ᠬᠠᠷᠠᠭᠠᠲᠤ ᠭᠠᠴᠠᠭ᠎ᠠ ᠨᠢ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠᠨ | ᠨᠡᠮᠡᠭᠳᠡᠭᠦᠯᠦᠨ ᠮᠠᠯᠴᠢᠳ ᠢᠶᠠᠨ ᠴᠢᠨᠡᠭᠡᠯᠢᠭᠵᠢᠭᠦᠯᠵᠦ ᠪᠠᠶᠢᠨ᠎ᠠ | | ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠣᠮᠣᠨ ᠤ ᠬᠠᠷᠠᠭᠠᠲᠤ ᠭᠠᠴᠠᠭ᠎ᠠ ᠨᠢ | ᠨᠢᠭᠡᠳᠦᠯᠲᠡᠢ ᠲᠥᠯᠥᠪᠵᠢᠭᠦᠯᠦᠨ ᠳᠥᠰᠥᠪᠯᠡᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ | ᠭᠠᠴᠠᠭ᠎ᠠ ᠪᠠᠨ ᠬᠥᠭᠵᠢᠭᠦᠯᠦᠨ ᠮᠠᠯᠴᠢᠳ ᠢᠶᠠᠨ ᠪᠠᠶᠠᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ ᠪᠠᠶᠢᠨ᠎ᠠ᠃ | 11 ᠰᠠᠷ᠎ᠠ ᠶᠢᠨ 30 ᠤ ᠡᠳᠦᠷ᠂ ᠰᠤᠷᠪᠤᠯᠵᠢᠯᠠᠭᠴᠢ ᠬᠠᠷᠠᠭᠠᠲᠤ ᠭᠠᠴᠠᠭᠠᠨ ᠳᠤ ᠬᠦᠷᠬᠦ ᠳᠤ ᠮᠠᠯᠴᠢᠳ ᠨᠢ ︽ᠪᠦ᠊ | ᠱᠦᠵᠢ ᠨᠡᠭᠡᠷᠡᠨ ᠰᠠᠶᠢᠨ︕︾ ᠭᠡᠵᠦ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠣᠨ ᠭᠠᠴᠠᠭᠠᠨ ᠳᠠᠷᠤᠭ᠎ᠠ ᠶᠢᠨ | ᠠᠵᠢᠯ ᠢ ᠬᠠᠮᠲᠤ ᠳᠤᠨᠢ ᠬᠠᠷᠢᠭᠤᠴᠠᠵᠤ ᠪᠠᠶᠢᠭ᠎ᠠ ᠪᠦᠷᠢᠨᠲᠡᠭᠰᠢ ᠶᠢ ᠮᠠᠭᠲᠠᠵᠤ ᠯᠠ ᠪᠠᠶᠢᠯ᠎ᠠ᠃ ᠡᠨᠡᠬᠦ ᠨᠠᠶᠠᠭᠠᠳ ᠣᠨ ᠳᠤ | ᠲᠥᠷᠥᠭᠰᠡᠨ ᠵᠠᠯᠠᠭᠤ ᠪᠣᠳᠣᠵᠤ ᠰᠡᠳᠬᠢᠬᠦ ᠬᠢᠵᠦ ᠪᠦᠲᠦᠭᠡᠬᠦ ᠳᠡᠭᠡᠨ ᠴᠥᠮ ᠭᠠᠷᠮᠠᠭᠠᠢ ᠪᠠᠶᠢᠵᠤ᠂ ᠭᠠᠴᠠᠭᠠᠨ ᠤ ᠪᠠᠨ ᠡᠭᠦᠷ | ᠵᠥᠪᠯᠡᠯ ᠢᠶᠠᠨ ᠳᠠᠶᠢᠴᠢᠯᠠᠨ᠂ ᠬᠠᠮᠲᠤ ᠶᠢᠨ ᠠᠵᠤ ᠠᠬᠤᠢ ᠪᠠᠨ ᠬᠥᠭᠵᠢᠭᠦᠯᠬᠦ ᠪᠠᠷ ᠳᠠᠮᠵᠢᠭᠤᠯᠤᠨ ᠭᠠᠴᠭᠠᠠᠨ ᠤ ᠪᠠᠨ ᠠᠵᠤ | ᠠᠬᠤᠢ ᠬᠤᠴᠤᠷᠤᠩᠭᠤᠢ ᠪᠠᠶᠢᠭᠰᠠᠨ ᠪᠠᠶᠢᠳᠠᠯ ᠢ ᠥᠭᠡᠷᠡᠴᠢᠯᠡᠨ᠂ ᠮᠠᠯᠴᠢᠳ ᠢᠶᠠᠨ ᠳᠠᠭᠠᠭᠤᠯᠤᠨ ᠪᠠᠶᠠᠵᠢᠯ ᠤᠨ ᠵᠠᠮ ᠳᠤ | ᠣᠷᠤᠭᠤᠯᠤᠭᠰᠠᠨ ᠪᠠᠶᠢᠨ᠎ᠠ᠃ | ᠬᠠᠷᠠᠭᠠᠲᠤ ᠭᠠᠴᠠᠭᠠᠨ ᠤ ᠪᠦᠬᠦᠶᠢᠯᠡ ᠨᠤᠲᠤᠭ ᠪᠡᠯᠴᠢᠭᠡᠷ ᠤᠨ ᠲᠠᠯᠠᠪᠠᠢ ᠨᠢ 22500 ᠮᠦ ᠪᠠᠶᠢᠵᠤ᠂ ᠬᠦᠮᠦᠨ | ᠪᠦᠷᠢ ᠳᠤ ᠲᠡᠭᠰᠢᠳᠬᠡᠭᠰᠡᠨ ᠨᠤᠲᠤᠭ ᠪᠡᠯᠴᠢᠭᠡᠷ ᠤᠨ ᠲᠠᠯᠠᠪᠠᠢ ᠨᠢ ᠰᠠᠶ᠋ᠢ 625 ᠮᠦ ᠪᠣᠯᠣᠨ᠎ᠠ᠃ ᠬᠡᠳᠦᠨ ᠵᠢᠯ ᠤᠨ ᠡᠮᠦᠨ᠎ᠡ | ᠲᠤᠰ ᠭᠠᠴᠠᠭ᠎ᠠ ᠨᠢ ᠬᠠᠮᠲᠤ ᠶᠢᠨ ᠠᠵᠤ ᠠᠬᠤᠢ ᠦᠭᠡᠢ ᠪᠠᠶᠢᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠨᠦᠭᠦᠴᠡᠯ ᠨᠢ ᠠᠨᠠᠢ ᠲᠤᠯᠠ ᠪᠠᠷᠠᠭᠤᠨ ᠦᠵᠦᠮᠦᠴᠢᠨ ᠬᠤᠰᠢᠭᠤᠨ ᠤ ᠬᠤᠴᠤᠷᠤᠩᠭᠤᠢ ᠭᠠᠴᠠᠭᠠᠨ ᠤ ᠨᠢᠭᠡ ᠪᠠᠷ | ᠵᠢᠭᠰᠠᠭᠠᠭᠳᠠᠵᠤ ᠪᠠᠶᠢᠵᠠᠢ᠃ | 2018 ᠣᠨ ᠳᠤ ᠪᠦᠷᠢᠨᠲᠡᠭᠰᠢ ᠲᠤᠰᠢᠶᠠᠯ ᠳᠤ ᠭᠠᠷᠤᠭᠰᠠᠨ ᠤ ᠪᠠᠨ ᠳᠠᠷᠠᠭ᠎ᠠ᠂ ᠭᠠᠴᠠᠭᠠᠨ ᠤ ᠪᠠᠨ ᠡᠭᠦᠷ | ᠵᠥᠪᠯᠡᠯ ᠤᠨ ᠭᠡᠰᠢᠭᠦᠳ ᠲᠠᠢ ᠬᠠᠮᠲᠤᠪᠠᠷ ᠬᠡᠷᠬᠢᠨ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ | ᠬᠥᠭᠵᠢᠭᠦᠯᠵᠦ᠂ ᠪᠠᠶᠢᠳᠠᠯ ᠢ ᠥᠭᠡᠷᠡᠴᠢᠯᠡᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠲᠤᠬᠠᠢ ᠠᠷᠭ᠎ᠠ ᠰᠦᠪᠡᠭᠴᠢᠯᠡᠨ | ᠰᠤᠳᠤᠯᠵᠠᠢ᠃ ᠭᠠᠴᠠᠭᠠᠨ ᠤ ᠺᠠᠳ᠋ᠷᠴᠤᠳ ᠪᠣᠯᠣᠨ ᠮᠠᠯᠴᠢᠳ ᠤᠨ ᠲᠥᠯᠥᠭᠡᠯᠡᠭᠴᠢᠳ ᠲᠠᠢ ᠳᠠᠬᠢᠨ ᠳᠠᠪᠲᠠᠨ ᠵᠥᠪᠳᠡᠯᠴᠡᠬᠦ ᠪᠠᠷ | ᠳᠠᠮᠵᠢᠨ᠂ ︽ᠮᠠᠯ ᠰᠦᠷᠦᠭ ᠤᠨ ᠡᠷᠭᠢᠯᠲᠡ︾ ᠶᠢᠨ ᠠᠷᠭ᠎ᠠ ᠬᠡᠯᠪᠡᠷᠢ ᠶᠢ ᠬᠡᠷᠡᠭᠯᠡᠨ᠂ ᠮᠠᠯᠴᠢᠳ ᠢ ᠳᠠᠶᠢᠴᠢᠯᠠᠨ ᠬᠠᠮᠲᠤᠪᠠᠷ | ᠬᠥᠭᠵᠢᠬᠦ ᠵᠠᠮ ᠢ ᠰᠣᠩᠭᠤᠭᠰᠠᠨ ᠪᠠᠶᠢᠨ᠎ᠠ᠃ | ᠲᠡᠶᠢᠨᠬᠦ ᠭᠠᠴᠠᠭᠠᠨ ᠤ 114 ᠲᠣᠯᠣᠭᠠᠢ ᠦᠬᠡᠷ ᠢ ᠭᠠᠴᠠᠭᠠᠨ ᠤ ᠪᠠᠨ 29 ᠡᠷᠦᠬᠡ ᠳᠤ 5 ᠵᠢᠯ ᠤᠨ ᠬᠤᠭᠤᠴᠠᠭ᠎ᠠ | ᠲᠠᠢ ᠪᠠᠷ ᠰᠢᠯᠵᠢᠭᠦᠯᠦᠨ ᠥᠭᠴᠦ᠂ 400 ᠲᠣᠯᠣᠭᠠᠢ ᠬᠤᠨᠢ ᠶᠢ 9 ᠡᠷᠦᠬᠡ ᠳᠤ ᠭᠤᠷᠪᠠᠨ ᠵᠢᠯ ᠤᠨ ᠬᠤᠭᠤᠴᠠᠭ᠎ᠠ ᠲᠠᠢ ᠪᠠᠷ | ᠰᠢᠯᠵᠢᠭᠦᠯᠦᠨ ᠥᠭᠪᠡ᠃ ᠬᠠᠷᠠᠭᠠᠲᠤ ᠭᠠᠴᠠᠭ᠎ᠠ ᠨᠢ 11600 ᠮᠦ ᠬᠠᠮᠲᠤ ᠶᠢᠨ ᠨᠤᠲᠤᠭ ᠪᠡᠯᠴᠢᠭᠡᠷ ᠲᠠᠢ᠂ ᠡᠭᠦᠨ ᠳᠤ | 8000 ᠮᠦ ᠨᠢ ᠬᠠᠳᠤᠯᠠᠩ ᠪᠣᠯᠣᠨ᠎ᠠ᠃ ᠮᠠᠯᠴᠢᠳ ᠤᠨ ᠨᠤᠲᠤᠭ ᠪᠡᠯᠴᠢᠭᠡᠷ ᠢᠶᠠᠨ ᠵᠣᠬᠢᠰᠲᠠᠢ ᠠᠰᠢᠭᠯᠠᠬᠤ ᠶᠢ | ᠵᠣᠷᠢᠭᠵᠢᠭᠤᠯᠤᠨ᠂ ᠮᠠᠯᠴᠢᠳ ᠢ ᠳᠠᠶᠢᠴᠢᠯᠠᠨ ᠡᠪᠡᠰᠦ ᠬᠠᠳᠤᠵᠤ᠂ 2018 ᠣᠨ ᠠᠴᠠ ᠡᠬᠢᠯᠡᠨ ᠭᠠᠴᠠᠭᠠᠨ ᠤ | ᠬᠠᠳᠤᠯᠠᠩ ᠤᠨ ᠡᠪᠡᠰᠦ ᠶᠢ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠳᠣᠣᠷ᠎ᠠ ᠦᠨ᠎ᠡ ᠪᠠᠷ ᠭᠠᠴᠠᠭᠠᠨ ᠤ ᠪᠠᠨ | ᠮᠠᠯᠴᠢᠳ ᠲᠤ ᠬᠤᠳᠠᠯᠳᠤᠨ ᠥᠭᠴᠦ᠂ ᠭᠠᠴᠠᠭᠠᠨ ᠤ ᠪᠠᠨ ᠬᠠᠮᠲᠤ ᠶᠢᠨ ᠣᠷᠣᠯᠭ᠎ᠠ ᠶᠢ ᠠᠭᠠᠵᠢᠮ ᠢᠶᠠᠷ ᠨᠡᠮᠡᠭᠳᠡᠭᠦᠯᠪᠡ᠃ | ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠥᠭᠵᠢᠭᠦᠯᠬᠦ ᠳᠤ ᠭᠤᠣᠯᠯᠠᠬᠤ ᠠᠵᠤ ᠦᠢᠯᠡᠰ ᠢᠶᠠᠨ | ᠵᠥᠪ ᠰᠣᠩᠭᠤᠬᠤ ᠨᠢ ᠵᠠᠩᠭᠢᠯᠠᠭ᠎ᠠ ᠪᠣᠯᠣᠨ᠎ᠠ᠃ | ᠭᠠᠴᠠᠭᠠᠨ ᠤ ᠡᠭᠦᠷ ᠵᠥᠪᠯᠡᠯ ᠤᠨ ᠭᠡᠰᠢᠭᠦᠳ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠱᠠᠭᠠᠷᠳᠠᠯᠭ᠎ᠠ ᠳᠤ ᠨᠡᠶᠢᠴᠡᠬᠦ | ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ 2019 ᠣᠨ ᠳᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ | ᠳᠡᠮᠵᠢᠬᠦ ᠲᠥᠪ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠢ ᠡᠷᠡᠮᠡᠯᠵᠡᠨ ᠣᠯᠵᠤ᠂ 45 ᠲᠣᠯᠣᠭᠠᠢ ᠱᠠᠷᠦᠯᠠᠢ | ᠦᠬᠡᠷ ᠣᠷᠤᠭᠤᠯᠤᠨ᠂ ᠭᠠᠴᠠᠭᠠᠨ ᠳᠤ ᠲᠥᠪᠯᠡᠷᠡᠭᠦᠯᠦᠨ ᠮᠠᠯᠵᠢᠬᠤ ᠬᠡᠯᠪᠡᠷᠢ ᠪᠠᠷ ᠮᠠᠯᠵᠢᠨ᠂ ᠭᠠᠴᠠᠭᠠᠨ ᠤ ᠪᠠᠨ ᠬᠠᠮᠲᠤ ᠶᠢᠨ | ᠠᠵᠤ ᠠᠬᠤᠢ ᠶᠢ ᠬᠥᠭᠵᠢᠭᠦᠯᠦᠭᠰᠡᠨ ᠪᠠᠶᠢᠨ᠎ᠠ᠃ ᠬᠠᠷᠠᠭᠠᠲᠤ ᠭᠠᠴᠠᠭᠠᠨ ᠤ ᠶᠠᠭ ᠰᠠᠶᠢᠬᠠᠨ ᠪᠠᠶᠢᠭᠤᠯᠵᠤ ᠪᠠᠶᠢᠭ᠎ᠠ ᠱᠠᠷᠤᠯᠠᠢ | ᠦᠬᠡᠷ ᠮᠠᠯᠵᠢᠬᠤ ᠰᠠᠭᠤᠷᠢᠨ ᠭᠠᠵᠠᠷ ᠲᠤ ᠬᠦᠷᠬᠦ ᠳᠤ᠂ 400 ᠬᠠᠪᠲᠠᠭᠠᠢ ᠳᠥᠷᠪᠡᠯᠵᠢᠨ ᠮᠧᠲᠷ ᠤᠨ | ᠪᠠᠷᠢᠮᠵᠢᠶᠠᠵᠢᠭᠤᠯᠤᠭᠰᠠᠨ ᠬᠤᠷᠤᠭ᠎ᠠ᠂ 700 ᠬᠠᠪᠲᠠᠭᠠᠢ ᠳᠥᠷᠪᠡᠯᠵᠢᠨ ᠮᠧᠲᠷ ᠤᠨ ᠳᠤᠯᠠᠭᠠᠨ ᠫᠧᠩ ᠢ ᠵᠢᠭᠳᠡᠷᠡᠭᠦᠯᠦᠨ | ᠪᠠᠶᠢᠭᠤᠯᠵᠤ᠂ ᠪᠠᠰᠠ ᠮᠠᠰᠢᠨ ᠬᠤᠳᠳᠤᠭ᠂ ᠴᠠᠬᠢᠯᠭᠠᠨ ᠵᠡᠷᠭᠡ ᠶᠢ ᠭᠦᠢᠴᠡᠳ ᠲᠣᠬᠢᠷᠠᠭᠤᠯᠤᠭᠰᠠᠨ ᠪᠠᠶᠢᠯ᠎ᠠ᠃ | ᠭᠠᠴᠠᠭᠠᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠮᠠᠯᠴᠢᠳ ᠤᠨ | ᠭᠠᠴᠠᠭᠠᠨ ᠳᠠᠭᠠᠨ ᠠᠵᠢᠯ ᠣᠯᠬᠤ ᠶᠢ ᠪᠡᠶᠡᠯᠡᠭᠦᠯᠦᠨ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ | ᠴᠢᠨᠡᠭᠡᠯᠢᠭᠵᠢᠬᠦ ᠵᠠᠮ ᠢ ᠨᠢ ᠥᠷᠭᠡᠳᠬᠡᠵᠦ ᠥᠭᠭᠦᠭᠰᠡᠨ ᠪᠠᠶᠢᠨ᠎ᠠ᠃ | ᠮᠠᠯᠴᠢᠨ ᠬᠤᠪᠢᠰᠬᠠᠯᠲᠤ ᠭᠠᠳᠠᠭᠰᠢ ᠭᠠᠷᠴᠤ ᠠᠵᠢᠯ ᠬᠢᠭᠡᠳ ᠬᠤᠷᠢᠭᠠᠳ ᠵᠢᠯ ᠪᠣᠯᠵᠠᠢ᠂ ᠨᠢᠳᠤᠨᠤᠨ ᠲᠡᠷᠡ | ᠭᠠᠴᠠᠭᠠᠨ ᠳᠠᠭᠠᠨ ᠬᠠᠷᠢᠬᠤ ᠳᠤ ᠭᠠᠴᠠᠭᠠᠨ ᠠᠴᠠ ᠨᠢ 50 ᠬᠤᠨᠢᠨ ᠤ ︽ᠰᠦᠷᠦᠭ︾ ᠣᠯᠭᠤᠵᠤ᠂ ᠥᠨᠥ ᠵᠢᠯ ᠪᠠᠰᠠ | ᠲᠡᠭᠦᠨ ᠢᠶᠠᠷ ᠭᠠᠴᠠᠭᠠᠨ ᠤ ᠦᠬᠡᠷ ᠢ ᠮᠠᠯᠵᠢᠭᠤᠯᠤᠨ᠂ ᠰᠠᠷ᠎ᠠ ᠪᠦᠷᠢ 4500 ᠲᠦᠭᠦᠷᠢᠭ ᠤᠨ ᠬᠥᠯᠥᠰᠦ ᠬᠠᠷᠠᠮᠵᠢ ᠣᠯᠭᠤᠵᠤ | ᠂ ᠣᠳᠣ ᠬᠤᠪᠢᠰᠬᠠᠯᠲᠤ ᠶᠢᠨ ᠬᠢᠨ 80 ᠭᠠᠷᠤᠢ ᠬᠤᠨᠢ᠂ ᠠᠷᠪᠠᠭᠠᠳ ᠦᠬᠡᠷ ᠲᠠᠢ ᠪᠣᠯᠣᠭᠰᠠᠨ ᠪᠠᠶᠢᠨ᠎ᠠ᠃ | ᠰᠣᠷᠪᠣᠯᠵᠢᠯᠠᠭ᠎ᠠ᠄ ᠬᠠᠷᠠᠭᠠᠲᠤ ᠭᠠᠴᠠᠭᠠᠨ ᠤ ᠮᠠᠯᠴᠢᠨ ᠬᠤᠪᠢᠰᠬᠠᠯᠲᠤ ᠄ ᠨᠠᠮ ᠤᠨ ᠲᠥᠷᠥ ᠶᠢᠨ ᠪᠣᠳᠣᠯᠭ᠎ᠠ ᠨᠡᠭᠡᠷᠡᠨ | ᠰᠠᠶᠢᠨ᠂ ᠮᠠᠨ ᠤ ᠭᠠᠴᠠᠭᠠᠨ ᠤ ᠤᠳᠤᠷᠢᠳᠤᠯᠭ᠎ᠠ ᠴᠤ ᠲᠤᠩ ᠰᠠᠶᠢᠨ ᠠᠵᠢᠯᠯᠠᠵᠤ ᠪᠠᠶᠢᠨ᠎ᠠ᠃ ᠬᠤᠶᠢᠰᠢᠳᠠ ᠪᠢ ᠡᠳᠡᠭᠡᠷ | ᠪᠦᠬᠦᠨ ᠢᠶᠠᠨ ᠨᠠᠨᠳᠢᠩᠨᠠᠨ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠲᠠᠯᠠᠷᠬᠠᠨ᠂ ᠤᠯᠠᠮ | ᠴᠢᠷᠮᠠᠶᠢᠵᠤ ᠮᠠᠯ ᠢᠶᠠᠨ ᠰᠠᠶᠢᠨ ᠮᠠᠯᠵᠢᠨ᠎ᠠ᠃ | ᠮᠠᠨ ᠤ ᠭᠠᠴᠠᠭ᠎ᠠ ᠨᠢ ᠨᠠᠮ ᠤᠨ ᠵᠣᠬᠢᠶᠠᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠤᠳᠤᠷᠢᠳᠤᠨ | ᠳᠠᠭᠠᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠲᠤᠳᠬᠠᠬᠤ ᠶᠢ ᠪᠠᠷᠢᠮᠲᠠᠯᠠᠭᠰᠠᠨ ᠠᠴᠠ ᠂ ᠭᠠᠴᠠᠭᠠᠨ ᠤ ᠬᠠᠮᠲᠤ ᠶᠢᠨ ᠠᠵᠤ ᠠᠬᠤᠢ ᠡᠳᠦᠷ ᠢᠷᠡᠬᠦᠶ᠎ᠡ ᠪᠤᠵᠠᠭᠠᠶᠢᠷᠠᠨ | ᠬᠥᠭᠵᠢᠵᠦ᠂ ᠮᠠᠯᠴᠢᠳ ᠤᠨ ᠠᠮᠢᠳᠤᠷᠠᠯ ᠤᠨ ᠳᠥᠪᠰᠢᠨ ᠨᠢ ᠴᠤ ᠨᠡᠯᠢᠶᠡᠳ ᠲᠦᠷᠭᠡᠨ ᠳᠡᠭᠡᠭᠰᠢᠯᠡᠵᠦ᠂ ᠰᠢᠨ᠎ᠡ ᠮᠠᠯᠵᠢᠬᠤ | ᠣᠷᠣᠨ ᠤ ᠪᠦᠲᠦᠭᠡᠨ ᠪᠠᠶᠢᠭᠤᠯᠤᠯᠲᠠ ᠶᠢᠨ ︽ᠳᠠᠭᠠᠭᠤᠯᠤᠭᠴᠢ︾ ᠪᠣᠯᠣᠨ ᠠᠶᠢᠮᠠᠭ ᠤᠨ ᠳᠡᠰ ᠤᠨ ᠲᠡᠷᠢᠭᠦᠨ ᠤ ᠦᠨᠳᠦᠰᠦᠨ | ᠱᠠᠲᠤᠨ ᠤ ᠭᠠᠴᠠᠭ᠎ᠠ ᠪᠠᠷ ᠦᠨᠡᠯᠡᠭᠳᠡᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 2017 ᠣᠨ ᠳᠤ 3 | ᠲᠦᠮᠡᠨ ᠲᠦᠭᠦᠷᠢᠭ ᠪᠠᠶᠢᠭᠰᠠᠨ ᠠᠴᠠ ᠪᠠᠨ ᠣᠳᠣ ᠪᠣᠯᠬᠤ ᠳᠤ 15 ᠲᠦᠮᠡᠨ ᠲᠦᠭᠦᠷᠢᠭ ᠪᠣᠯᠵᠤ᠂ ᠪᠠᠷᠤᠭ ᠲᠠᠪᠤ ᠳᠠᠬᠢᠨ | ᠪᠣᠯᠵᠤ ᠨᠡᠮᠡᠭᠳᠡᠭᠰᠡᠨ ᠪᠠᠶᠢᠨ᠎ᠠ ᠭᠡᠯᠡ᠃ | ᠭᠠᠴᠠᠭᠠᠨ ᠤ ᠬᠠᠮᠲᠤ ᠶᠢᠨ ᠠᠵᠤ ᠠᠬᠤᠢ ᠨᠢ ᠪᠤᠵᠠᠭᠠᠶᠢᠷᠠᠨ ᠬᠥᠭᠵᠢᠵᠦ᠂ ᠮᠠᠯᠴᠢᠳ ᠤᠨ ᠣᠷᠣᠯᠭ᠎ᠠ ᠨᠢ ᠴᠤ | ᠳᠠᠭᠠᠯᠳᠤᠨ ᠨᠡᠮᠡᠭᠳᠡᠵᠦ᠂ ᠬᠠᠷᠠᠭᠠᠲᠤ ᠭᠠᠴᠠᠭᠠᠨ ᠤ ᠪᠠᠷᠤᠭ 80% ᠣᠷᠴᠢᠮ ᠤᠨ ᠮᠠᠯᠴᠢᠨ ᠡᠷᠦᠬᠡ ᠨᠢ ᠱᠠᠷᠤᠯᠠᠢ ᠦᠬᠡᠷ | ᠮᠠᠯᠵᠢᠬᠤ ᠪᠣᠯᠵᠤ᠂ ᠠᠶᠢᠯ ᠠᠶᠢᠯ ᠥᠭᠡᠳᠡᠷᠬᠡᠭ ᠠᠵᠤ ᠦᠢᠯᠡᠰ ᠲᠠᠢ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ | ᠵᠠᠮ ᠲᠠᠢ ᠪᠣᠯᠣᠭᠰᠠᠨ ᠰᠢᠨ᠎ᠡ ᠲᠥᠯᠥᠪᠰᠢᠷᠡᠯ ᠢ ᠪᠦᠷᠢᠯᠳᠦᠭᠦᠯᠦᠭᠰᠡᠨ ᠪᠠᠶᠢᠨ᠎ᠠ᠃ ᠳᠠᠷᠠᠭ᠎ᠠ ᠠᠯᠬᠤᠮ ᠳᠤ᠂ ᠲᠤᠰ ᠭᠠᠴᠠᠭ᠎ᠠ | ᠨᠢ ︽ᠬᠤᠨᠢ ᠶᠢ ᠴᠥᠬᠡᠳᠬᠡᠨ ᠦᠬᠡᠷ ᠢ ᠥᠰᠬᠡᠬᠦ︾ ᠪᠠᠶᠢᠯᠳᠤᠬᠤ ᠪᠣᠳᠣᠯᠭ᠎ᠠ ᠶᠢ ᠬᠦᠴᠦᠯᠡᠨ ᠲᠤᠤᠱᠯᠠᠭᠤᠯᠵᠤ᠂ ᠮᠠᠯ | ᠰᠦᠷᠦᠭ ᠤᠨ ᠢᠶᠠᠨ ᠡᠭᠦᠯᠳᠡᠷ ᠢ ᠰᠠᠶᠢᠵᠢᠷᠠᠭᠤᠯᠬᠤ ᠪᠠ ᠬᠡᠪᠴᠢᠶᠡᠵᠢᠭᠦᠯᠦᠨ ᠮᠠᠯᠵᠢᠬᠤ ᠪᠠᠷ ᠳᠠᠮᠵᠢᠭᠤᠯᠤᠨ ᠠᠵᠤ ᠦᠢᠯᠡᠰ ᠤᠨ | ᠬᠡᠯᠬᠢᠶ᠎ᠡ ᠪᠠᠨ ᠲᠡᠯᠡᠵᠦ᠂ ᠦᠷᠡᠠᠰᠢᠭ ᠪᠠᠨ ᠨᠡᠮᠡᠭᠳᠡᠭᠦᠯᠬᠦ ᠰᠢᠨ᠎ᠡ ᠴᠡᠭ ᠢ ᠡᠭᠦᠳᠦᠨ᠂ ᠨᠡᠩ ᠣᠯᠠᠨ ᠮᠠᠯᠴᠢᠳ ᠲᠤ ᠵᠣᠯ | ᠵᠢᠷᠭᠠᠯ ᠣᠯᠭᠤᠬᠤ ᠪᠠᠷ ᠪᠠᠶᠢᠨ᠎ᠠ᠃ | ᠰᠣᠷᠪᠣᠯᠵᠢᠯᠠᠭ᠎ᠠ᠄ ᠪᠦᠷᠢᠨᠲᠡᠭᠰᠢ ᠬᠠᠷᠠᠭᠠᠲᠤ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ᠄ | ᠣᠶᠢᠷ᠎ᠠ ᠶᠢᠨ ᠬᠤᠶᠠᠷ ᠵᠢᠯ ᠳᠤ᠂ ᠪᠢᠳᠡ ᠭᠠᠴᠠᠭᠠᠨ ᠤ ᠪᠠᠨ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ᠣᠯᠠᠨ | ᠠᠷᠭ᠎ᠠ ᠵᠠᠮ ᠢ ᠬᠡᠷᠡᠭᠯᠡᠨ᠂ 2018 ᠣᠨ᠂ 2019 ᠣᠨ᠂ 2020 ᠣᠨ ᠳᠤ ᠮᠠᠨ ᠤ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠣᠷᠣᠯᠭ᠎ᠠ 10 ᠲᠦᠮᠡᠨ ᠲᠦᠭᠦᠷᠢᠭ ᠠᠴᠠ ᠪᠠᠨ 15 ᠲᠦᠮᠡᠨ ᠪᠣᠯᠣᠭᠰᠠᠨ ᠶᠤᠮ᠃ 2019 ᠣᠨ ᠳᠤ᠂ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠷᠢᠯᠴᠠᠨ᠂ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢ ᠳᠡᠮᠵᠢᠬᠦ ᠲᠥᠪ ᠤᠨ ᠲᠥᠷᠥᠯ ᠵᠦᠢᠯ ᠤᠨ 125 ᠲᠦᠮᠡᠨ ᠲᠦᠭᠦᠷᠢᠭ ᠪᠡᠯᠡ ᠮᠥᠩᠭᠦ ᠶᠢ ᠡᠷᠡᠮᠡᠯᠵᠡᠨ ᠣᠯᠵᠤ | ᠂ 2020 ᠣᠨ ᠳᠤ ᠱᠠᠷᠤᠯᠠᠢ ᠦᠬᠡᠷ ᠮᠠᠯᠵᠢᠬᠤ ᠰᠠᠭᠤᠷᠢᠨ ᠭᠠᠵᠠᠷ ᠪᠠᠶᠢᠭᠤᠯᠬᠤ ᠪᠠᠷ ᠪᠡᠯᠡᠳᠬᠡᠨ᠂ ᠥᠨᠥ ᠵᠢᠯ ᠪᠠᠰᠠ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ 93 ᠲᠦᠮᠡᠨ ᠲᠦᠭᠦᠷᠢᠭ ᠤᠨ ᠲᠥᠷᠥᠯ ᠵᠦᠢᠯ ᠤᠨ ᠪᠡᠯᠡ | ᠮᠥᠩᠭᠦ ᠶᠢ ᠬᠡᠷᠡᠭᠯᠡᠨ᠂ 45 ᠲᠣᠯᠣᠭᠠᠢ ᠱᠠᠷᠤᠯᠠᠢ ᠦᠬᠡᠷ ᠣᠷᠣᠭᠤᠯᠵᠤ᠂ ᠪᠠᠶᠢᠭᠤᠯᠵᠤ ᠪᠠᠶᠢᠭ᠎ᠠ ᠱᠠᠷᠤᠯᠠᠢ ᠦᠬᠡᠷ ᠤᠨ | ᠰᠠᠭᠤᠷᠢᠨ ᠭᠠᠵᠠᠷ ᠲᠠᠭᠠᠨ ᠦᠨᠳᠦᠰᠦᠨ ᠳᠦᠬᠦᠭᠡᠷᠦᠮᠵᠢ ᠲᠠᠭᠠᠷᠠᠭᠤᠯᠤᠭᠰᠠᠨ ᠪᠠᠶᠢᠨ᠎ᠠ᠃ ᠬᠤᠶᠢᠰᠢᠳᠠ᠂ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠᠵᠠᠮ ᠢᠶᠠᠷ ᠦᠷᠭᠦᠯᠵᠢᠯᠡᠨ ᠴᠢᠷᠮᠠᠶᠢᠨ ᠠᠵᠢᠯᠯᠠᠵᠤ | ᠂ ᠨᠡᠩ ᠶᠡᠭᠡ ᠠᠵᠤ ᠠᠬᠤᠢ ᠶᠢᠨ ᠦᠷᠡᠠᠰᠢᠭ ᠢ ᠣᠯᠬᠤ ᠪᠠᠷ ᠴᠢᠷᠮᠠᠶᠢᠨ᠎ᠠ᠃ | |