ᠪᠠᠷᠠᠭᠤᠨ ᠦᠵᠦᠮᠦᠴᠢᠨ ᠬᠤᠰᠢᠭᠤ ᠳᠡᠳ᠋ ᠭᠠᠵᠠᠷ ᠤᠨ ᠳᠡᠰ ᠠᠴᠠ ᠳᠡᠬᠡᠭᠰᠢ ᠣᠳᠣᠷᠢᠳᠬᠤ ᠺᠠᠳ᠋ᠷ ᠤᠨ ᠬᠤᠷᠠᠯ | ᠬᠤᠷᠠᠯᠳᠣᠨ ᠳᠣᠰᠢᠶᠠᠯ ᠬᠠᠷᠢᠭᠤᠴᠠᠯᠭ᠎ᠠ ᠶᠢᠨ ᠳᠣᠬᠢᠷᠠᠭᠤᠯᠣᠯᠳᠠ ᠬᠢᠵᠠᠢ | | | 2020 ᠣᠨ ᠤ 11 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ | ᠬᠤᠰᠢᠭᠤ ᠳᠡᠳ᠋ ᠭᠠᠵᠠᠷ ᠤᠨ ᠳᠡᠰ ᠠᠴᠠ ᠳᠡᠬᠡᠭᠰᠢ ᠣᠳᠣᠷᠢᠳᠬᠤ ᠺᠠᠳ᠋ᠷ ᠤᠨ ᠬᠤᠷᠠᠯ ᠬᠤᠷᠠᠯᠳᠣᠨ᠂ ᠠᠶᠢᠮᠠᠭ ᠤᠨ | ᠨᠠᠮ ᠤᠨ ᠬᠤᠷᠢᠶᠠᠨ ᠤ ᠺᠠᠳ᠋ᠷ ᠤᠨ ᠳᠣᠰᠢᠶᠠᠯ ᠬᠠᠷᠢᠭᠤᠴᠠᠯᠭ᠎ᠠ ᠶᠢᠨ ᠳᠣᠬᠢᠷᠠᠭᠤᠯᠣᠯᠳᠠ ᠶᠢᠨ ᠰᠢᠢᠳᠪᠦᠷᠢ ᠶᠢ | ᠳᠠᠮᠵᠢᠭᠤᠯᠵᠦ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠬᠤᠷᠠᠯ ᠡᠷᠬᠢᠯᠡᠵᠠᠢ᠃ | ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠤᠨ ᠵᠠᠯᠠᠭᠤ ᠺᠠᠳ᠋ᠷᠴᠣᠳ ᠤᠨ ᠰᠠᠯᠠᠭᠠᠨ ᠤ | ᠡᠷᠬᠢᠯᠡᠭᠴᠢ ᠳ᠋ᠦ᠋ ᠰᠢᠶᠣᠣ ᠵᠢᠶᠦ᠋ᠨ ᠨᠦᠬᠦᠷ ᠠᠴᠠ ᠠᠶᠢᠮᠠᠭ ᠤᠨ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠤᠨ ᠺᠠᠳ᠋ᠷ ᠤᠨ ᠳᠣᠰᠢᠶᠠᠯ ᠬᠠᠷᠢᠭᠤᠴᠠᠯᠭ᠎ᠠ ᠤᠨ ᠳᠣᠬᠢᠷᠠᠭᠤᠯᠣᠯᠳᠠ ᠶᠢᠨ | ᠪᠢᠴᠢᠭ ᠢ ᠣᠩᠰᠢᠨ ᠵᠠᠷᠯᠠᠵᠦ᠂ ᠦ᠋ ᠵᠦ ᠨᠦᠬᠦᠷ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ ᠶᠢᠨ ᠳᠣᠰᠢᠶᠠᠯ ᠳᠤ ᠭᠠᠷᠴᠦ᠂ ᠯᠢ ᠰᠢᠤᠸᠠᠢ ᠶᠢᠩ ᠨᠦᠬᠦᠷ ᠪᠠᠷᠠᠭᠤᠨ ᠦᠵᠦᠮᠦᠴᠢᠨ ᠬᠤᠰᠢᠭᠤᠨ ᠤ | ᠨᠠᠮ ᠤᠨ ᠬᠤᠷᠢᠶᠠᠨ ᠤ ᠬᠡᠰᠢᠬᠦᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠬᠠᠭᠤᠯᠬᠤ | ᠬᠡᠯᠳᠡᠰ ᠤᠨ ᠳᠠᠷᠤᠭ᠎ᠠ ᠶᠢᠨ ᠳᠣᠰᠢᠶᠠᠯ ᠳᠤ ᠭᠠᠷᠴᠦ᠂ ᠷᠧᠨ ᠳ᠋ᠧ ᠰᠢᠨ ᠨᠦᠬᠦᠷ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠬᠡᠰᠢᠬᠦᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠳᠣᠰᠢᠶᠠᠯ ᠳᠤ ᠭᠠᠷᠴᠦ᠂ ᠵᠢᠶᠠ ᠶᠥᠩ ᠰᠢᠶᠠ | ᠨᠦᠬᠦᠷ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ | ᠵᠢᠱᠢᠭᠳᠡᠭᠴᠢ ᠪᠠᠷ ᠰᠣᠩᠭᠤᠭᠳᠠᠭᠰᠠᠨ ᠪᠠᠶᠢᠨ᠎ᠠ᠃ | ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠤᠨ ᠭᠤᠷᠪᠠᠳᠣᠭᠠᠷ ᠳᠡᠰ ᠤᠨ | ᠪᠠᠶᠢᠴᠠᠭᠠᠨ ᠰᠣᠳᠣᠯᠣᠭᠴᠢ ᠸᠠᠩ ᠰᠢᠶᠣᠣ ᠳ᠋ᠦᠩ ᠨᠦᠬᠦᠷ ᠰᠢᠨ᠎ᠡ ᠳᠣᠰᠢᠶᠠᠯ ᠳᠤ ᠭᠠᠷᠣᠭᠰᠠᠨ ᠺᠠᠳ᠋ᠷ ᠤᠨ | ᠦᠨᠳᠦᠰᠦᠨ ᠪᠠᠶᠢᠳᠠᠯ ᠢ ᠳᠠᠨᠢᠯᠴᠠᠭᠤᠯᠬᠤ ᠶᠢᠨ ᠬᠠᠮᠳᠦ᠂ ᠣᠳᠣᠷᠢᠳᠬᠤ ᠺᠠᠳ᠋ᠷ ᠤᠨ ᠡᠩᠨᠡᠭᠡ ᠶᠢ ᠳᠠᠰᠣᠷᠠᠯᠳᠠ ᠦᠬᠡᠢ | ᠴᠢᠩᠭᠠᠳᠬᠠᠬᠤ ᠪᠠ ᠡᠬᠦᠷᠬᠡ ᠬᠠᠷᠢᠭᠤᠴᠠᠯᠭᠠᠳᠦ ᠣᠬᠠᠮᠰᠠᠷ ᠢ ᠳᠠᠰᠣᠷᠠᠯᠳᠠ ᠦᠬᠡᠢ ᠰᠠᠶᠢᠵᠢᠷᠠᠭᠤᠯᠬᠤ ᠲᠠᠯ᠎ᠠ ᠪᠠᠷ | ᠪᠣᠳᠠᠳᠠᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃ ᠡᠬᠦᠨ ᠤ ᠬᠠᠮᠳᠦ᠂ ᠰᠢᠨ᠎ᠡ ᠳᠣᠰᠢᠶᠠᠯ ᠳᠤ ᠭᠠᠷᠣᠭᠰᠠᠨ ᠺᠠᠳ᠋ᠷ | ᠠᠴᠠ ᠳᠠᠷᠠᠭᠠᠯᠠᠨ ᠣᠪᠣᠷ ᠢᠶᠠᠨ ᠢᠯᠡᠳᠬᠡᠨ ᠶᠠᠷᠢᠶ᠎ᠠ ᠳᠠᠯᠪᠢᠵᠠᠢ᠃ | ᠬᠤᠷᠠᠯ ᠤᠨ ᠡᠴᠦᠰ ᠲᠤ᠂ ᠬᠤᠰᠢᠭᠤ ᠨᠠᠮ ᠤᠨ ᠬᠤᠷᠢᠶᠠᠨ ᠤ ᠱᠦᠵᠢ ᠪᠠᠢ ᠶᠥᠩ ᠴᠦᠨ ᠨᠦᠬᠦᠷ ᠶᠠᠷᠢᠶ᠎ᠠ | ᠳᠠᠯᠪᠢᠨ ᠵᠢᠭᠠᠬᠤ ᠳᠤ ᠪᠠᠨ᠂ ᠳᠣᠰ ᠣᠳᠠᠭᠠᠨ ᠤ ᠺᠠᠳ᠋ᠷ ᠤᠨ ᠳᠣᠬᠢᠷᠠᠭᠤᠯᠣᠯᠳᠠ ᠪᠣᠯ ᠠᠶᠢᠮᠠᠭ ᠤᠨ ᠨᠠᠮ ᠤᠨ | ᠬᠤᠷᠢᠶ᠎ᠠ ᠠᠴᠠ ᠮᠠᠨ ᠤ ᠬᠤᠰᠢᠭᠤᠨ ᠤ ᠣᠳᠣᠷᠢᠳᠬᠤ ᠪᠠᠭ ᠤᠨ ᠪᠠᠶᠢᠭᠤᠯᠣᠯᠳᠠ ᠶᠢᠨ ᠪᠣᠳᠠᠳᠠᠢ ᠪᠠᠶᠢᠳᠠᠯ ᠵᠢᠴᠢ | ᠠᠵᠢᠯ ᠤᠨ ᠱᠠᠭᠠᠷᠳᠠᠯᠭ᠎ᠠ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠱᠠᠭᠠᠷᠳᠠᠯᠭ᠎ᠠ ᠶᠢ | ᠦᠨᠳᠦᠰᠦᠯᠡᠵᠦ᠂ ᠪᠦᠬᠦ ᠲᠠᠯ᠎ᠠ ᠶᠢ ᠪᠣᠳᠣᠯᠬᠢᠯᠠᠵᠦ᠂ ᠨᠠᠷᠢᠨ ᠨᠢᠮᠪᠠᠢ ᠰᠣᠳᠣᠯᠣᠨ ᠶᠠᠷᠢᠯᠴᠠᠬᠤ ᠪᠠᠷ ᠳᠠᠮᠵᠢᠨ | ᠳᠣᠭᠳᠠᠭᠠᠵᠦ᠂ ᠠᠶᠢᠮᠠᠭ ᠤᠨ ᠨᠠᠮ ᠤᠨ ᠬᠤᠷᠢᠶᠠᠨ ᠠᠴᠠ ᠪᠠᠷᠠᠭᠤᠨ ᠦᠵᠦᠮᠦᠴᠢᠨ ᠬᠤᠰᠢᠭᠤᠨ ᠤ ᠣᠳᠣᠷᠢᠳᠬᠤ | ᠪᠠᠭ ᠤᠨ ᠪᠦᠲᠦᠬᠡᠨ ᠪᠠᠶᠢᠭᠤᠯᠣᠯᠳᠠ ᠶᠢ ᠳᠡᠬᠡᠳᠦ ᠬᠡᠮᠵᠢᠶ᠎ᠡ ᠪᠠᠷ ᠬᠦᠨᠳᠦᠳᠬᠡᠨ ᠦᠵᠡᠵᠦ ᠪᠠᠶᠢᠭ᠎ᠠ ᠶᠢ ᠢᠯᠡᠷᠡᠬᠦᠯᠵᠦ | ᠪᠠᠶᠢᠨ᠎ᠠ ᠬᠡᠵᠠᠢ᠃ ᠡᠬᠦᠨ ᠤ ᠬᠠᠮᠳᠦ᠂ ᠪᠠᠢ ᠶᠥᠩ ᠴᠦᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠢ | ᠴᠢᠨᠠᠭᠰᠢᠳᠠ ᠲᠣᠣᠱᠯᠠᠭᠤᠯᠣᠨ ᠨᠠᠶᠢᠳᠠᠪᠣᠷᠢᠵᠢᠭᠤᠯᠬᠤ ᠲᠠᠯ᠎ᠠ ᠪᠠᠷ ᠳᠣᠣᠷᠠᠬᠢ ᠮᠡᠳᠦ ᠶᠢᠨ ᠰᠠᠨᠠᠯ ᠱᠠᠭᠠᠷᠳᠠᠯᠭ᠎ᠠ | ᠳᠣᠷᠠᠳᠣᠭᠰᠠᠨ ᠪᠠᠶᠢᠨ᠎ᠠ᠃ | ᠨᠢᠬᠡ ᠳᠤ᠂ ᠣᠯᠣᠰ ᠲᠦᠷᠦ ᠶᠢᠨ ᠵᠣᠭᠰᠣᠴᠠ ᠪᠠᠨ ᠦᠨᠳᠦᠷᠵᠢᠬᠦᠯᠵᠦ᠂ ᠳᠡᠬᠡᠷ᠎ᠡ ᠱᠠᠳᠦᠨ ᠤ ᠰᠢᠢᠳᠪᠦᠷᠢ | ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠬᠤ ᠬᠡᠷᠡᠭᠳᠡᠢ᠃ ᠡᠯ᠎ᠡ ᠱᠠᠳᠦᠨ ᠤ ᠣᠳᠣᠷᠢᠳᠬᠤ ᠺᠠᠳ᠋ᠷ | ᠡᠷᠬᠡᠪᠰᠢ ᠣᠯᠣᠰ ᠲᠦᠷᠦ ᠶᠢᠨ ᠵᠣᠭᠰᠣᠴᠠ ᠪᠠᠨ ᠳᠠᠰᠣᠷᠠᠯᠳᠠ ᠦᠬᠡᠢ ᠦᠨᠳᠦᠷᠵᠢᠬᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ | ᠲᠡᠷᠢᠬᠦᠨ ᠴᠢᠬᠤᠯᠠ ᠣᠯᠣᠰ ᠲᠦᠷᠦ ᠶᠢᠨ ᠡᠬᠦᠷᠬᠡ ᠪᠣᠯᠭᠠᠬᠤ ᠶᠢ ᠪᠠᠷᠢᠮᠳᠠᠯᠠᠵᠦ᠂ ᠣᠬᠠᠮᠰᠠᠷ ᠠᠴᠠ ᠪᠠᠨ ᠨᠠᠮ ᠤᠨ | ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠴᠦ᠂ ᠠᠵᠢᠯ ᠢᠶᠠᠨ | ᠲᠦᠯᠬᠢᠨ ᠣᠷᠣᠭᠰᠢᠯᠠᠭᠤᠯᠵᠦ᠂ ᠲᠥᠪ᠂ ᠥᠪᠡᠷᠳᠡᠬᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ | ᠬᠤᠰᠢᠭᠤ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠣᠯᠳᠠ ᠶᠢ ᠪᠣᠳᠠᠳᠠᠢ ᠳᠤ ᠨᠠᠶᠢᠳᠠᠪᠣᠷᠢᠵᠢᠭᠤᠯᠬᠤ ᠬᠡᠷᠡᠭᠳᠡᠢ | ᠃ ᠬᠤᠶᠠᠷ ᠲᠤ᠂ ᠪᠦᠯᠬᠦᠮᠳᠡᠨ ᠨᠢᠭᠳᠠᠷᠠᠵᠦ ᠪᠣᠳᠠᠳᠠᠢ ᠶᠢ ᠡᠷᠬᠢᠮᠯᠡᠨ᠂ ᠠᠵᠢᠯ ᠬᠢᠵᠦ ᠦᠢᠯᠡᠰ ᠪᠣᠰᠬᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠳᠡᠢ᠃ ᠠᠷᠠᠳᠴᠢᠯᠠᠯ ᠲᠥᠪᠯᠡᠷᠡᠯ ᠤᠨ ᠵᠠᠷᠴᠢᠮ ᠢ ᠪᠠᠷᠢᠮᠳᠠᠯᠠᠵᠦ᠂ | ᠺᠠᠳ᠋ᠷᠴᠣᠣᠯ ᠤᠨ ᠢᠳᠡᠪᠬᠢᠵᠢᠯ ᠪᠠ ᠣᠬᠠᠮᠰᠠᠷ ᠢ ᠳᠠᠰᠣᠷᠠᠯᠳᠠ ᠦᠬᠡᠢ ᠳᠡᠬᠡᠭᠰᠢᠯᠡᠬᠦᠯᠵᠦ᠂ ᠰᠡᠳᠬᠢᠯ ᠨᠢᠬᠡᠳᠦᠨ | ᠬᠦᠴᠦ ᠪᠠᠨ ᠬᠠᠮᠳᠣᠳᠬᠠᠨ᠂ ᠨᠠᠮᠳᠦ ᠴᠢᠨᠠᠷ ᠢ ᠪᠠᠷᠢᠮᠳᠠᠯᠠᠨ᠂ ᠵᠠᠷᠴᠢᠮ ᠢ ᠴᠢᠩᠭ᠎ᠠ ᠠᠳᠬᠤᠵᠦ᠂ ᠬᠠᠮᠳᠦ ᠪᠠᠷ | ᠴᠢᠷᠮᠠᠶᠢᠨ᠂ ᠺᠠᠳ᠋ᠷᠴᠣᠳ ᠤᠨ ᠪᠦᠬᠦᠶᠢᠯᠡ ᠴᠣᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ᠃ | ᠭᠤᠷᠪᠠ ᠳᠤ᠂ ᠳᠣᠰᠢᠶᠠᠯ ᠬᠠᠷᠢᠭᠤᠴᠠᠯᠭ᠎ᠠ ᠪᠠᠨ ᠵᠣᠷᠢᠭᠳᠠᠢ ᠡᠬᠦᠷᠬᠡᠯᠡᠵᠦ᠂ ᠪᠦᠬᠦ ᠬᠤᠰᠢᠭᠤᠨ ᠤ ᠠᠵᠢᠯ ᠤᠨ ᠰᠢᠨ᠎ᠡ | ᠲᠥᠯᠥᠪ ᠪᠠᠶᠢᠳᠠᠯ ᠢ ᠴᠣᠭᠴᠠᠯᠠᠨ ᠪᠠᠶᠢᠭᠤᠯᠬᠤ ᠬᠡᠷᠡᠭᠳᠡᠢ᠃ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠬᠡᠨ | ᠪᠠᠶᠢᠭᠤᠯᠬᠤ ᠬᠠᠷᠠᠯᠳᠠ ᠡᠬᠦᠷᠬᠡ ᠶᠢ ᠴᠢᠩᠭ᠎ᠠ ᠠᠳᠬᠤᠵᠦ᠂ ᠬᠦᠮᠦᠨ ᠢᠶᠠᠷ ᠦᠨᠳᠦᠰᠦ ᠪᠣᠯᠭᠠᠬᠤ ᠬᠦᠭᠵᠢᠯᠳᠡ ᠶᠢᠨ | ᠦᠵᠡᠯᠳᠡ ᠶᠢ ᠪᠠᠷᠢᠮᠳᠠᠯᠠᠨ᠂ ᠬᠦᠭᠵᠢᠯᠳᠡ ᠶᠢᠨ ᠳᠣᠮᠳᠠ ᠳᠣᠭᠳᠠᠭᠤᠨ ᠢᠶᠠᠷ ᠣᠷᠣᠭᠰᠢᠯᠠᠬᠤ ᠠᠵᠢᠯ ᠤᠨ ᠶᠡᠷᠦᠩᠭᠡᠢ | ᠬᠦᠭ ᠠᠶᠢᠵᠢᠮ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠶᠢᠯᠭᠠᠭᠳᠠᠬᠤᠨ ᠢ ᠲᠣᠣᠱᠯᠠᠭᠤᠯᠣᠨ᠂ ᠠᠰᠠᠭᠤᠳᠠᠯ | ᠢᠶᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠣᠨ᠂ ᠵᠠᠰᠠᠯᠳᠠ | ᠶᠢᠨ ᠴᠢᠳᠠᠪᠣᠷᠢ ᠶᠢ ᠳᠡᠬᠡᠭᠰᠢᠯᠡᠬᠦᠯᠦᠨ᠂ ᠠᠵᠢᠯ ᠢᠶᠠᠨ ᠪᠣᠳᠠᠳᠠᠶᠢᠵᠢᠭᠤᠯᠬᠤ ᠬᠡᠷᠡᠭᠳᠡᠢ᠃ ᠳᠥᠷᠪᠡ ᠳᠤ᠂ ᠠᠷᠢᠭᠤᠨ | ᠴᠢᠬᠡᠴᠢ ᠪᠠᠷ ᠪᠡᠶ᠎ᠡ ᠪᠠᠨ ᠵᠠᠰᠠᠬᠤ ᠶᠢ ᠪᠠᠷᠢᠮᠳᠠᠯᠠᠵᠦ᠂ ᠰᠠᠶᠢᠨ ᠰᠠᠶᠢᠬᠠᠨ ᠣᠯᠣᠰ ᠲᠦᠷᠦ ᠶᠢᠨ ᠣᠷᠴᠢᠨ ᠲᠣᠭᠤᠷᠢᠨ ᠢ | ᠪᠠᠶᠢᠭᠤᠯᠬᠤ ᠬᠡᠷᠡᠭᠳᠡᠢ᠃ ᠲᠥᠪ ᠤᠨ ᠨᠠᠢᠮᠠᠨ ᠵᠣᠷᠪᠣᠰ ᠳᠣᠭᠳᠠᠭᠠᠯ ᠵᠢᠴᠢ ᠬᠡᠷᠡᠭᠵᠢᠬᠦᠯᠦᠭᠰᠡᠨ ᠨᠠᠷᠢᠨ ᠵᠣᠷᠪᠣᠰ ᠤᠨ | ᠵᠣᠷᠢᠭ ᠰᠠᠨᠠᠭ᠎ᠠ᠂ ᠥᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠡᠷᠡᠭᠵᠢᠬᠦᠯᠦᠭᠰᠡᠨ ᠠᠷᠭ᠎ᠠ᠂ ᠠᠶᠢᠮᠠᠭ | ᠤᠨ ᠨᠠᠮ ᠤᠨ ᠬᠤᠷᠢᠶᠠᠨ ᠤ ᠬᠡᠷᠡᠭᠵᠢᠬᠦᠯᠦᠭᠰᠡᠨ ᠨᠠᠷᠢᠨ ᠵᠣᠷᠪᠣᠰ ᠤᠨ ᠵᠣᠷᠢᠭ ᠰᠠᠨᠠᠭ᠎ᠠ ᠶᠢ ᠴᠢᠩᠭ᠎ᠠ ᠵᠢᠷᠣᠮᠯᠠᠵᠦ᠂ | ᠣᠬᠠᠮᠰᠠᠷ ᠠᠴᠠ ᠪᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠡᠷᠬᠢᠮᠯᠡᠵᠦ᠂ ᠨᠠᠮ ᠤᠨ ᠳᠥᠷᠢᠮ ᠳᠣᠭᠳᠠᠭᠠᠯ | ᠰᠠᠬᠢᠯᠭ᠎ᠠ ᠪᠠᠲᠦ ᠶᠢ ᠴᠢᠩᠭ᠎ᠠ ᠵᠢᠷᠣᠮᠯᠠᠵᠦ᠂ ᠵᠦᠪ ᠣᠨᠣᠪᠴᠢᠳᠠᠢ ᠵᠠᠰᠠᠭ ᠤᠨ ᠪᠦᠳᠦᠮᠵᠢ ᠶᠢᠨ ᠣᠶᠢᠯᠭᠠᠭᠳᠠᠬᠤᠨ ᠢ | ᠪᠠᠶᠢᠭᠤᠯᠵᠦ᠂ ᠬᠡᠯᠪᠡᠷᠢᠴᠢ ᠦᠵᠡᠯ᠂ ᠨᠣᠶᠠᠨᠴᠢ ᠰᠣᠷᠳᠠᠯ ᠢ ᠳᠠᠶᠠᠭᠳᠠᠵᠦ᠂ ᠭᠡᠷ ᠤᠨ ᠰᠣᠷᠳᠠᠯ ᠢ ᠴᠢᠩᠭᠠᠳᠬᠠᠵᠦ᠂ | ᠣᠶᠢᠷ᠎ᠠ ᠰᠠᠳᠣᠨ ᠪᠠ ᠬᠠᠵᠠᠭᠤᠳᠠᠬᠢ ᠬᠦᠮᠦᠨ ᠤ ᠰᠣᠷᠭᠠᠨ ᠬᠦᠮᠦᠵᠢᠯ ᠢ ᠰᠠᠶᠢᠳᠣᠷ ᠬᠢᠵᠦ᠂ ᠰᠢᠯᠢᠳᠡᠭ ᠰᠠᠶᠢᠨ ᠨᠠᠮ | ᠤᠨ ᠬᠡᠰᠢᠬᠦᠨ ᠤ ᠳᠥᠷᠢ ᠳᠦᠷᠬᠦ ᠶᠢ ᠪᠠᠶᠢᠭᠤᠯᠬᠤ ᠬᠡᠷᠡᠭᠳᠡᠢ ᠬᠡᠵᠠᠢ᠃ |