ᠢᠰᠡᠬᠡᠢ ᠤᠷᠠᠯᠠᠯ ᠤᠨ ᠬᠠᠳᠬᠤᠮᠠᠯ ᠢᠶᠠᠨ ᠤᠯᠠᠮᠵᠢᠯᠠᠨ ᠲᠡᠯᠭᠡᠷᠡᠭᠦᠯᠵᠦ ᠶᠠᠪᠤᠭ᠎ᠠ
ᠨᠡᠶᠢᠲᠡᠯᠡᠭᠰᠡᠨ ᠴᠠᠭ᠄
2020/12/25
                ᠢᠰᠡᠬᠡᠢ ᠤᠷᠠᠯᠠᠯ ᠤᠨ ᠬᠠᠳᠬᠤᠮᠠᠯ ᠢᠶᠠᠨ                    ᠤᠯᠠᠮᠵᠢᠯᠠᠨ ᠲᠡᠯᠭᠡᠷᠡᠭᠦᠯᠵᠦ ᠶᠠᠪᠤᠭ᠎ᠠ                         ᠦᠨᠢ ᠤᠳᠠᠭᠠᠨ ᠤ ᠨᠡᠭᠦᠳᠡᠯ ᠮᠠᠯᠵᠢᠯ ᠤᠨ ᠲᠤᠮᠳᠠ ᠦᠵᠦᠮᠦᠴᠢᠨ ᠪᠦᠰᠡᠭᠦᠶᠢᠴᠦᠳ ᠠᠮᠢᠳᠤᠷᠠᠯ ᠦᠢᠯᠡᠳᠪᠦᠷᠢᠯᠡᠯ  ᠳᠡᠭᠡᠨ ᠤᠭᠠᠯᠵᠠ ᠬᠠᠤᠬᠤᠮᠠᠯ ᠢᠶᠠᠨ ᠬᠡᠷᠡᠭᠯᠡᠵᠦ ᠤᠳᠤ ᠪᠤᠯᠳᠠᠯ᠎ᠠ ᠤᠯᠠᠮᠵᠢᠯᠠᠭᠰᠠᠭᠠᠷ ᠢᠷᠡᠭᠰᠡᠨ ᠶᠤᠮ᠃ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠤᠯ ᠪᠠᠯᠭᠠᠰᠤᠨ ᠤ ᠪᠠᠶ᠋ᠬᠠᠷᠬᠡᠳᠦ ᠭᠠᠴᠠᠭ᠎ᠠ ᠪᠠᠷ ᠨᠤᠳᠤᠭ ᠲᠠᠢ ᠮᠠᠯᠴᠢᠨ ᠡᠵᠢ ᠤᠷᠠᠨ᠎ᠠ ᠦᠵᠦᠮᠦᠴᠢᠨ ᠢᠰᠡᠭᠡᠢ ᠬᠠᠳᠬᠤᠮᠠᠯ ᠢᠶᠠᠨ ᠰᠢᠷᠢᠵᠦ ᠤᠷᠠᠯᠠᠨ ᠤᠯᠠᠮᠵᠢᠯᠠᠨ ᠲᠡᠯᠭᠡᠷᠡᠭᠦᠯᠵᠦ ᠶᠠᠪᠤᠨ᠎ᠠ᠃  ᠬᠦᠳᠡᠭᠡ ᠨᠤᠳᠤᠭ ᠲᠤ ᠦᠰᠦᠭᠰᠡᠨ ᠮᠠᠯᠴᠢᠨ ᠤ ᠬᠡᠤᠬᠡᠳ ᠡᠷᠳᠡ ᠠᠵᠢᠯ ᠳᠤ ᠤᠷᠤᠵᠤ ᠤᠬᠠᠭ᠎ᠠ ᠰᠠᠭᠤᠳᠠᠭ ᠪᠢᠯᠡ ᠃ ᠤᠷᠠᠨ᠎ᠠ ᠲᠤᠯᠤᠭ᠎ᠠ ᠨᠠᠢᠮᠠᠨ ᠨᠠᠰᠤᠨ ᠠᠴᠠ ᠪᠠᠨ ᠡᠵᠢ ᠠᠴᠠ ᠪᠠᠨ ᠤᠶᠤᠵᠤ ᠰᠢᠷᠢᠬᠦ ᠶᠢ ᠰᠤᠷᠴᠤ᠂ ᠠᠷᠪᠠᠨ ᠲᠤᠯᠤᠭ᠎ᠠ ᠨᠠᠢᠮᠠᠨ ᠨᠠᠰᠤᠨ ᠠᠴᠠ ᠪᠠᠨ ᠡᠯ᠎ᠡ ᠵᠦᠢᠯ ᠤᠨ ᠤᠶᠤᠳᠠᠯ ᠰᠢᠷᠢᠮᠡᠯ ᠢ ᠪᠡᠶ᠎ᠡ ᠪᠠᠨ  ᠲᠠᠭᠠᠭᠠᠨ ᠬᠢᠵᠦ ᠰᠤᠷᠴᠠᠢ᠃ ᠡᠭᠦᠨ ᠠᠴᠠ ᠬᠤᠶᠢᠰᠢ ᠤᠷᠠᠨ᠎ᠠ ᠤᠶᠤᠵᠤ ᠰᠢᠷᠢᠬᠦ ᠠᠵᠢᠯ ᠢᠶᠠᠨ ᠶᠡᠷᠦ ᠤᠷᠬᠢᠭᠰᠠᠨ ᠦᠭᠡᠢ᠃ ᠬᠦᠳᠡᠭᠡ ᠨᠤᠳᠤᠭ ᠲᠤ ᠤᠶᠤᠳᠠᠯ ᠰᠢᠷᠢᠮᠡᠯ ᠤᠨ ᠦᠢᠯᠡ ᠨᠢᠭᠡ ᠦᠶ᠎ᠡ ᠪᠠᠭᠠᠰᠴᠤ ᠪᠠᠶᠢᠭᠰᠠᠨ ᠲᠡᠷᠡ ᠴᠠᠭ ᠦᠶ᠎ᠡ ᠳᠤ ᠴᠦ ᠴᠢᠯᠦᠭᠡ ᠵᠠᠪ ᠢᠶᠠᠷ ᠢᠶᠠᠨ ᠮᠦᠨ ᠯᠡ ᠦᠢᠯᠡ ᠤᠶᠤᠳᠠᠯ ᠢᠶᠠᠨ ᠤᠶᠤᠵᠤ᠂ ᠨᠡᠩ ᠴᠦ ᠠᠶᠠᠭᠠᠨ ᠲᠠᠭᠠᠷᠴᠤᠭ᠂ ᠲᠡᠪᠤᠷ᠎ᠠ ᠶᠢᠨ ᠲᠠᠯᠪᠢᠭᠤᠷ᠂ ᠵᠢᠵᠢᠭ ᠪᠤᠭᠴᠤ ᠵᠡᠷᠭᠡ ᠢᠰᠡᠬᠡᠢ ᠪᠠᠷ ᠤᠶᠤᠵᠦ ᠰᠢᠷᠢᠭᠰᠡᠨ ᠬᠠᠳᠬᠤᠮᠠᠯ ᠢᠶᠠᠨ ᠰᠠᠳᠤᠨ ᠲᠦᠷᠦᠯ ᠰᠠᠭᠠᠬᠠᠯᠳᠠ ᠠᠶᠢᠯ ᠤᠨ ᠬᠢᠨ ᠳᠠᠭᠠᠨ ᠪᠡᠯᠡᠭ ᠪᠤᠯᠭᠠᠨ ᠦᠭᠳᠡᠭ ᠪᠠᠶᠢᠵᠠᠢ᠃   ᠤᠶᠢᠷ᠎ᠠ ᠶᠢᠨ ᠵᠢᠯ ᠳᠤ ᠤᠷᠤᠨ ᠨᠤᠳᠤᠭ ᠤᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠨᠢ ᠦᠨᠳᠦᠰᠦᠳᠡᠨ  ᠤ ᠤᠯᠠᠮᠵᠢᠯᠠᠯᠳᠤ ᠭᠠᠷ ᠤᠷᠠᠯᠠᠯ ᠤᠨ ᠦᠢᠯᠡᠰ ᠲᠤ ᠰᠢᠨ᠎ᠡ ᠵᠠᠬ᠎ᠠ ᠲᠡᠯᠭᠡᠭᠦᠷ ᠢ ᠬᠠᠩᠭᠠᠭᠰᠠᠨ ᠪᠠᠶᠢᠨ᠎ᠠ᠃ ᠤᠷᠠᠨ᠎ᠠ ᠴᠦ ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠵᠤᠬᠢᠴᠠᠭᠤᠯᠤᠨ ᠵᠠᠮ ᠨᠡᠪᠳᠡᠷᠡᠯᠭᠡ ᠪᠠ ᠰᠢᠨ᠎ᠡ ᠵᠠᠭᠤᠴᠢᠯᠠᠭᠤᠷ  ᠤᠨ ᠲᠦᠭᠦᠮ ᠨᠦᠬᠦᠴᠡᠯ ᠢ ᠠᠰᠢᠭᠯᠠᠨ ᠢᠰᠡᠬᠡᠢ ᠤᠷᠠᠯᠠᠯ ᠤᠨ ᠬᠠᠳᠬᠤᠮᠠᠯ ᠤᠨ ᠪᠦᠳᠦᠭᠡᠭᠳᠡᠭᠦᠨ ᠢᠶᠠᠨ ᠭᠠᠳᠠᠨ᠎ᠠ ᠤᠷᠤᠨ ᠳᠤ ᠪᠤᠷᠤᠯᠠᠭᠤᠯᠤᠨ ᠠᠵᠤ ᠠᠬᠤᠢ ᠶᠢᠨ ᠠᠰᠢᠭ ᠡᠭᠦᠳᠬᠦ ᠪᠤᠯᠵᠤ᠂ ᠵᠢᠯ ᠳᠤ ᠲᠦᠮᠡ ᠰᠢᠬᠠᠮ ᠲᠦᠭᠦᠷᠢᠭ  ᠤᠨ ᠤᠷᠤᠯᠭ᠎ᠠ ᠤᠯᠳᠠᠭ ᠪᠤᠯᠤᠭᠰᠠᠨ ᠪᠠᠶᠢᠨ᠎ᠠ᠃   ᠤᠷᠠᠨ᠎ᠠ ᠨᠠᠰᠤᠳᠠᠨ ᠤᠳᠤ ᠬᠦᠳᠡᠭᠡ ᠤᠷᠤᠨ ᠨᠤᠳᠤᠭ ᠲᠠᠭᠠᠨ ᠬᠡᠤᠬᠡᠳ ᠠᠴᠢᠨᠠᠷ   ᠲᠠᠢ ᠪᠠᠨ ᠬᠠᠮᠳᠤ ᠠᠵᠠ ᠵᠢᠷᠭᠠᠯ ᠲᠠᠢ ᠰᠠᠶᠢᠬᠠᠨ ᠠᠮᠢᠳᠤᠷᠠᠵᠦ ᠪᠠᠶᠢᠨ᠎ᠠ᠃ 2019 ᠤᠨ ᠳᠤ ᠲᠡᠷᠡ ᠪᠠᠷ ᠪᠠᠷᠠᠭᠤᠨ ᠦᠵᠦᠮᠦᠴᠢᠨ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠤᠨ ︽ᠦᠵᠦᠮᠦᠴᠢᠨ ᠬᠠᠳᠬᠤᠮᠠᠯ︾  ᠤᠨ ᠬᠤᠰᠢᠭᠤ ᠲᠡᠰ ᠤᠨ ᠤᠯᠠᠮᠵᠢᠯᠠᠭᠴᠢ ᠪᠠᠷ ᠦᠨᠡᠯᠡᠭᠳᠡᠵᠦ᠂ ᠦᠨᠳᠦᠰᠦᠳᠡᠨ ᠤ ᠢᠰᠡᠬᠡᠢ ᠤᠷᠠᠯᠠᠯ ᠤᠨ ᠬᠠᠳᠬᠤᠮᠠᠯ  ᠤᠨ ᠤᠷ᠎ᠠ ᠮᠡᠷᠭᠡᠵᠢᠯ ᠢᠶᠠᠨ ᠬᠡᠤᠬᠡᠳ ᠠᠴᠢᠨᠠᠷ ᠲᠠᠭᠠᠨ ᠤᠯᠠᠮᠵᠢᠯᠠᠨ ᠰᠤᠷᠭᠠᠵᠦ᠂ ᠦᠷ᠎ᠡ ᠬᠤᠶᠢᠴᠢᠰ ᠳᠠᠭᠠᠨ  ᠦᠪᠯᠡᠨ ᠵᠠᠯᠭᠠᠮᠵᠢᠯᠠᠭᠤᠯᠬᠤ ᠰᠠᠨᠠᠭ᠎ᠠ ᠵᠤᠷᠢᠯᠳᠠ ᠲᠠᠢ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号