ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠳᠡᠳ᠋ ᠱᠦᠵᠢ
ᠨᠡᠶᠢᠲᠡᠯᠡᠭᠰᠡᠨ ᠴᠠᠭ᠄
2020/12/3
ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠨ᠂ ᠳᠡᠳ᠋ ᠱᠦᠵᠢ ᠲᠤᠪᠴᠢ ᠨᠠᠮᠳᠠᠷ᠄   ᠦ᠋ ᠵᠦ᠂ ᠡᠷᠡᠭᠲᠡᠶ᠂ 1970 ᠣᠨ ᠤ 10 ᠰᠠᠷ᠎ᠠ ᠳᠤ ᠲᠦᠷᠦᠵᠠᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠎ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ᠃1990 ᠣᠨ ᠤ 9 ᠰᠠᠷ᠎ᠠ ᠠᠴᠠ 1992 ᠣᠨ ᠤ 7 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠦᠨᠳᠦᠰᠦᠲᠡᠨ ᠤ ᠪᠠᠭᠰᠢ ᠶᠢᠨ ᠳᠡᠭᠡᠳᠦ ᠰᠤᠷᠭᠠᠭᠤᠯᠢ ᠳᠤ ᠤᠯᠤᠰ ᠲᠥᠷᠥ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠢᠶᠠᠷ ᠰᠤᠷᠤᠯᠴᠠᠪᠠ᠃  1992 ᠣᠨ ᠤ 9 ᠰᠠᠷ᠎ᠠ ᠠᠴᠠ 1997 ᠣᠨ ᠤ 4 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠪᠠᠷ ᠠᠵᠢᠯᠯᠠᠪᠠ᠃   1997 ᠣᠨ ᠤ 4 ᠰᠠᠷ᠎ᠠ ᠠᠴᠠ 1997 ᠣᠨ ᠤ 11 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠪᠠᠷᠠᠭᠤᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠳᠤ ᠠᠵᠢᠯᠯᠠᠪᠠ᠃  1997 ᠣᠨ ᠤ 11 ᠰᠠᠷ᠎ᠠ ᠠᠴᠠ 2002 ᠣᠨ ᠤ 09 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ︵2002 ᠣᠨ ᠤ 1 ᠰᠠᠷ᠎ᠠ ᠳᠤ ᠳᠡᠳ᠋ ᠰᠠᠯᠠᠭᠠᠨ ᠲᠠᠰ ᠤᠨ ᠵᠣᠬᠢᠶᠠᠨ ᠪᠠᠶᠢᠭᠤᠯᠤᠭᠴᠢ ᠪᠣᠯᠪᠠ︶ ᠠᠵᠢᠯᠯᠠᠪᠠ᠃    2002 ᠣᠨ ᠤ 9 ᠰᠠᠷ᠎ᠠ ᠠᠴᠠ 2003 ᠣᠨ ᠤ 2 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠵᠠᠰᠠᠭ ᠤᠨ ᠱᠠᠭᠠᠷᠳᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠪᠠᠷ ᠠᠵᠢᠯᠯᠠᠪᠠ᠃    2003 ᠣᠨ ᠤ 02 ᠰᠠᠷ᠎ᠠ ᠠᠴᠠ 2007 ᠣᠨ ᠤ 09 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠨᠠᠮ ᠵᠠᠰᠠᠭ ᠤᠨ ᠱᠠᠭᠠᠷᠳᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠪᠠᠷ ᠠᠵᠢᠯᠯᠠᠪᠠ ︵ᠡᠨᠡᠬᠦ ᠬᠤᠭᠤᠴᠠᠭᠠᠨ ᠳᠤ᠄ 2000 ᠣᠨ ᠤ 3 ᠰᠠᠷ᠎ᠠ ᠠᠴᠠ 2003 ᠣᠨ ᠤ 6 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠲᠤᠰᠬᠠᠢ ᠮᠡᠷᠭᠡᠵᠢᠯ ᠢᠶᠠᠷ ᠰᠤᠷᠤᠯᠴᠠᠪᠠ︶ ︵2004 ᠣᠨ ᠤ 3 ᠰᠠᠷ᠎ᠠ ᠳᠤ᠂  ᠵᠢᠩᠬᠢᠨᠢ ᠰᠠᠯᠠᠭᠠᠨ ᠲᠠᠰ ᠤᠨ ᠬᠠᠷᠠᠭᠠᠯᠵᠠᠯ  ᠬᠦᠷᠲᠡᠪᠡ︶᠃    2007 ᠣᠨ ᠤ 9 ᠰᠠᠷ᠎ᠠ ᠠᠴᠠ 2013 ᠣᠨ ᠤ 09 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠪᠠᠷ ᠠᠵᠢᠯᠯᠠᠪᠠ ︵ᠡᠨᠡᠬᠦ ᠬᠤᠭᠤᠴᠠᠭᠠᠨ ᠳᠤ᠄ 2007 ᠣᠨ ᠤ 10 ᠰᠠᠷ᠎ᠠ — 2011 ᠣᠨ ᠤ 12 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠢᠶᠠᠷ ᠰᠤᠳᠤᠯᠬᠤ ᠰᠤᠷᠤᠭᠴᠢ ᠶᠢᠨ ᠠᠩᠭᠢ ᠳᠤ ᠰᠤᠷᠤᠯᠴᠠᠪᠠ︶᠃    2013 ᠣᠨ ᠤ 09 ᠰᠠᠷ᠎ᠠ ᠠᠴᠠ 2020 ᠣᠨ ᠤ 11 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号