ᠡᠳᠦᠷ ᠲᠤ ᠬᠡᠳᠦᠢ ᠤᠰᠤ ᠤᠤᠭᠤᠪᠠᠯ ᠵᠣᠬᠢᠬᠤ ᠪᠣᠢ︖ | ᠤᠰᠤ ᠢᠯᠡᠭᠦᠦ ᠤᠤᠭᠤᠬᠤ ᠨᠢ ᠬᠥᠮᠥᠨ ᠤ ᠪᠡᠶ᠎ᠡ ᠶᠢᠨ ᠬᠤᠣᠷ ᠢ ᠭᠠᠳᠠᠭᠰᠢᠯᠠᠭᠤᠯᠵᠤ᠂ ᠰᠢᠨ᠎ᠡ | ᠬᠠᠭᠤᠴᠢᠨ ᠤ ᠰᠣᠯᠢᠯᠴᠠᠭ᠎ᠠ ᠶᠢ ᠠᠬᠢᠭᠤᠯᠤᠨ᠂ ᠡᠷᠡᠭᠦᠯ ᠮᠡᠨᠳᠦ ᠳᠤ ᠲᠤᠰᠠᠲᠠᠢ ᠭᠡᠵᠦ ᠣᠯᠠᠩᠬᠢ ᠬᠥᠮᠥᠰ ᠦᠵᠡᠳᠡᠭ᠃ | ᠭᠡᠬᠦ ᠳᠡᠭᠡᠨ ᠤᠰᠤ ᠢᠯᠡᠭᠦᠦ ᠤᠤᠭᠤᠬᠤ ᠨᠢ ᠬᠥᠮᠥᠨ ᠤ ᠪᠡᠶ᠎ᠡ ᠳᠤ ᠦᠨᠡᠬᠡᠷ ᠠᠰᠢᠭᠲᠠᠢ ᠭᠡᠵᠦ ᠦᠦ︖ | ᠤᠰᠤ ᠤᠤᠭᠤᠬᠤ ᠨᠢ ᠬᠥᠮᠥᠨ ᠤ ᠪᠡᠶ᠎ᠡ ᠶᠢᠨ ᠳᠤᠯᠠᠭᠠᠨ ᠤ ᠬᠡᠮᠵᠢᠶ᠎ᠡ ᠶᠢ ᠲᠣᠬᠢᠷᠠᠭᠤᠯᠵᠤ᠂ ᠡᠯ᠎ᠡ ᠡᠷᠬᠡᠲᠡᠨ ᠪᠣᠯᠣᠨ | ᠦᠶ᠎ᠡ ᠭᠡᠰᠢᠭᠦᠦ ᠶᠢ ᠭᠤᠯᠭᠤᠮᠠᠲᠠᠭᠠᠢ ᠪᠣᠯᠭᠠᠵᠤ᠂ ᠪᠡᠶ᠎ᠡ ᠳᠠᠬᠢ ᠬᠤᠣᠷᠲᠤ ᠡᠳ᠋ ᠢ ᠭᠠᠳᠠᠭᠰᠢᠯᠠᠭᠤᠯᠬᠤ ᠵᠡᠷᠭᠡ | ᠦᠢᠯᠡᠳᠦᠯ ᠲᠠᠢ ᠪᠠᠶᠢᠳᠠᠭ᠃ ᠬᠡᠳᠦᠶᠢᠪᠡᠷ ᠤᠰᠤ ᠤᠤᠭᠤᠬᠤ ᠨᠢ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠮᠠᠰᠢ | ᠴᠢᠬᠤᠯᠠ ᠦᠢᠯᠡᠳᠦᠯ ᠲᠠᠢᠪᠣᠯᠪᠠᠴᠤ ᠬᠡᠳᠦᠢ ᠢᠯᠡᠭᠦᠦ ᠤᠤᠭᠤᠪᠠᠯ ᠲᠡᠳᠦᠢ ᠰᠠᠶᠢᠨ ᠭᠡᠰᠡᠨ ᠶᠠᠪᠤᠳᠠᠯ ᠪᠢᠰᠢ ᠶᠤᠮ᠃ | ᠳᠡᠩᠳᠡᠭᠦᠦ ᠠᠷᠪᠢᠨ ᠤᠰᠤ ᠤᠤᠭᠤᠪᠠᠯᠡᠯᠢᠭᠡ ᠪᠥᠭᠡᠷᠡᠨ ᠤ ᠠᠵᠢᠯᠯᠠᠭ᠎ᠠ ᠳᠣᠷᠣᠢ ᠬᠥᠮᠥᠰ ᠤᠰᠤᠨ ᠳᠤ | ᠬᠤᠣᠷᠳᠠᠭᠳᠠᠵᠤ ᠮᠡᠳᠡᠬᠦ ᠶᠤᠮ᠃ ᠡᠭᠦᠨ ᠠᠴᠠ ᠭᠠᠳᠠᠨ᠎ᠠ ᠳᠡᠩᠳᠡᠭᠦᠦ ᠠᠷᠪᠢᠨ ᠤᠰᠤ ᠤᠤᠭᠤᠭᠠᠳ ᠳᠡᠮᠡᠢ | ᠠᠷᠪᠢᠨ ᠭᠠᠳᠠᠭᠰᠢᠯᠠᠭᠤᠯᠬᠤ ᠦᠭᠡᠢ ᠪᠣᠯ ᠴᠢᠰᠤᠨ ᠳᠠᠬᠢ ᠤᠰᠤᠨ ᠤ ᠠᠭᠤᠯᠤᠭᠳᠠᠴᠠ ᠨᠢ ᠨᠡᠮᠡᠭᠳᠡᠳᠡᠭ᠂ | ᠡᠨᠡ ᠦᠶ᠎ᠡ ᠳᠤ ᠴᠠᠭ ᠲᠤᠬᠠᠢ ᠳᠤᠨᠢ ᠨᠠᠲᠷᠢ ᠨᠥᠬᠦᠪᠦᠷᠢᠯᠡᠬᠦ ᠦᠭᠡᠢ ᠪᠣᠯ ᠬᠥᠮᠥᠨ ᠤ ᠪᠡᠶ᠎ᠡ ᠶᠢᠨ ᠠᠵᠢᠯᠯᠠᠭ᠎ᠠ | ᠨᠥᠯᠥᠭᠡᠯᠡᠭᠳᠡᠵᠦ ᠮᠡᠳᠡᠨ᠎ᠡ᠃ ᠡᠭᠦᠨ ᠠᠴᠠ ᠭᠠᠳᠠᠨ᠎ᠠ ᠳᠡᠩᠳᠡᠭᠦᠦ ᠠᠷᠪᠢᠨ ᠤᠰᠤ ᠤᠤᠭᠤᠪᠠᠯ ᠪᠠᠰᠠ | ᠪᠡᠶᠡᠬᠠᠪᠤᠩᠨᠠᠬᠤ ᠪᠠᠶᠢᠳᠠᠯ ᠢᠯᠡᠷᠡᠳᠡᠭ᠃ | ᠲᠡᠭᠡᠪᠡᠯ ᠨᠠᠰᠤᠨ ᠳᠤ ᠬᠥᠷᠥᠭᠰᠡᠨ ᠬᠥᠮᠥᠰ ᠡᠳᠦᠷ ᠲᠤ ᠬᠡᠳᠦᠢ ᠤᠰᠤ ᠤᠤᠭᠤᠪᠠᠯ ᠵᠣᠬᠢᠬᠤ ᠪᠣᠢ︖ | | ᠨᠠᠰᠤᠨ ᠳᠤ ᠬᠥᠷᠥᠭᠰᠡᠨ ᠡᠷᠡᠭᠲᠡᠢ ᠡᠮᠡᠭᠲᠡᠢ ᠡᠳᠦᠷ ᠲᠤ ᠲᠤᠰ ᠲᠤᠰ 3000ml ᠤᠰᠤ ᠪᠠ 2700ml | ᠤᠰᠤᠬᠡᠷᠡᠭᠰᠡᠳᠡᠭ᠃ ᠡᠭᠦᠨ ᠳᠤ᠂ 300ml ᠢ ᠨᠢ ᠬᠥᠮᠥᠨ ᠤ ᠪᠡᠶ᠎ᠡ ᠥᠪᠡᠷᠲᠡᠭᠡᠨ ᠬᠠᠩᠭᠠᠳᠠᠭ᠃ 1500 ᠠᠴᠠ | 1700ml ᠢ ᠨᠢ ᠤᠰᠤ ᠴᠠᠢ ᠤᠤᠭᠤᠬᠤ ᠪᠠᠷ ᠳᠠᠮᠵᠢᠵᠤ ᠨᠥᠬᠦᠪᠦᠷᠢᠯᠡᠳᠡᠭ᠃ 1000ml ᠢ ᠨᠢ ᠠᠯᠢᠮ᠎ᠠ ᠵᠢᠮᠢᠰ᠂ | ᠨᠣᠭᠤᠭ᠎ᠠ ᠴᠠᠭ᠎ᠠ᠂ ᠰᠦ᠂ ᠲᠤᠲᠤᠷᠭ᠎ᠠ᠂ ᠵᠢᠭᠠᠰᠤ ᠵᠢᠷᠠᠭᠠᠬᠠᠢ ᠵᠡᠷᠭᠡ ᠤᠰᠤ ᠠᠷᠪᠢᠨ ᠠᠭᠤᠯᠤᠭᠳᠠᠵᠤ ᠪᠠᠶᠢᠭ᠎ᠠ | ᠢᠳᠡᠭᠡᠨ ᠤᠮᠳᠠᠭᠠᠨ ᠤ ᠵᠦᠢᠯ ᠢᠶᠠᠷ ᠨᠥᠬᠦᠪᠦᠷᠢᠯᠡᠳᠡᠭ᠃ | ᠲᠡᠶᠢᠮᠦ ᠠᠴᠠ ᠡᠩ ᠤᠨ ᠪᠠᠶᠢᠳᠠᠯ ᠳᠣᠣᠷ᠎ᠠ ᠨᠠᠰᠤᠨ ᠳᠤ ᠬᠥᠷᠥᠭᠰᠡᠨ ᠬᠥᠮᠥᠰ 1500 ᠠᠴᠠ 1700ml | ᠤᠰᠤ ᠤᠤᠭᠤᠪᠠᠯ ᠵᠣᠬᠢᠨ᠎ᠠ᠃ |