ᠪᠠᠷᠠᠭᠤᠨ ᠦᠵᠦᠮᠦᠴᠢᠨ  ᠬᠤᠰᠢᠭᠤᠨ ᠤ  ᠰᠢᠨ᠎ᠡ  ᠲᠢᠳᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰ᠊​‍ᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠪᠦᠬᠦ  ᠠᠷᠠᠳ ᠤᠨ ᠪᠥᠭᠡᠮ ᠬᠦᠴᠢᠯ ᠢ ᠪᠠᠶᠢᠴᠠᠭᠠᠯᠳᠠ ᠬᠢᠬᠦ ᠰᠣᠷᠢᠯᠲᠠ ᠶᠢ ᠵᠤᠬᠢᠶᠠᠨ ᠪᠠᠶᠢᠭᠤᠯᠵᠤ ᠥᠷᠨᠢᠭᠦᠯᠬᠦ ᠲᠤᠬᠠᠶ ᠵᠠᠷᠯᠠᠯ    ︵12 ᠳ᠋ᠤᠭᠠᠷ ᠲᠣᠭᠠ᠊
ᠨᠡᠶᠢᠲᠡᠯᠡᠭᠰᠡᠨ ᠴᠠᠭ᠄
2020/12/21
ᠪᠠᠷᠠᠭᠤᠨ ᠦᠵᠦᠮᠦᠴᠢᠨ  ᠬᠤᠰᠢᠭᠤᠨ ᠤ  ᠰᠢᠨ᠎ᠡ  ᠲᠢᠳᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠪᠦᠬᠦ  ᠠᠷᠠᠳ ᠤᠨ ᠪᠥᠭᠡᠮ ᠬᠦᠴᠢᠯ ᠢ ᠪᠠᠶᠢᠴᠠᠭᠠᠯᠳᠠ ᠬᠢᠬᠦ ᠰᠣᠷᠢᠯᠲᠠ ᠶᠢ ᠵᠤᠬᠢᠶᠠᠨ ᠪᠠᠶᠢᠭᠤᠯᠵᠤ ᠥᠷᠨᠢᠭᠦᠯᠬᠦ ᠲᠤᠬᠠᠶ ᠵᠠᠷᠯᠠᠯ    ︵12 ᠳ᠋ᠤᠭᠠᠷ ᠲᠣᠭᠠᠳᠣ︶ᠥᠷᠭᠡᠨ ᠤᠯᠠᠨ ᠰᠠᠭᠤᠭᠠᠯᠢ ᠠᠷᠠᠳ  ᠲᠠᠨ᠎ᠠ᠄ᠬᠢᠵᠢᠭ ᠡᠭᠦᠰᠴᠦ ᠮᠡᠳᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠪᠦᠬᠦ ᠠᠷᠠᠳ ᠤᠨ ᠪᠥᠭᠡᠮ ᠬᠦᠴᠢᠯ  ᠤᠨ ᠪᠠᠶᠢᠴᠠᠭᠠᠯᠲᠠ ᠶᠢᠨ ᠠᠵᠢᠯ ᠤᠨ ᠲᠥᠰᠦᠯ ᠪᠣᠯᠤᠨ ᠠᠵᠢᠯ ᠤᠨ ᠠᠯᠬᠤᠮ ᠲᠠᠷᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠨ ᠤ ᠬᠤᠰᠢᠭᠤᠨ ᠤ ᠡᠪᠦᠯ ᠬᠠᠪᠤᠷ ᠤᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠤᠤᠷᠢᠶᠠᠳᠤᠨ ᠲᠠᠭᠠᠬᠤ ᠴᠢᠳᠠᠪᠤᠷᠢ ᠶᠢ ᠰᠢᠯᠭᠠᠵᠤ᠂ ᠪᠦᠬᠦ ᠠᠷᠠᠳ ᠤᠨ ᠪᠦᠭᠡᠮ ᠬᠦᠴᠢᠯ ᠢ ᠪᠠᠶᠢᠴᠠᠭᠠᠬᠤ ᠠᠵᠢᠯ ᠢ ᠲᠦᠷᠭᠡᠨ᠂ ᠥᠨᠳᠥᠷ  ᠪᠥᠳᠥᠮᠵᠢᠳᠡᠢ᠂ ᠡᠮᠬᠢ ᠵᠢᠷᠤᠮ ᠲᠠᠢ ᠰᠠᠶᠢᠲᠤᠷ ᠬᠢᠬᠦ ᠶᠢ ᠪᠠᠳᠤᠯᠠᠨ᠂ ᠰᠢᠨᠵᠢᠯᠡᠬᠦ ᠤᠬᠠᠭᠠᠨᠴᠢ ᠣᠨᠣᠪᠴᠢᠲᠠᠶ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠥᠯᠥᠭᠡ᠂ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠰᠣᠳᠣᠯᠣᠨ ᠶᠠᠷᠢᠯᠴᠠᠬᠤ ᠪᠠᠷ ᠲᠠᠮᠵᠢᠨ᠂ ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠠᠵᠢᠯᠲᠠᠳ ᠤᠨ ᠠᠵᠢᠯᠯᠠᠭᠠᠨ ᠤ ᠭᠡᠷ  ᠲᠤ ᠪᠥᠬᠦ  ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠤᠭᠲᠠᠪᠠ᠃ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠵᠠᠷᠯᠠᠶ᠎ᠠ᠄ᠨᠢᠭᠡ᠂ ᠰᠣᠷᠢᠯᠲᠠ ᠳᠤ ᠣᠷᠣᠯᠴᠠᠬᠤ ᠲᠡᠷᠭᠡ ᠤᠨᠤᠭ᠎ᠠ ᠪᠠ ᠬᠥᠮᠦᠰ ᠰᠣᠷᠢᠯᠲᠠ ᠬᠢᠬᠦ ᠲᠤᠭᠤᠷᠢᠭ ᠲᠤ ᠴᠤᠭᠯᠠᠷᠠᠵᠤ᠂ ᠡᠮᠴᠢ ᠰᠤᠪᠢᠯᠠᠭᠴᠢᠳ ᠡᠮᠨᠡᠯᠭᠡ ᠶᠢᠨ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠰᠣᠷᠢᠯᠲᠠ ᠬᠢᠬᠦ ᠲᠤᠬᠠᠶ ᠶᠢᠨ ᠲᠠᠯᠠᠪᠠᠢ  ᠳᠤ ᠬᠥᠮᠦᠰ ᠢ ᠡᠵᠡᠮᠳᠡᠨ ᠬᠠᠮᠢᠶᠠᠷᠬᠤ ᠲᠤᠯᠠ ᠥᠷᠭᠡᠨ ᠣᠯᠠᠨ ᠰᠠᠭᠤᠭᠠᠯᠢ ᠠᠷᠠᠳ ᠭᠡᠯᠮᠡᠭᠳᠡᠬᠦ ᠬᠡᠷᠡᠭ ᠦᠭᠡᠢ᠂ ᠬᠡᠪ ᠤᠨ ᠠᠮᠢᠳᠤᠷᠠᠯ ᠤᠨ ᠡᠮᠬᠢ ᠳᠢᠭᠯᠢᠮ ᠢᠶᠠᠨ ᠪᠠᠲᠤᠯᠠᠵᠤ᠂ ᠡᠭᠦᠨ ᠠᠴᠠ ᠪᠣᠯᠵᠤ ᠴᠤᠤᠷᠬᠠᠯ ᠲᠠᠯᠪᠢᠵᠤ᠂ ᠴᠤᠤᠷᠬᠠᠯ ᠢ ᠢᠳᠡᠭᠡᠨ᠂ ᠴᠤᠤᠷᠬᠠᠯ ᠲᠠᠷᠬᠠᠭᠠᠵᠤ  ᠨᠡᠶᠢᠭᠡᠮ   ᠳᠤ ᠮᠠᠭᠤ ᠨᠥᠯᠥᠭᠡ ᠭᠠᠷᠭᠠᠬᠤ  ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠃ᠬᠤᠶᠠᠷ᠂ ᠰᠣᠷᠢᠯᠲᠠ ᠶᠢᠨ ᠡᠮᠬᠢ ᠲᠢᠭᠯᠢᠮ ᠪᠠ ᠠᠵᠢᠯᠲᠠᠨ ᠤ ᠠᠮᠤᠷ ᠲᠦᠪᠰᠢᠨ ᠢ  ᠪᠠᠲᠤᠯᠠᠵᠤ᠂ ᠲᠦᠭᠵᠢᠷᠡᠯ ᠪᠠ ᠭᠡᠨᠡᠳᠲᠡ ᠶᠢᠨ ᠬᠡᠷᠡᠭ ᠡᠭᠦᠰᠬᠦ ᠠᠴᠠ  ᠵᠠᠶᠢᠯᠠᠰᠬᠢᠬᠦ ᠶᠢᠨ ᠲᠦᠯᠦᠭᠡ᠂ ᠥᠷᠭᠡᠨ ᠤᠯᠠᠨ ᠰᠠᠭᠤᠭᠠᠯᠢ ᠠᠷᠠᠳ ᠪᠦᠭᠡᠮᠨᠡᠷᠡᠨ‌ᠦᠵᠡᠵᠦ ᠪᠣᠯᠬᠤ ᠦᠭᠡᠢ᠂ ᠵᠥᠪᠰᠢᠶᠡᠷᠡᠯ ᠦᠭᠡᠢ ᠪᠠᠷ ᠰᠣᠷᠢᠯᠲᠠ ᠶᠢᠨ ᠲᠠᠯᠠᠪᠠᠢ ᠶᠢ ᠰᠡᠭᠦᠳᠡᠷᠯᠡᠵᠦ ᠪᠣᠯᠬᠤ ᠦᠭᠡᠢ᠂ ᠬᠠᠮᠢᠶ᠎ᠠ ᠪᠦᠬᠦᠢ ᠮᠡᠳᠡᠭᠡ ᠵᠠᠩᠭᠢ᠂ ᠵᠢᠷᠤᠭ᠂ ᠸᠢᠳᠢᠣ᠋ ᠶᠢ ᠰᠦᠯᠵᠢᠶᠡᠨ ᠳᠤ ᠭᠠᠷᠭᠠᠵᠤ ᠪᠣᠯᠬᠤ ᠦᠭᠡᠢ᠃ᠭᠤᠷᠪᠠ᠂ ᠰᠣᠷᠢᠯᠲᠠ ᠳᠤ  ᠣᠷᠣᠯᠴᠠᠬᠤ ᠰᠠᠭᠤᠭᠠᠯᠢ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠵᠡᠭᠦᠵᠦ᠂ ᠠᠮᠤᠷ ᠲᠦᠪᠰᠢᠨ ᠵᠠᠶ ᠶᠢ ᠪᠠᠲᠤᠯᠠᠨ᠂ ᠲᠤᠰ ᠬᠥᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ ᠴᠠᠭ ᠲᠠᠭᠠᠨ ᠲᠣᠭᠳᠠᠭᠰᠠᠨ ᠴᠤᠭᠯᠠᠬᠤ ᠭᠠᠵᠠᠷ ᠲᠤ ᠬᠦᠷᠴᠦ᠂ ᠤᠬᠠᠮᠰᠠᠷ ᠠᠴᠠ ᠪᠠᠨ ᠮᠥᠷᠯᠡᠵᠦ᠂ ᠲᠤᠬᠠᠶ ᠶᠢᠨ ᠲᠠᠯᠠᠪᠠᠢ ᠶᠢᠨ ᠡᠮᠬᠢ ᠲᠢᠭᠯᠢᠮ ᠢ ᠵᠢᠷᠤᠮᠯᠠᠨ ᠰᠠᠬᠢᠵᠤ᠂ ᠠᠵᠢᠯᠲᠠᠨ ᠤ ᠵᠢᠯᠣᠭᠤᠳᠣᠯᠭ᠎ᠠ ᠶᠢ ᠳᠠᠭᠠᠬᠤ ᠬᠡᠷᠡᠭᠲᠡᠢ᠃ᠲᠥᠷᠪᠡ᠂ ᠰᠣᠷᠢᠯᠲᠠ ᠳᠤ ᠣᠷᠣᠯᠴᠠᠬᠤ ᠡᠯ᠎ᠡ ᠰᠠᠯᠠᠭ᠎ᠠ ᠮᠥᠴᠢᠷ ᠨᠢᠭᠡᠴᠡ ᠲᠣᠰ ᠲᠣᠰ ᠤᠨ ᠲᠣᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ᠡᠭᠦᠨ ᠤ ᠲᠤᠯᠠ ᠣᠨᠴᠠᠭᠠᠶᠢᠯᠠᠨ ᠵᠠᠷᠯᠠᠪᠠ᠃ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ  ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ2020 ᠣᠨ ᠤ  12  ᠰᠠᠷ᠎ᠠ  ᠶᠢᠨ  16   ᠤ  ᠡᠳᠦᠷ    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号