ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ  ᠡᠤ ᠪᠤᠦ ᠫᠢᠩ
ᠨᠡᠶᠢᠲᠡᠯᠡᠭᠰᠡᠨ ᠴᠠᠭ᠄
2020/12/3
ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ     ᠡᠤ ᠪᠣᠤ ᠫᠢᠩ᠂ ᠡᠷᠡᠭᠲᠡᠢ᠂ ᠬᠢᠲᠠᠳ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1979 ᠣᠨ ᠤ 1 ᠰᠠᠷ᠎ᠠ ᠳᠤ ᠲᠦᠷᠦᠵᠠᠢ᠂ ᠤᠭ ᠨᠤᠲᠤᠭ᠄ ᠤᠯᠠᠭᠠᠨᠴᠠᠪ ᠬᠤᠲᠠ ᠶᠢᠨ ᠱᠠᠩᠳᠤ ᠰᠢᠶᠠᠨ᠃ 2001 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂  2003 ᠣᠨ ᠤ 7 ᠰᠠᠷ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢ ᠠᠬᠤᠢ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠶᠢᠨ ᠬᠥᠷᠥᠰᠥ ᠰᠢᠷᠣᠢ ᠶᠢ ᠬᠠᠮᠠᠭᠠᠯᠠᠬᠤ ᠪᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠲᠤᠰᠬᠠᠢ ᠮᠡᠷᠭᠡᠵᠢᠯ ᠠᠴᠠ ᠳᠡᠭᠦᠰᠪᠡ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ 2003 ᠣᠨ ᠤ 7 ᠰᠠᠷ᠎ᠠ ᠳᠤ ᠠᠵᠢᠯ ᠳᠤ ᠣᠷᠣᠵᠠᠢ᠃ 1999 ᠣᠨ ᠤ 9 ᠰᠠᠷ᠎ᠠ ᠠᠴᠠ 2003 ᠣᠨ ᠤ 7 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠡᠭᠡᠳᠦ ᠰᠤᠷᠭᠠᠭᠤᠯᠢ ᠶᠢᠨ ᠬᠥᠷᠥᠰᠥ ᠰᠢᠷᠣᠢ ᠶᠢ ᠬᠠᠮᠠᠭᠠᠯᠠᠬᠤ ᠲᠤᠰᠬᠠᠢ ᠮᠡᠷᠭᠡᠵᠢᠯ ᠤᠨ ᠶᠡᠭᠡ ᠰᠤᠷᠭᠠᠭᠤᠯᠢ ᠳᠤ ᠰᠤᠷᠤᠯᠴᠠᠪᠠ᠃ 2003 ᠣᠨ ᠤ 7 ᠰᠠᠷ᠎ᠠ ᠠᠴᠠ 2003 ᠣᠨ ᠤ 8 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠰᠣᠩᠭᠤᠨ ᠰᠢᠯᠵᠢᠭᠦᠯᠬᠦ ᠰᠤᠷᠤᠭᠴᠢ ᠶᠢᠨ ᠪᠣᠯᠪᠠᠰᠤᠷᠠᠯ ᠳᠤ ᠤᠷᠤᠯᠴᠠᠪᠠ᠃ 2003 ᠣᠨ ᠤ 9 ᠰᠠᠷ᠎ᠠ ᠠᠴᠠ 2009 ᠣᠨ ᠤ 12 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠪᠠᠶᠢᠭᠤᠯᠤᠯᠲᠠ ᠶᠢᠨ ᠠᠯᠪᠠᠨ ᠭᠡᠷ ︵ᠪᠢᠲᠡᠭᠦᠮᠵᠢᠯᠡᠨ ᠰᠢᠯᠵᠢᠭᠦᠯᠬᠦ ᠠᠯᠪᠠᠨ ᠭᠡᠷ  ︶ ᠤᠨ ᠶᠡᠷᠦᠩᠬᠡᠶᠢᠯᠡᠭᠰᠡᠨ ᠭᠡᠰᠢᠭᠦᠴᠢ᠂ ᠳᠡᠳ᠋ ᠰᠠᠯᠠᠭᠠᠨ ᠳᠠᠷᠤᠭ᠎ᠠ ᠪᠠᠷ ᠠᠵᠢᠯᠯᠠᠪᠠ᠃ 2010 ᠣᠨ ᠤ 1 ᠰᠠᠷ᠎ᠠ ᠠᠴᠠ 2012 ᠣᠨ ᠤ 4 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ ᠳᠡᠳ᠋ ᠰᠠᠯᠠᠭᠠᠨ ᠳᠠᠷᠤᠭ᠎ᠠ᠂ ᠡᠷᠬᠢᠯᠡᠭᠴᠢ ᠭᠡᠰᠢᠭᠦᠴᠢ ᠪᠠᠷ ᠠᠵᠢᠯᠯᠠᠪᠠ᠃ 2012 ᠣᠨ ᠤ 5 ᠰᠠᠷ᠎ᠠ ᠠᠴᠠ 2015 ᠣᠨ ᠤ 8 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠶᠡᠷᠦᠩᠬᠡᠶᠢᠯᠡᠭᠰᠡᠨ ᠰᠠᠯᠠᠭᠠᠨ ᠤ ᠳᠡᠳ᠋ ᠳᠠᠷᠤᠭ᠎ᠠ  ︵ᠵᠢᠩᠬᠢᠨᠢ ᠰᠠᠯᠠᠭ᠎ᠠ︶ ᠪᠠᠷ ᠠᠵᠢᠯᠯᠠᠪᠠ᠃ 2015 ᠣᠨ ᠤ 9 ᠰᠠᠷ᠎ᠠ ᠠᠴᠠ 2017 ᠣᠨ ᠤ 12 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠨᠡᠶᠢᠭᠡᠮ ᠤᠨ ᠰᠠᠯᠠᠭᠠᠨ ᠤ ᠳᠡᠳ᠋ ᠳᠠᠷᠤᠭ᠎ᠠ ︵ᠵᠢᠩᠬᠢᠨᠢ ᠰᠠᠯᠠᠭ᠎ᠠ︶ ᠪᠠᠷ ᠠᠵᠢᠯᠯᠠᠪᠠ᠃ 2017 ᠣᠨ ᠤ 12 ᠰᠠᠷ᠎ᠠ ᠠᠴᠠ 2019 ᠣᠨ ᠤ 5 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠨᠡᠶᠢᠭᠡᠮ ᠤᠨ ᠰᠠᠯᠠᠭ᠎ᠠ ᠶᠢᠨ ᠳᠡᠳ᠋ ᠳᠠᠷᠤᠭ᠎ᠠ ︵ᠵᠢᠩᠬᠢᠨᠢ ᠰᠠᠯᠠᠭ᠎ᠠ︶ ᠪᠠᠷ ᠠᠵᠢᠯᠯᠠᠪᠠ 2019 ᠣᠨ ᠤ 6 ᠰᠠᠷ᠎ᠠ ᠠᠴᠠ 2020 ᠣᠨ ᠤ 3 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠰᠠᠯᠠᠭᠠᠨ ᠳᠠᠷᠤᠭ᠎ᠠ ᠪᠠᠷ ᠠᠵᠢᠯᠯᠠᠪᠠ᠃  2020 ᠣᠨ ᠤ 4 ᠰᠠᠷ᠎ᠠ ᠠᠴᠠ 2021 ᠣᠨ ᠤ 6 ᠰᠠᠷ᠎ᠠ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶᠢᠯᠡᠭᠰᠡᠨ ᠳᠣᠯᠣᠳᠤᠭᠠᠷ ᠰᠠᠯᠠᠭᠠᠨ ᠤ ᠰᠠᠯᠠᠭᠠᠨ ᠳᠠᠷᠤᠭ᠎ᠠ ᠪᠠᠷ ᠠᠵᠢᠯᠯᠠᠪᠠ᠃ 2021 ᠣᠨ ᠤ 7 ᠰᠠᠷ᠎ᠠ ᠠᠴᠠ ᠣᠲᠣ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠪᠠᠷ ᠠᠵᠢᠯᠯᠠᠪᠠ᠃ ᠬᠤᠪᠢᠳᠠᠨ ᠬᠠᠮᠢᠶᠠᠷᠬᠤ ᠠᠵᠢᠯᠠᠵᠢᠯ ᠤᠨ ᠬᠤᠪᠢᠶᠠᠷᠢ᠄ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠬᠤᠰᠢᠭᠤ ᠨᠠᠮ ᠤᠨ  ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠯᠪᠠᠨ ᠬᠡᠷ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃  ᠬᠤᠰᠢᠭᠤ ᠨᠠᠮ ᠤᠨ ᠬᠤᠷᠢᠶᠠᠨ ᠤ ᠡᠳᠦᠷ ᠲᠤᠲᠤᠮ ᠤᠨ ᠠᠵᠢᠯ ᠤᠨ ᠡᠷᠭᠢᠯᠲᠡ ᠪᠠ ᠵᠣᠬᠢᠴᠠᠭᠤᠯᠭ᠎ᠠ ᠶᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠬᠤᠰᠢᠭᠤ ᠬᠦᠯᠢᠶᠡᠨ ᠠᠪᠬᠤ ᠠᠯᠪᠠᠨ ᠭᠡᠷ᠂ ᠳᠠᠩᠰᠠ ᠡᠪᠬᠡᠮᠡᠯ  ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号