ᠪᠠᠷᠠᠭᠤᠨ ᠦᠵᠦᠮᠦᠴᠢᠨ ᠬᠤᠰᠢᠭᠤ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠶᠢᠨ ᠤᠷᠲᠤ ᠬᠦᠰᠦᠨᠦᠭᠲᠦ ᠳᠤ ᠪᠦᠷᠢᠳᠬᠡᠨ ᠳᠠᠩᠰᠠᠯᠠᠬᠤ ᠠᠵᠢᠯ ᠢᠶᠠᠨ ᠠᠮᠵᠢᠯᠲᠠᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/12/3
  ᠪᠠᠷᠠᠭᠤᠨ ᠦᠵᠦᠮᠦᠴᠢᠨ ᠬᠤᠰᠢᠭᠤ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ︾ ᠶᠢᠨ ᠤᠷᠲᠤ ᠬᠦᠰᠦᠨᠦᠭᠲᠦ ᠳᠤ ᠪᠦᠷᠢᠳᠬᠡᠨ ᠳᠠᠩᠰᠠᠯᠠᠬᠤ ᠠᠵᠢᠯ ᠢᠶᠠᠨ ᠠᠮᠵᠢᠯᠲᠠᠲᠠᠢ ᠪᠡᠶᠡᠯᠡᠭᠦᠯᠪᠡ                         ᠡᠷᠦᠬᠡ ᠳᠤ ᠬᠦᠷᠴᠦ ᠪᠦᠷᠢᠳᠬᠡᠨ ᠳᠠᠩᠰᠠᠯᠠᠵᠤ ᠣᠬᠤᠷ ᠬᠦᠰᠦᠨᠦᠭᠲᠦ ᠶᠢ ᠲᠠᠭᠯᠠᠬᠤ ᠠᠵᠢᠯ ᠢ ᠢᠯᠭᠤᠮ ᠭᠦᠢᠴᠡᠳᠬᠡᠭᠰᠡᠨ ᠤ ᠳᠠᠷᠠᠭ᠎ᠠ᠂ ᠪᠠᠷᠠᠭᠤᠨ ᠦᠵᠦᠮᠦᠴᠢᠨ ᠬᠤᠰᠢᠭᠤᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠨᠢ 11 ᠰᠠᠷ᠎ᠠ ᠶᠢᠨ 16 ᠤ ᠡᠳᠦᠷ ᠠᠴᠠ ᠤᠷᠲᠤ ᠬᠦᠰᠦᠨᠦᠭᠲᠦ ᠳᠤ ᠪᠦᠷᠢᠳᠬᠡᠨ ᠳᠠᠩᠰᠠᠯᠠᠬᠤ ᠱᠠᠲᠤᠨ ᠳᠠᠭᠠᠨ ᠣᠷᠤᠵᠤ᠂ ᠣᠬᠤᠷ ᠬᠦᠰᠦᠨᠦᠭᠲᠦ ᠳᠤ ᠲᠡᠮᠳᠡᠭᠯᠡᠭᠰᠡᠨ ᠡᠷᠦᠬᠡ ᠶᠢᠨ 10% ᠶᠢ ᠨᠢ ᠤᠷᠲᠤ ᠬᠦᠰᠦᠨᠦᠭᠲᠦ ᠳᠤ ᠪᠦᠷᠢᠳᠬᠡᠨ ᠳᠠᠩᠰᠠᠯᠠᠪᠠ᠃ 11 ᠰᠠᠷ᠎ᠠ ᠶᠢᠨ 30 ᠤ ᠡᠳᠦᠷ ᠪᠣᠯᠲᠠᠯ᠎ᠠ᠂ ᠪᠦᠬᠦ ᠬᠤᠰᠢᠭᠤᠨ ᠤ 250 ᠭᠠᠷᠤᠢ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢᠳ ᠴᠠᠭ ᠵᠥᠷᠢᠭᠦᠯᠦᠨ ᠠᠵᠢᠯᠯᠠᠵᠤ  ᠂ ᠴᠠᠭᠠᠨ+ ᠬᠠᠷ᠎ᠠ᠂ 5+2 ᠬᠡᠯᠪᠡᠷᠢ ᠶᠢ ᠠᠰᠢᠭᠯᠠᠨ᠂ ᠰᠠᠭᠤᠭᠠᠯᠢ ᠠᠷᠠᠳ ᠤᠨ ᠭᠡᠷ ᠲᠡᠭᠡᠨ ᠠᠮᠠᠷᠠᠵᠤ ᠪᠠᠶᠢᠬᠤ ᠬᠤᠭᠤᠴᠠᠭᠠᠨ ᠳᠤ ᠡᠷᠦᠬᠡ ᠳᠤ ᠬᠦᠷᠴᠦ ᠪᠦᠷᠢᠳᠬᠡᠨ ᠳᠠᠩᠰᠠᠯᠠᠬᠤ ᠠᠵᠢᠯ ᠢᠶᠠᠨ  ᠥᠷᠨᠢᠭᠦᠯᠵᠦ᠂ 11 ᠰᠠᠷ᠎ᠠ ᠶᠢᠨ 30 ᠤ ᠡᠳᠦᠷ ᠪᠣᠯᠬᠤ ᠳᠤ᠂ ᠪᠠᠷᠠᠭᠤᠨ ᠦᠵᠦᠮᠦᠴᠢᠨ ᠬᠤᠰᠢᠭᠤ ᠨᠢ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠪᠠᠨ ᠠᠮᠵᠢᠯᠲᠠᠲᠠᠢ ᠪᠡᠶᠡᠯᠡᠭᠦᠯᠦᠭᠰᠡᠨ ᠪᠠᠶᠢᠨ᠎ᠠ᠃      ᠣᠬᠤᠷ ᠬᠦᠰᠦᠨᠦᠭᠲᠦ ᠶᠢ ᠲᠠᠭᠯᠠᠬᠤ ᠠᠵᠢᠯ ᠲᠠᠢ ᠬᠠᠷᠢᠴᠠᠭᠤᠯᠪᠠᠯ ᠤᠷᠲᠤ ᠬᠦᠰᠦᠨᠦᠭᠲᠦ ᠳᠤ ᠪᠦᠷᠢᠳᠬᠡᠨ ᠳᠠᠩᠰᠠᠯᠠᠬᠤ ᠠᠵᠢᠯ ᠨᠢ ᠨᠡᠯᠢᠶᠡᠳ ᠪᠣᠳᠣᠯᠢᠶᠠᠨᠲᠠᠢ ᠪᠠᠶᠢᠵᠤ᠂ ᠨᠡᠶᠢᠲᠡ 46 ᠵᠦᠢᠯ ᠤᠨ ᠰᠤᠷᠠᠭ ᠵᠠᠩᠭᠢ ᠶᠢ ᠲᠠᠭᠯᠠᠳᠠᠭ᠃ ᠪᠦᠷᠢᠳᠬᠡᠨ ᠳᠠᠩᠰᠠᠯᠠᠬᠤ ᠠᠭᠤᠯᠭ᠎ᠠ ᠨᠢ ︽ᠡᠷᠦᠬᠡ ᠶᠢᠨ ᠲᠥᠷᠥᠯ ᠵᠦᠢᠯ︾ ᠪᠣᠯᠣᠨ ︽ᠬᠤᠪᠢ ᠬᠦᠮᠦᠨ ᠤ ᠲᠥᠷᠥᠯ ᠵᠦᠢᠯ︾ ᠭᠡᠬᠦ ᠬᠤᠶᠠᠷ ᠵᠦᠢᠯ ᠤᠨ ᠠᠭᠤᠯᠭ᠎ᠠ ᠳᠤ ᠬᠤᠯᠪᠣᠭᠳᠠᠵᠤ᠂ ᠨᠠᠷᠢᠨ ᠲᠣᠭᠠᠴᠢᠪᠠᠯ᠂ ᠣᠷᠣᠨ ᠰᠠᠭᠤᠴᠠ ᠶᠢᠨ ᠲᠠᠯᠠᠪᠠᠢ᠂ ᠣᠷᠣᠨ ᠰᠠᠭᠤᠴᠠ ᠶᠢ  ᠪᠦᠲᠦᠭᠡᠨ ᠪᠠᠶᠢᠭᠤᠯᠤᠭᠰᠠᠨ ᠣᠨ ᠵᠢᠯ᠂ ᠲᠥᠭᠡᠭᠡᠯ ᠤᠰᠤ᠂ ᠲᠣᠭᠤᠭᠠᠨ ᠭᠡᠷ᠂ ᠴᠠᠬᠢᠯᠭᠠᠨ ᠱᠠᠲᠤ᠂ ᠵᠣᠷᠯᠣᠩ ᠵᠡᠷᠭᠡ ᠣᠷᠣᠨ ᠰᠠᠭᠤᠴᠠ ᠶᠢᠨ ᠦᠨᠳᠦᠰᠦᠨ ᠳᠦᠬᠦᠭᠡᠷᠦᠮᠵᠢ ᠪᠠᠶᠢᠬᠤ ᠡᠰᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠵᠤ᠂ ᠪᠠᠰᠠ ᠬᠤᠪᠢ ᠬᠦᠮᠦᠨ ᠲᠠᠢ ᠬᠤᠯᠪᠣᠭᠳᠠᠬᠤ ᠰᠤᠷᠭᠠᠨ ᠬᠦᠮᠦᠵᠢᠯ ᠬᠦᠷᠲᠡᠭᠰᠡᠨ ᠪᠠᠶᠢᠳᠠᠯ᠂ ᠡᠷᠬᠢᠯᠡᠭᠰᠡᠨ ᠠᠵᠢᠯ ᠲᠥᠷᠥᠯ᠂ ᠲᠤᠬᠠᠶᠢᠯᠠᠭᠰᠠᠨ ᠠᠵᠢᠯ ᠮᠡᠷᠭᠡᠵᠢᠯ ᠵᠡᠷᠭᠡ ᠨᠠᠷᠢᠨ ᠠᠭᠤᠯᠭ᠎ᠠ ᠶᠢ ᠪᠠᠭᠲᠠᠭᠠᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠬᠠᠷᠠᠯᠲᠠ ᠳᠤ ᠴᠢᠭᠯᠡᠭᠦᠯᠬᠦ᠂ ᠠᠰᠠᠭᠤᠳᠠᠯ ᠳᠤ ᠴᠢᠭᠯᠡᠭᠦᠯᠬᠦ ᠶᠢ ᠪᠠᠷᠢᠮᠲᠠᠯᠠᠨ᠂  ᠠᠵᠢᠯ ᠤᠨ ᠳᠠᠷᠠᠭᠠᠯᠠᠯ ᠢᠶᠠᠨ ᠨᠠᠷᠢᠯᠢᠭᠵᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢᠶᠠᠨ ᠡᠳᠦᠷ ᠪᠦᠷᠢ ᠳᠡᠭᠡᠭᠰᠢ ᠮᠡᠳᠡᠭᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠭ᠎ᠠ ᠪᠠᠷᠢᠮᠲᠠ ᠶᠢᠨ ᠴᠢᠨᠠᠷ ᠢ ᠪᠠᠲᠤᠯᠬᠠᠤ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠴᠠ ᠶᠢ ᠰᠠᠶᠢᠲᠤᠷ ᠠᠳᠬᠤᠵᠤ᠂ ᠠᠬᠤᠢ ᠲᠠᠯᠠᠪᠤᠷ ᠤᠨ ᠪᠠᠶᠢᠴᠠᠭᠠᠨ ᠰᠤᠳᠤᠯᠤᠯᠲᠠ ᠪᠣᠯᠣᠨ ᠵᠢᠭᠠᠨ ᠵᠢᠯᠣᠭᠤᠳᠤᠯᠭ᠎ᠠ ᠶᠢ ᠴᠢᠩᠭᠠᠳᠬᠠᠪᠠ᠃ ᠪᠦᠬᠦ ᠬᠤᠰᠢᠭᠤᠨ ‍ᠤ‌ᠨᠡᠶᠢᠳᠡᠮ ᠪᠠᠶᠢᠴᠠᠭᠠᠯᠲᠠ ᠶᠢᠨ ᠠᠵᠢᠯᠲᠠᠳ ᠤᠨ ᠡᠳᠦᠷ ᠰᠦᠨᠢ ᠢᠯᠭᠠᠯ ᠦᠭᠡᠢ ᠬᠠᠲᠠᠭᠤᠵᠢᠯᠲᠠᠢ ᠠᠵᠢᠯᠯᠠᠬᠤ ᠪᠠᠷ ᠳᠠᠮᠵᠢᠨ᠂ ᠪᠠᠷᠠᠭᠤᠨ ᠦᠵᠦᠮᠦᠴᠢᠨ ᠬᠤᠰᠢᠭᠤᠨ ᠤ ᠤᠷᠲᠤ ᠬᠦᠰᠦᠨᠦᠭᠲᠦ ᠳᠤ ᠪᠦᠷᠢᠳᠬᠡᠨ ᠳᠠᠩᠰᠠᠯᠠᠬᠤ ᠠᠵᠢᠯ ᠨᠢ ᠬᠤᠭᠤᠴᠠᠭ᠎ᠠ ᠶᠣᠰᠣᠭᠠᠷ ᠠᠮᠵᠢᠯᠲᠠᠲᠠᠢ ᠳᠠᠭᠤᠰᠪᠠ᠃    ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠨᠢ ᠳᠡᠭᠡᠳᠦ ᠱᠠᠲᠤᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠥᠰᠥᠯ︾ ᠪᠣᠯᠣᠨ ︽ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠬᠦᠮᠦᠨ ᠠᠮᠠ ᠶᠢᠨ  ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠭᠠᠷᠠᠪᠴᠢᠯᠠᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠡᠭᠦᠷᠭᠡᠲᠦ ᠤᠬᠠᠮᠰᠠᠷ ᠢᠶᠠᠨ ᠤᠯᠠᠮ ᠴᠢᠩᠭᠠᠳᠬᠠᠨ᠂ ᠬᠠᠷᠢᠴᠠᠭᠤᠯᠤᠨ ᠳᠠᠬᠢᠨᠲᠠ ᠪᠠᠶᠢᠴᠠᠭᠠᠬᠤ᠂ ᠴᠢᠨᠠᠷ ᠴᠢᠨᠰᠠᠭ᠎ᠠ ᠶᠢ ᠰᠤᠭᠤᠴᠢᠨ ᠪᠠᠶᠢᠴᠠᠭᠠᠵᠤ ᠰᠢᠯᠭᠠᠨ ᠬᠦᠯᠢᠶᠡᠵᠦ ᠠᠪᠬᠤ ᠵᠡᠷᠭᠡ ᠠᠵᠢᠯ ᠢ ᠬᠢᠨᠠᠮᠠᠭᠠᠢ ᠰᠠᠶᠢᠨ ᠬᠢᠵᠦ᠂ ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠪᠠᠨ ᠴᠢᠨᠠᠷᠯᠢᠭ ᠪᠡᠶᠡᠯᠡᠭᠦᠯᠬᠦ ᠶᠢ ᠪᠠᠲᠤᠯᠠᠬᠤ ᠪᠣᠯᠣᠨ᠎ᠠ᠃    ᠠᠩᠬᠠᠷᠤᠭᠤᠯᠬᠤ ᠨᠢ᠄    ᠤᠯᠤᠰ ᠤᠨ ᠬᠦᠮᠦᠨ ᠠᠮᠠ ᠶᠢᠨ ᠪᠦᠷᠢᠳᠬᠡᠯ ᠳᠤ ᠬᠡᠨ ᠴᠤ ᠳᠤᠲᠠᠭᠳᠠᠵᠤ ᠪᠣᠯᠬᠤ ᠦᠭᠡᠢ᠃ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠭ᠎ᠠ ᠪᠠᠷᠢᠮᠲᠠ ᠶᠢᠨ ᠴᠢᠨᠠᠷ ᠢ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ᠥᠷᠭᠡᠨ ᠣᠯᠠᠨ ᠠᠷᠠᠳ ᠣᠯᠠᠨ ᠲᠦᠮᠡᠨ 12 ᠰᠠᠷ᠎ᠠ ᠶᠢᠨ 5 ᠤ ᠡᠳᠦᠷ ᠠᠴᠠ ᠡᠮᠦᠨ᠎ᠡ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠡᠷᠦᠬᠡ ᠳᠤ ᠬᠦᠷᠴᠦ ᠪᠦᠷᠢᠳᠬᠡᠨ ᠳᠠᠩᠰᠠᠯᠠᠬᠤ ᠠᠵᠢᠯ ᠥᠷᠨᠢᠭᠦᠯᠦᠭᠰᠡᠨ ᠦᠭᠡᠢ ᠪᠠᠶᠢᠳᠠᠯ ᠢ ᠬᠢᠨᠠᠵᠤ᠂ ᠬᠡᠷᠪᠡ ᠬᠦᠮᠦᠨ ᠢ ᠣᠷᠬᠢᠭᠳᠠᠭᠤᠯᠤᠭᠰᠠᠨ ᠵᠡᠷᠭᠡ ᠪᠠᠶᠢᠳᠠᠯ ᠣᠷᠣᠰᠢᠪᠠᠯ᠂ ᠳᠠᠷᠤᠶᠢᠬᠠᠨ ᠬᠤᠰᠢᠭᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠤᠲᠠᠰᠤᠳᠠᠨ ᠮᠡᠳᠡᠭᠦᠯᠦᠭᠡᠷᠡᠢ︕      ᠪᠠᠷᠠᠭᠤᠨ ᠦᠵᠦᠮᠦᠴᠢᠨ ᠬᠤᠰᠢᠭᠤᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠬᠢᠨᠠᠯᠲᠠ ᠲᠠᠯᠪᠢᠵᠤ ᠮᠡᠳᠡᠭᠦᠯᠬᠦ ᠤᠲᠠᠰᠤ᠄ 0479 - 3521157
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号