ᠲᠦᠯᠦᠬᠡᠯᠡᠭᠴᠢ ᠬᠠᠷᠢᠭᠤ ᠮᠡᠳᠡᠬᠦᠯᠦᠯᠳᠡ ᠪᠠᠨ ᠲᠤᠰᠢᠶᠠᠭᠰᠠᠨ | ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠨᠢᠬᠡᠳᠦᠮᠡᠯ ᠹᠠᠷᠣᠨᠲ ᠤᠨ ᠠᠵᠢᠯ ᠤᠨ ᠣᠳᠣᠷᠢᠳᠬᠤ ᠪᠠᠭ ᠤᠨ ᠬᠡᠰᠢᠬᠦᠨ | ᠨᠢᠭᠡᠴᠡ ᠶᠢᠨ ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠦᠨ ᠤ ᠲᠦᠯᠦᠬᠡᠯᠡᠭᠴᠢ ᠬᠤᠷᠠᠯ ᠳᠤ ᠣᠷᠣᠯᠴᠠᠵᠠᠢ᠃ |