ᠵᠠᠰᠠᠭ   ᠤᠨ  ᠤᠷᠳᠤᠨ   ᠤ  ᠠᠵᠢᠯ   ᠤᠨ  ᠢᠯᠡᠳᠭᠡᠯ
ᠨᠡᠶᠢᠲᠡᠯᠡᠭᠰᠡᠨ ᠴᠠᠭ᠄
2020/5/20
          ᠵᠠᠰᠠᠭ   ᠤᠨ   ᠤᠷᠳᠤᠨ   ᠤ   ᠠᠵᠢᠯ   ᠤᠨ   ᠢᠯᠡᠳᠭᠡᠯ                  —  2020 ᠤᠨ ᠤ 5 ᠰᠠᠷ᠎ᠠ ᠶᠢᠨ 14 ᠤ  ᠡᠳᠦᠷ  ᠪᠠᠷᠠᠭᠤᠨ  ᠦᠵᠦᠮᠦᠴᠢᠨ  ᠬᠤᠰᠢᠭᠤᠨ ᠤ  ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                                                 ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ    ᠮᠦᠩᠭᠦᠨᠱᠠᠳᠦᠯᠦᠭᠡᠯᠡᠭᠴᠢᠳ ᠡ᠄     ᠤᠳᠤ᠂ ᠪᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠃ ᠲᠠ ᠪᠦᠭᠦᠨ ᠬᠢᠨᠠᠨ ᠵᠦᠪᠯᠡᠭᠦ ᠪᠤᠯᠪᠠᠤ᠃ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠶᠢ ᠭᠦᠰᠡᠵᠤ ᠪᠠᠶᠢᠨ᠎ᠠ᠃     ᠨᠢᠭᠡ᠂ 2019 ᠣᠨ ᠤ ᠠᠵᠢᠯ ᠤᠨ ᠡᠷᠬᠢᠴᠡᠭᠦᠯᠦᠯ     2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠪᠣᠯᠬᠤ ᠮᠦᠷᠳᠡᠭᠡᠨ ᠮᠠᠨ ᠤ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠶ ᠠᠵᠤ ᠠᠬᠤᠢ ᠶᠢᠨ ᠪᠠᠶᠢᠳᠠᠯ ᠪᠠ ᠥᠭᠡᠷᠡᠴᠢᠯᠡᠯᠲᠡ ᠬᠥᠭᠵᠢᠯᠲᠡ ᠲᠤᠭᠳᠠᠭᠤᠨ ᠤ ᠬᠦᠨᠳᠦ ᠬᠠᠲᠠᠭᠤᠵᠢᠯᠳᠠᠢ ᠡᠭᠦᠷᠭᠡ ᠶᠢᠨ ᠡᠮᠦᠨ᠎ᠡ᠂ ᠬᠤᠰᠢᠭᠤ ᠵᠠᠰᠠᠭ ᠤᠨ ᠣᠷᠳᠣᠨ ᠨᠢ ᠠᠶᠢᠮᠠᠭ ᠤᠨ ᠨᠠᠮ ᠤᠨ ᠬᠤᠷᠢᠶ᠎ᠡ᠂ ᠵᠠᠬᠢᠷᠭ᠎ᠠ ᠪᠣᠯᠤᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠦᠭᠡᠷᠡᠴᠢᠯᠡᠯᠳᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠦ᠂  ᠬᠥᠭᠵᠢᠯᠲᠡ ᠶᠢᠨ ᠰᠢᠨ᠎ᠡ ᠤᠶᠢᠯᠠᠭᠠᠭᠳᠠᠬᠤᠨ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠨᠠᠷᠯᠢᠭ ᠬᠥᠭᠵᠢᠯᠲᠡ ᠶᠢ ᠠᠬᠢᠭᠤᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 128.03 ᠳ᠋ᠦᠩᠰᠢᠭᠤᠷ ᠲᠥᠭᠦᠷᠢᠭ ᠪᠡᠶᠡᠯᠡᠬᠦᠯᠵᠦ᠂ 0.1% ᠪᠠᠷ ᠨᠡᠮᠡᠭᠳᠡᠪᠡ᠃  ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 20.39 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 0.26% ᠪᠠᠷ ᠪᠠᠭᠤᠷᠠᠵᠠᠢ᠃ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 24.39 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 3.6% ᠪᠠᠷ ᠨᠡᠮᠡᠭᠳᠡᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠤᠪᠢᠶᠠᠷᠢᠯᠠᠵᠤ ᠪᠤᠯᠬᠤᠶᠢᠴᠠ ᠤᠷᠤᠯᠭ᠎ᠠ 41542 ᠲᠦᠭᠦᠷᠢᠭ ᠪᠠ 28138 ᠲᠦᠭᠦᠷᠢᠭ ᠲᠤ ᠭᠦᠷᠴᠦ᠂ ᠲᠤᠰ ᠲᠤᠰ 6.2% ᠪᠠ 8.5% ᠪᠠᠷ ᠨᠡᠮᠡᠭᠳᠡᠪᠡ᠃ ᠬᠤᠷᠸ᠎ᠠ ᠠᠵᠤ ᠠᠬᠤᠶ ᠶᠢᠨ ᠪᠠᠶᠢᠳᠠᠯ᠂ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠨᠥᠯᠥᠭᠡ ᠠᠴᠠ ᠪᠤᠯᠵᠤ᠂ ᠣᠨᠴᠠ ᠵᠠᠷᠢᠮ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠵᠤᠬᠢᠬᠤ ᠬᠡᠮᠵᠢᠶ᠎ᠡ ᠪᠠᠷ ᠪᠠᠭᠤᠷᠠᠭᠰᠠᠨ ᠪᠣᠯᠪᠠᠴᠤ ᠠᠵᠤ ᠠᠬᠤᠶ ᠶᠢᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠦ᠂ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃    ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠃    ︵ᠨᠢᠭᠡ︶ ᠭᠤᠤᠯᠳᠠᠯᠭ᠎ᠠ ᠶᠢ ᠠᠳᠬᠤᠨ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠵᠦ᠂ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃     ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠪᠡ᠃  ᠨᠠᠮ ᠤᠨ ᠲᠦᠪ ᠬᠤᠷᠢᠶᠠᠨ ᠠᠴᠠ ᠲᠤᠮᠢᠯᠠᠭᠰᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠳᠤᠭᠤᠷᠢᠨ ᠪᠠᠶᠢᠴᠠᠭᠠᠯᠳᠠ ᠪᠠ ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢᠨ ᠬᠢᠨᠠᠨ ᠰᠢᠯᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ  ᠤᠳ ᠢ ᠴᠦᠮ ᠵᠠᠰᠠᠨ ᠴᠡᠭᠴᠡᠯᠡᠪᠠ᠃ ᠤᠷᠤᠨ ᠨᠤᠳᠤᠭ ᠤᠨ ᠡᠳ᠋ ᠤᠨ ᠵᠠᠰᠠᠭ ᠠᠴᠠ ᠶᠠᠳᠠᠭᠤ ᠶᠢ ᠲᠡᠳᠭᠦᠭᠦ ᠠᠵᠢᠯ  ᠳᠤ 335.2 ᠲᠦᠮᠡᠨ ᠲᠦᠭᠦᠷᠢᠭ ᠤᠨ ᠪᠡᠯᠡ ᠮᠦᠩᠭᠦ ᠵᠠᠷᠤᠴᠠᠭᠤᠯᠵᠤ᠂ ︽ᠪᠦᠭᠦᠨ ᠢ ᠰᠢᠢᠳᠪᠤᠷᠢᠯᠡᠵᠦ᠂ ᠪᠠᠷᠢᠮᠵᠢᠶᠠᠨ ᠳᠤ ᠭᠦᠷᠭᠡᠭᠦ  ︾ ᠠᠵᠢᠯᠯᠠᠭ᠎ᠠ ᠦᠷᠨᠢᠭᠦᠯᠦᠨ᠂ ︽ᠬᠤᠶᠠᠷ ᠲᠤ ᠵᠤᠪᠠᠭ᠋ᠤ ᠦᠭᠡᠢ︾ ᠪᠠᠶᠢᠬᠤ ᠶᠢ ᠪᠠᠳᠤᠯᠠᠨ᠂ ︽ᠭᠤᠷᠪᠠ ᠶᠢ ᠪᠠᠳᠤᠯᠠᠬᠤ︾ ᠠᠰᠠᠭᠤᠳᠠᠯ ᠢ ᠪᠦᠭᠦᠨ ᠢ ᠰᠢᠢᠳᠪᠤᠷᠢᠯᠠᠵᠠᠢ᠃ ᠲᠠᠩᠰᠠ ᠺᠠᠷᠲ ᠪᠠᠶᠢᠭᠤᠯᠤᠭᠰᠠᠨ 24 ᠶᠠᠳᠠᠭᠤ ᠭᠦᠴᠢᠷᠳᠠᠯᠳᠠᠢ ᠡᠷᠦᠭᠡ ᠳᠤ ᠫᠧᠩ ᠬᠤᠷᠤᠭ᠎ᠠ ᠪᠠᠶᠢᠭᠤᠯᠤᠨ ᠥᠭᠴᠦ᠂ ᠭᠦᠳᠡᠯᠮᠤᠷᠢᠯᠡᠭᠦ ᠴᠢᠳᠠᠪᠤᠷᠢ ᠦᠭᠡᠢ᠂ ᠬᠦᠳᠡᠯᠮᠦᠷᠢᠯᠡᠬᠦ ᠴᠢᠳᠠᠪᠤᠷᠢ ᠪᠠᠷ ᠠᠨᠠᠢ ᠶᠠᠳᠠᠭᠤ ᠠᠴᠠ ᠠᠩᠭᠢᠵᠢᠷᠠᠭᠤᠯᠤᠭᠰᠠᠨ 46 ᠬᠦᠮᠦᠨ ᠳᠤ 30 ᠲᠦᠮᠡᠨ ᠲᠦᠭᠦᠷᠢᠭ ᠤᠨ ᠡᠳ᠋ ᠬᠦᠷᠦᠩᠭᠡ ᠶᠢᠨ ᠠᠰᠢᠭ ᠭᠦᠷᠳᠡᠭᠡᠨ᠂ ᠠᠵᠤ ᠤᠶᠢᠯᠠᠰ ᠢᠶᠠᠷ ᠶᠠᠳᠠᠭᠤ ᠶᠢ ᠲᠡᠳᠭᠦᠭᠦ ᠠᠵᠢᠯ ᠨᠡᠩ ᠨᠠᠷᠢᠯᠢᠭ ᠤᠨᠤᠪᠴᠢᠳᠠᠢ ᠪᠤᠯᠪᠠ᠃ 48 ᠡᠷᠦᠬᠡ ᠶᠢᠨ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠭᠦᠴᠢᠷᠳᠠᠯᠳᠠᠢ ᠡᠷᠦᠭᠡ ᠶᠢᠨ ᠤᠷᠤᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠪᠦᠳᠦᠮᠵᠢᠳᠡᠢ ᠰᠢᠢᠳᠪᠤᠷᠢᠯᠠᠵᠠᠢ᠃ ᠰᠤᠷᠭᠠᠨ ᠭᠦᠮᠦᠵᠢᠯ  ᠢᠶᠠᠷ ᠶᠠᠳᠠᠭᠤ ᠶᠢ ᠲᠡᠳᠭᠦᠭᠦ ᠪᠡᠯᠡ ᠮᠦᠩᠭᠦ ᠶᠢ 41.2 ᠲᠦᠮᠡᠨ ᠲᠦᠭᠦᠷᠢᠭ ᠪᠠᠭᠤᠯᠭᠠᠵᠤ᠂ ᠶᠠᠳᠠᠭᠤ ᠭᠦᠴᠢᠷᠳᠠᠯᠳᠠᠢ ᠭᠡᠷ ᠪᠦᠯᠢ ᠶᠢᠨ ᠰᠤᠷᠤᠭᠴᠢᠳ ᠢ ᠲᠤᠰᠠᠯᠠᠨ ᠲᠡᠮᠵᠢᠪᠡ᠃ 115 ᠲᠠᠩᠰᠠ ᠺᠠᠷᠲ ᠪᠠᠶᠢᠭᠤᠯᠤᠭᠰᠠᠨ ᠶᠠᠳᠠᠭᠤ ᠭᠦᠴᠢᠷᠳᠠᠯᠳᠠᠢ ᠡᠷᠦᠭᠡ ᠳᠤ ᠤᠰᠤ ᠠᠷᠢᠭᠤᠳᠬᠠᠬᠤ ᠲᠦᠭᠦᠭᠡᠷᠦᠮᠵᠢ ᠤᠭᠰᠠᠷᠠᠨ᠂ ᠶᠠᠳᠠᠭᠤ ᠭᠦᠴᠢᠷᠳᠠᠯᠳᠠᠢ ᠭᠦᠮᠦᠨ ᠠᠮᠠ ᠶᠢᠨ ᠤᠰᠤ ᠤᠮᠳᠠ ᠶᠢᠨ ᠠᠮᠤᠷ ᠲᠦᠪᠰᠢᠨ ᠢ ᠪᠠᠳᠤᠯᠠᠪᠠ᠃ ᠡᠮᠴᠢᠯᠡᠭᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠠᠳᠠᠭᠤ ᠬᠦᠴᠢᠷᠳᠡᠯᠲᠡᠶ ᠡᠪᠡᠳᠴᠢᠲᠡᠨ ᠤ ᠬᠦᠨᠳᠦ ᠶᠡᠭᠡ ᠡᠪᠡᠳᠴᠢᠨ ᠡᠮᠭᠡᠭ᠂ ᠬᠦᠨᠳᠦ ᠪᠤᠰᠤ ᠡᠪᠡᠳᠴᠢᠨ ᠡᠮᠭᠡᠭ ᠢᠶᠠᠷ ᠡᠮᠨᠡᠯᠭᠡ ᠳᠤ ᠰᠠᠭᠤᠭᠰᠠᠨ ᠰᠦᠢᠳᠬᠡᠯ ᠢ ᠲᠠᠩᠰᠠ ᠴᠠᠶᠢᠷᠠᠭᠤᠯᠤᠭᠰᠠᠨ ᠬᠠᠷᠢᠴᠠᠯ ᠲᠣᠰ ᠲᠣᠰ 90% ᠪᠠ 82% ᠲᠤ ᠬᠦᠷᠴᠦ᠂ ᠲᠠᠩᠰᠠ ᠺᠠᠷᠲ ᠪᠠᠶᠢᠭᠤᠯᠤᠭᠰᠠᠨ ᠶᠠᠳᠠᠭᠤ ᠭᠦᠴᠢᠷᠳᠠᠯᠳᠠᠢ ᠭᠦᠮᠦᠰ ᠢ ᠭᠡᠷ ᠪᠦᠯᠢ ᠶᠢᠨ ᠡᠮᠴᠢ ᠶᠢᠨ ᠭᠡᠷ᠎ᠡ ᠪᠠᠷ ᠦᠢᠯᠡᠴᠢᠯᠡᠬᠦ ᠬᠡᠪᠴᠢᠶᠡᠨ ᠳᠤ ᠪᠦᠬᠦᠨ ᠢ ᠬᠠᠮᠤᠷᠠᠭᠤᠯᠪᠠ᠃ 2019 ᠣᠨ ᠤ ᠰᠡᠭᠦᠯᠴᠢ ᠪᠤᠯᠲᠠᠯ᠎ᠠ᠂ ᠪᠥᠬᠦ ᠬᠤᠰᠢᠭᠤᠨ ᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠭᠦᠴᠢᠷᠳᠠᠯᠳᠠᠢ 370 ᠡᠷᠦᠭᠡ ᠶᠢᠨ 1124 ᠭᠦᠮᠦᠨ ᠢ ᠪᠦᠭᠦᠨ ᠢ ᠶᠠᠳᠠᠭᠤ ᠠᠴᠠ ᠠᠩᠬᠢᠵᠢᠷᠠᠭᠤᠯᠵᠤ᠂ ᠢᠯᠭᠠᠨ ᠲᠤᠭᠲᠠᠭᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠰᠢᠨ᠎ᠡ ᠪᠠᠷ ᠨᠡᠮᠡᠭᠳᠡᠭᠰᠡᠨ ᠦᠭᠡᠢ᠃    ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠳᠦᠮᠵᠢ ᠣᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠱᠠᠭᠠᠷᠳᠠᠨ ᠪᠠᠶᠢᠴᠠᠭᠠᠯᠳᠠ ᠪᠠ ᠲᠠᠬᠢᠨ ᠪᠠᠶᠢᠴᠠᠭᠠᠯᠳᠠ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠠ ᠠᠮᠢ ᠠᠬᠤᠶ ᠣᠷᠴᠢᠨ ᠲᠣᠭᠤᠷᠢᠨ ᠤ ᠪᠠᠶᠢᠴᠠᠭᠠᠯᠲᠠ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠪᠠᠶᠢᠴᠠᠭᠠᠯᠲᠠ ᠤᠳ ᠠᠴᠠ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 86.4% ᠳᠤ ᠭᠦᠷᠪᠡ᠃ ᠴᠡᠯᠮᠡᠭ ᠤᠬᠳᠠᠷᠭᠤᠢ᠂ ᠴᠡᠩᠭᠡᠭ ᠤᠰᠤ᠂ ᠦᠩ ᠰᠢᠮᠡᠯᠢᠭ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠡᠷᠴᠢᠮᠳᠡᠢ ᠦᠷᠨᠢᠭᠦᠯᠦᠨ᠂ ᠬᠠᠳᠠᠲᠤ ᠱᠤᠶᠢᠨᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠢᠲᠡᠭᠦᠮᠵᠢᠯᠡᠭᠰᠡᠨ ᠬᠥᠮᠥᠷᠭᠡ ᠪᠠ ᠪᠠᠶᠠᠨᠬᠤᠸᠠ ᠳ᠋ᠦᠩ ᠰᠢᠨ ᠪᠤᠳᠠᠰ  ᠤᠨ ᠭᠦᠢᠯᠭᠡᠭᠡᠨ ᠤ ᠳᠤᠭᠤᠷᠢᠭ ᠤᠨ ᠪᠢᠲᠡᠭᠦᠮᠵᠢᠯᠡᠭᠰᠡᠨ ᠬᠥᠮᠥᠷᠭᠡ ᠶᠢᠨ ᠪᠠᠶᠢᠭᠤᠯᠤᠯᠲᠠ ᠶᠢ ᠱᠠᠭᠠᠷᠳᠠᠨ ᠪᠠᠶᠢᠭᠤᠯᠵᠤ᠂ ᠬᠤᠰᠢᠭᠤᠨ ᠲᠤᠳᠤᠷᠠᠬᠢ 48 ᠲᠣᠰᠣ ᠨᠡᠮᠡᠬᠦ ᠥᠷᠲᠡᠭᠡ ᠶᠢᠨ 203 ᠰᠠᠭᠤᠷᠢ ᠭᠠᠵᠠᠷ ᠳᠣᠤᠷᠠᠬᠢ ᠲᠣᠰᠣᠨ ᠰᠠᠪᠠ  ᠳᠤ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ ᠤᠷᠢᠳᠴᠢᠯᠠᠨ ᠪᠡᠶᠡᠯᠡᠭᠦᠯᠵᠦ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠪᠠᠷᠢᠮᠵᠢᠶ᠎ᠠ ᠳᠤ ᠭᠦᠷᠭᠡᠨ ᠭᠠᠳᠠᠭᠰᠢᠯᠠᠭᠤᠯᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃     ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠬᠤᠷᠢᠭᠯᠠᠪᠠ᠃ ᠲᠥᠰᠦᠪ ᠢ ᠲᠤᠬᠢᠷᠠᠭᠤᠯᠬᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠬᠤ᠂ ᠰᠤᠯᠠ ᠪᠠᠶᠢᠭ᠎ᠠ ᠡᠳ᠋ ᠬᠦᠷᠦᠩᠭᠡ ᠶᠢ ᠰᠢᠢᠳᠪᠤᠷᠢᠯᠡᠬᠦ ᠵᠡᠷᠭᠡ ᠠᠷᠭ᠎ᠠ ᠠᠪᠴᠠᠯ  ᠢ ᠠᠪᠴᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠡᠮᠬᠢ ᠴᠡᠭᠴᠡ ᠲᠠᠢ ᠰᠢᠢᠳᠪᠤᠷᠢᠯᠡᠭᠰᠡᠨ ᠪᠠᠶᠢᠨ᠎ᠠ᠃ ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 4.8 ᠳ᠋ᠦᠩᠰᠢᠭᠤᠷ ᠲᠥᠭᠦᠷᠢᠭ ᠪᠤᠴᠠᠭᠠᠵᠤ᠂ ᠪᠦᠭᠦ ᠵᠢᠯ ᠤᠨ ᠡᠭᠦᠷᠭᠡ ᠪᠠᠨ 226.9% ᠪᠠᠷ ᠪᠡᠶᠡᠯᠡᠭᠦᠯᠵᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠭᠰᠡᠨ ᠦᠷᠢ ᠦᠭᠴᠡᠭᠡ ᠶᠢ 2.85 ᠳ᠋ᠦᠩᠰᠢᠭᠤᠷ ᠲᠥᠭᠦᠷᠢᠭ ᠪᠤᠴᠠᠭᠠᠵᠤ᠂ ᠵᠢᠯ ᠤᠨ ᠡᠭᠦᠷᠭᠡ ᠪᠠᠨ 107% ᠪᠠᠷ ᠪᠡᠶᠡᠯᠡᠭᠦᠯᠪᠡ᠃ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢ ᠦᠷᠭᠦᠯᠵᠢᠯᠡᠨ ᠴᠡᠭᠴᠡᠯᠡᠨ ᠵᠢᠷᠤᠮᠵᠢᠭᠤᠯᠵᠤ᠂ ᠵᠢᠭᠡᠯᠯᠡᠭᠡ ᠠᠪᠤᠭᠰᠠᠨ ᠡᠷᠦᠬᠡ ᠶᠢᠨ ᠲᠤᠭ᠎ᠠ ᠪᠣᠯᠤᠨ ᠵᠢᠭᠡᠯᠡᠯᠭᠡ ᠶᠢᠨ ᠭᠡᠮᠵᠢᠶ᠎ᠠ ᠨᠢ ᠳᠡᠭᠡᠷ᠎ᠡ ᠵᠢᠯ ᠤᠨ ᠬᠢ ᠠᠴᠠ ᠲᠣᠰ ᠲᠣᠰ 34.6% ᠪᠠ 27.8%  ᠪᠠᠷ ᠪᠠᠭᠤᠷᠠᠵᠠᠢ᠃    ︵ᠬᠤᠶᠠᠷ︶ ᠠᠵᠤ ᠦᠢᠯᠡᠰ ᠢ ᠠᠳᠬᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠪᠡ᠃    ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠮᠠᠯᠵᠢᠯ ᠤᠨ ᠣᠨ ᠤ ᠮᠠᠯ ᠤᠨ ᠲᠤᠭ᠎ᠠ ᠲᠣᠯᠣᠭᠠᠶ 240 ᠳᠦᠮᠡᠨ ᠳᠤᠯᠤᠭᠠᠢ ᠳᠤ ᠬᠦᠷᠴᠦ᠂ ᠡᠭᠦᠨ ᠳᠤ ᠪᠣᠭ ᠮᠠᠯ 211 ᠲᠦᠮᠨ ᠂ ᠪᠣᠳᠠ ᠮᠠᠯ 29 ᠲᠦᠮᠨ ᠪᠠᠶᠢᠵᠤ᠂ ᠪᠦᠬᠦ ᠵᠢᠯ ᠳᠤ ᠨᠡᠶᠢᠲᠡ 136 ᠲᠦᠮᠡᠨ ᠲᠣᠯᠣᠭᠠᠢ ᠮᠠᠯ ᠢ ᠪᠣᠷᠣᠯᠠᠭᠤᠯᠪᠠ᠃ ᠤᠷᠤᠨ ᠨᠤᠲᠤᠭ ᠤᠨ ᠢᠶᠠᠨ ᠪᠠᠶᠢᠳᠠᠯ ᠳᠤ ᠲᠤᠬᠢᠷᠠᠭᠤᠯᠤᠨ᠂ ︽ᠬᠤᠨᠢ ᠶᠢ ᠴᠢᠨᠠᠷᠵᠢᠭᠤᠯᠵᠤ᠂ ᠦᠬᠡᠷ ᠢ ᠦᠰᠬᠡᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠢ ᠲᠡᠳᠭᠦᠨ ᠲᠡᠮᠵᠢᠭᠦ ᠳᠤ 638 ᠲᠦᠮᠡᠨ ᠲᠥᠭᠦᠷᠢᠭ ᠤᠨ ᠪᠡᠯᠡ ᠮᠦᠩᠭᠦ ᠶᠢ ᠵᠠᠷᠤᠴᠠᠭᠤᠯᠤᠨ᠂ 6356 ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠭᠠᠳᠠᠨ᠎ᠠ ᠠᠴᠠ ᠤᠷᠤᠭᠤᠯᠤᠭᠰᠠᠨ ᠮᠠᠯᠴᠢᠳ ᠲᠤ ᠨᠦᠭᠦᠪᠤᠷᠢ ᠤᠯᠭᠤᠪᠠ᠃ ᠮᠢᠬᠠᠨ ᠤ ᠬᠤᠨᠢᠨ ᠤ ᠠᠵᠤ ᠦᠢᠯᠡᠰ ᠢ ᠲᠡᠳᠬᠦᠨ ᠳᠡᠮᠵᠢᠬᠦ ᠳᠤ 970 ᠲᠦᠮᠡᠨ ᠲᠥᠭᠦᠷᠢᠭ ᠤᠨ ᠪᠡᠯᠡ ᠮᠥᠩᠭᠦ ᠶᠢ ᠵᠠᠷᠤᠴᠠᠭᠤᠯᠤᠨ᠂ ᠦᠵᠦᠮᠦᠴᠢᠨ ᠬᠤᠨᠢᠨ ᠤ ᠡᠭᠦᠯᠳᠡᠷ ᠢ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠵᠤ᠂ 4000 ᠭᠠᠷᠤᠢ ᠬᠤᠷᠠᠭᠠᠨ ᠬᠤᠴᠠ᠂ 4.2 ᠲᠦᠮᠡ ᠭᠠᠷᠤᠢ ᠦᠬᠢᠨ ᠲᠦᠯᠦᠭᠡ ᠶᠢ ᠰᠣᠩᠭᠤᠨ ᠦᠯᠡᠳᠠᠭᠡᠵᠠᠢ᠃ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ︽ᠦᠵᠦᠮᠦᠴᠢᠨ ᠴᠠᠭᠠᠨ ᠠᠳᠤᠭᠤ︾ ᠨᠡᠷᠡᠲᠦ ᠲᠡᠮᠳᠡᠭ ᠪᠠ ᠬᠠᠮᠢᠶ᠎ᠠ ᠪᠦᠬᠦᠢ  ᠮᠡᠳᠡᠯᠭᠡ ᠶᠢᠨ ᠥᠮᠴᠢ ᠶᠢᠨ ᠡᠷᠬᠡ ᠶᠢ ᠠᠮᠵᠢᠯᠳᠠᠳᠠᠢ ᠲᠠᠩᠰᠠᠯᠠᠭᠤᠯᠵᠤ᠂ ᠮᠣᠩᠭᠤᠯ ᠠᠳᠤᠭᠤᠨ ᠤ ᠭᠤᠤᠯᠳᠠᠯᠭᠠᠳᠤ ᠰᠦᠷᠦᠭ 25 ᠪᠤᠯᠤᠨ ᠨᠡᠮᠡᠭᠳᠡᠪᠡ᠃ ᠮᠢᠬᠠᠨ ᠤ ᠬᠤᠨᠢᠨ ᠤ ᠲᠥᠷᠦ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠨᠥᠬᠦᠪᠥᠷᠢ ᠮᠦᠩᠭᠦ ᠶᠢ 176.9 ᠳᠦᠮᠡᠨ ᠳᠦᠭᠦᠷᠢᠭ ᠲᠠᠷᠬᠠᠭᠠᠵᠦ᠂ 2855 ᠮᠠᠯᠵᠢᠬᠤ ᠡᠷᠦᠬᠡ ᠳᠤ ᠠᠰᠢᠭ ᠭᠦᠷᠳᠡᠭᠡᠭᠰᠡᠨ ᠪᠠᠶᠢᠨ᠎ᠠ᠃ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠦᠷᠭᠡᠳᠬᠡᠨ ᠪᠠᠶᠢᠭᠤᠯᠵᠦ᠂ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 91᠂ ᠳᠦᠷᠢᠮᠵᠢᠭᠰᠡᠨ ᠬᠤᠷᠰᠢᠶᠠᠵᠢᠯ 46 ᠶᠢ ᠰᠢᠯᠭᠠᠷᠠᠭᠤᠯᠤᠨ ᠲᠠᠩᠰᠠᠯᠠᠪᠠ᠃ ᠮᠠᠯᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ ᠲᠡᠭᠦᠯᠳᠡᠷᠵᠢᠭᠦᠯᠤᠨ᠂ 6.8 ᠲᠦᠮᠡᠨ ᠲᠣᠯᠣᠭᠠᠢ ᠡᠪᠦᠯ ᠤᠨ ᠲᠥᠯ ᠢ ᠡᠳ᠋ᠰᠢᠭᠦᠯᠵᠦ᠂ 453 ᠲᠦᠮᠡᠨ ᠲᠥᠭᠦᠷᠢᠭ ᠤᠨ ᠨᠥᠬᠦᠪᠥᠷᠢ ᠮᠦᠩᠭᠦ ᠲᠠᠷᠬᠠᠭᠠᠪᠠ᠃     ᠠᠵᠤ ᠤᠶᠢᠯᠠᠳᠪᠤᠷᠢ ᠶᠢᠨ ᠠᠵᠤ ᠠᠬᠤᠶ ᠶᠢ ᠲᠤᠭᠳᠠᠭᠤᠨ ᠢᠶᠠᠷ ᠬᠦᠭᠵᠢᠬᠦᠯᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 25 ᠠᠵᠤ ᠤᠶᠢᠯᠠᠳᠪᠤᠷᠢ ᠶᠢᠨ ᠠᠵᠤ ᠠᠬᠤᠶᠢᠯᠠᠯ ᠨᠡᠶᠢᠲᠡ 175 ᠳ᠋ᠦᠩᠰᠢᠭᠤᠷ ᠲᠥᠭᠦᠷᠢᠭ ᠤᠨ ᠤᠶᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ᠃ ᠡᠭᠦᠨ ᠳᠤ᠂ ᠨᠡᠭᠦᠷᠡᠰᠦ᠂ ᠴᠠᠬᠢᠯᠭᠠᠨ ᠬᠦᠴᠦᠨ ᠤ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ ᠢᠯᠡᠳᠲᠡ ᠨᠡᠮᠡᠭᠳᠡᠵᠤ᠂ ᠨᠡᠭᠦᠷᠡᠰᠦᠨ ᠤ ᠠᠵᠢᠯ ᠲᠥᠷᠥᠯ 95.7 ᠳ᠋ᠦᠩᠰᠢᠭᠤᠷ ᠲᠥᠭᠦᠷᠢᠭ ᠤᠨ ᠤᠶᠢᠯᠡᠳᠭᠦᠨ ᠤ ᠥᠷᠲᠡᠭ ᠢ ᠪᠡᠶᠡᠯᠡᠭᠦᠯᠤᠨ᠂ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠪᠡ᠃ ᠴᠠᠬᠢᠯᠭᠠᠨ ᠬᠦᠴᠦᠨ ᠤ ᠠᠵᠢᠯ ᠲᠥᠷᠥᠯ 38.2 ᠳ᠋ᠦᠩᠰᠢᠭᠤᠷ ᠲᠥᠭᠦᠷᠢᠭ ᠤᠨ ᠤᠶᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 76.9% ᠪᠠᠷ ᠨᠡᠮᠡᠭᠳᠡᠪᠡ᠃ ᠵᠢᠩ ᠨᠧᠩ᠂ ᠬᠤᠸᠠ ᠷᠦᠨ ᠵᠡᠷᠭᠡ 2 ᠴᠠᠬᠢᠯᠭᠠᠨ ᠤ ᠤᠶᠢᠯᠠᠳᠪᠤᠷᠢ ᠶᠢ ᠴᠦᠮ ᠲᠤᠤᠷ ᠨᠢᠭᠡᠳᠦᠭᠦᠯᠦᠨ ᠴᠠᠬᠢᠯᠭᠠᠨ ᠭᠠᠷᠭᠠᠬᠤ ᠭᠡᠪᠴᠢᠶᠠᠵᠢᠯ ᠠᠴᠠ ᠲᠡᠭᠡᠭᠰᠢᠬᠢ ᠠᠵᠤ ᠠᠬᠤᠶᠢᠯᠠᠯ ᠳᠤ ᠮᠡᠳᠡᠭᠦᠯᠵᠠᠢ᠃ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠲᠠᠰᠤ ᠶᠢᠨ ᠲᠥᠷᠦᠯ ᠵᠦᠢᠯ ᠨᠢ ᠨᠢᠭᠡᠳᠦᠭᠡᠷ ᠬᠤᠭᠤᠴᠠᠭᠠᠨ ᠳᠤ 40.5 ᠲᠦᠮᠡᠨ ᠲᠣᠨ ᠦᠢᠯᠡᠳᠪᠦᠷᠢᠯᠡᠯ ᠤᠨ ᠴᠢᠳᠠᠪᠬᠢ ᠶᠢᠨ ᠭᠦᠢᠴᠡᠳᠭᠡᠯ ᠲᠤᠭ᠎ᠠ ᠶᠢ ᠰᠣᠯᠢᠪᠠ᠃ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠳᠠᠰᠤ ᠶᠢᠨ ᠦᠢᠯᠡᠳᠪᠤᠷᠢ ᠶᠢᠨ ᠦᠪᠡᠷ ᠤᠨ ᠬᠡᠷᠡᠭᠴᠡᠭᠡ ᠪᠠᠨ ᠬᠠᠩᠭᠠᠬᠤ ᠴᠠᠬᠢᠯᠭᠠᠨ ᠤ ᠤᠶᠢᠯᠠᠳᠪᠤᠷᠢ ᠶᠢ ᠪᠠᠶᠢᠭᠤᠯᠪᠠ᠃ ᠥᠪᠥᠷ ᠮᠣᠩᠭᠤᠯ ᠤᠨ ᠢᠦᠶ ᠯᠦᠩ ᠠᠭᠤᠷᠬᠠᠶ ᠶᠢᠨ ᠤᠶᠢᠯᠠᠰ ᠤᠨ ᠺᠣᠮᠫᠠᠨᠢ ᠨᠢ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠢ ᠠᠰᠢᠭᠯᠠᠭᠰᠠᠨ ᠠᠵᠤ ᠠᠬᠤᠶᠢᠯᠠᠯ ᠢᠶᠠᠷ ᠦᠨᠡᠯᠡᠭᠳᠡᠭᠰᠡᠨ ᠪᠠᠶᠢᠨ᠎ᠠ᠃     ᠤᠶᠢᠯᠡᠴᠢᠯᠡᠭᠡᠨ ᠤ ᠤᠶᠢᠯᠠᠰ ᠢ ᠲᠡᠰ ᠳᠡᠪᠰᠢᠭᠦᠯᠪᠡ᠃ ᠨᠡᠭᠦᠷᠡᠰᠦ ᠵᠡᠷᠭᠡ ᠶᠡᠭᠡ ᠬᠡᠮᠵᠢᠶᠡᠨ ᠤ ᠡᠳ᠋ ᠪᠠᠷᠠᠭ᠎ᠠ ᠶᠢᠨ ᠲᠡᠭᠡᠭᠡᠪᠦᠷᠢ ᠶᠢ ︽ᠵᠠᠰᠠᠮᠠᠯ ᠵᠠᠮ ᠠᠴᠠ ᠲᠡᠮᠤᠷ ᠵᠠᠮ ᠢᠶᠠᠷ ᠵᠦᠭᠡᠭᠡᠪᠤᠷᠢᠯᠡᠭᠦ︾ ᠪᠤᠯᠭᠠᠨ ᠬᠤᠪᠢᠷᠠᠭᠤᠯᠵᠤ᠂ ᠪᠠᠶᠠᠨᠬᠤᠸᠠ  ᠠᠴᠠ ᠰᠠᠶᠢᠠᠠᠦ᠋ᠨᠳᠤᠷ ᠭᠦᠷᠭᠦ ᠲᠡᠮᠦᠷ ᠵᠠᠮ᠂ ᠬᠤᠸᠠ ᠷᠦᠨ ᠪᠦᠯᠦᠭᠯᠡᠯ ᠤᠨ ᠡᠤ ᠵᠢᠶᠠᠨ ᠹᠠᠩ ᠴᠠᠬᠢᠯᠭᠠᠨ ᠤᠶᠢᠯᠠᠳᠪᠤᠷᠢ ᠶᠢᠨ ᠲᠡᠮᠦᠷ ᠵᠠᠮ ᠤᠨ ᠲᠤᠰᠬᠠᠶ ᠱᠤᠭᠤᠮ ᠤᠨ ᠪᠠᠷᠢᠯᠭ᠎ᠠ ᠶᠢ ᠳᠠᠭᠤᠰᠬᠠᠨ ᠠᠵᠢᠯ ᠡᠭᠢᠯᠡᠭᠦᠯᠪᠡ᠃ ᠤᠶᠢᠯᠡᠴᠢᠯᠡᠭᠡᠨ ᠤ ᠤᠶᠢᠯᠠᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ 28 ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠠᠶᠢᠭᠤᠯᠵᠦ᠂ ᠡᠯᠧᠺᠲᠷᠣᠨ ᠬᠤᠳᠠᠯᠳᠤᠭᠠᠨ ᠤ ᠰᠤᠯᠢᠯᠴᠠᠭᠠᠨ ᠤ ᠦᠷᠳᠡᠭ 1300 ᠲᠦᠮᠡᠨ ᠲᠥᠭᠦᠷᠢᠭ ᠲᠤ ᠬᠦᠷᠴᠡᠶ᠃ ︽ᠪᠠᠷᠠᠭᠤᠨ ᠦᠵᠦᠮᠦᠴᠢᠨ ᠬᠤᠰᠢᠭᠤᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠲᠦᠯᠦᠪᠵᠢᠭᠦᠯᠭᠡ︾ ᠶᠢ ᠨᠠᠶᠢᠷᠠᠭᠤᠯᠵᠤ ᠲᠠᠭᠤᠰᠬᠠᠪᠠ᠃ ᠬᠠᠪᠴᠢᠭᠠᠢ᠂ ᠮᠣᠩᠭᠤᠯ ᠬᠠᠨ ᠬᠤᠲᠠ ᠵᠡᠷᠭᠡ ᠦᠵᠡᠮᠵᠢ ᠶᠢᠨ ᠣᠷᠣᠨ ᠳᠤ 980 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠶᠢᠯᠠᠰ ᠵᠢᠭᠤᠯᠴᠢᠯᠠᠯ ᠤᠨ ᠤᠶᠢᠯᠡᠴᠢᠯᠡᠭᠡᠨ ᠤ ᠪᠠᠷᠢᠮᠵᠢᠶᠠᠵᠢᠭᠰᠠᠨ ᠲᠤᠷᠰᠢᠯᠲᠠ ᠶᠢᠨ ᠴᠢᠭ ᠤᠨ ᠲᠥᠷᠥᠯ ᠵᠤᠶᠢᠯ ᠨᠢ ᠤᠯᠤᠰ ᠤᠨ ᠬᠠᠮᠢᠶ᠎ᠠ ᠪᠦᠭᠦᠢ ᠬᠢᠨᠠᠨ ᠰᠢᠯᠭᠠᠯᠳᠠ ᠶᠢ ᠤᠷᠤᠭᠰᠢᠲᠠᠶ ᠦᠩᠭᠡᠷᠡᠭᠡᠪᠡ᠃ ︽ᠳᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠰᠣᠶᠣᠯ ᠤᠨ ᠨᠠᠷᠠᠲᠤ ᠲᠡᠮᠳᠡᠭ ᠪᠣᠯᠤᠨ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾ ᠵᠢᠭᠤᠯᠴᠢᠯᠠᠯ ᠤᠨ ᠨᠠᠷᠠᠲᠤ ᠲᠡᠮᠳᠡᠭ ᠢ ᠦᠷᠭᠦᠯᠵᠢᠯᠡᠨ ᠠᠯᠳᠠᠷᠰᠢᠭᠤᠯᠵᠦ᠂ ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ — ᠠᠷᠪᠠᠨ ᠲᠠᠪᠤᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠮᠦᠩᠭᠦᠨ ᠡᠪᠤᠯ ᠤᠨ ᠨᠠᠭᠠᠳᠤᠮ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠠᠳᠤᠭᠤᠨ ᠰᠣᠶᠣᠯ ᠤᠨ ᠦᠵᠡᠰᠬᠦᠯᠡᠩ ᠤᠨ ᠬᠤᠪᠢᠶᠠᠷᠢ ᠬᠤᠷᠠᠯ ᠤᠨ ᠲᠠᠯᠠᠪᠠᠶ ᠵᠢᠴᠢ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ ᠰᠣᠶᠣᠯ ᠤᠨ ᠨᠠᠶᠢᠷ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠡᠷᠭᠢᠯᠡᠪᠡ᠃ ᠪᠥᠬᠦ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠰᠠᠳ ᠢ 129 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ 7.79 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠡᠭᠦᠳᠦᠨ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 34% ᠪᠠ 35%  ᠪᠠᠷ ᠨᠡᠮᠡᠭᠳᠡᠭᠰᠡᠨ ᠪᠠᠶᠢᠨ᠎ᠠ᠃     ︵ᠭᠤᠷᠪᠠ︶ ᠨᠠᠶᠢᠳᠠᠪᠤᠷᠢᠵᠢᠭᠤᠯᠤᠯᠳᠠ ᠶᠢ ᠠᠳᠬᠤᠵᠦ᠂ ᠬᠠᠷᠢᠭᠤᠴᠠᠯᠭ᠎ᠠ ᠶᠢ ᠴᠢᠩᠭᠠᠳᠬᠠᠨ᠂ ᠡᠯ᠎ᠡ ᠲᠦᠷᠦᠯ  ᠤᠨ ᠠᠶᠤᠯ ᠲᠦᠭᠰᠢᠭᠦᠷᠢ ᠪᠠ ᠦᠷᠢᠰᠦᠯᠳᠦᠭᠡᠨ ᠢ ᠢᠳᠡᠪᠬᠢᠳᠠᠢ ᠠᠷᠭᠠᠴᠠᠭᠠᠪᠠ᠃     ᠠᠶᠤᠯᠭᠦᠢ ᠤᠶᠢᠯᠠᠳᠪᠤᠷᠢᠯᠡᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠪᠠ᠃ ᠶᠢᠨ ᠮᠠᠨ ᠠᠭᠤᠷᠬᠠᠶ ᠶᠢᠨ ᠤᠶᠢᠯᠠᠰ ᠤᠨ ︽2 · 23︾ ᠤ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ ᠰᠢᠢᠳᠪᠤᠷᠢᠯᠡᠭᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠰᠢᠷᠬᠠᠲᠤᠭᠰᠠᠳ ᠢ ᠠᠪᠤᠷᠠᠨ ᠡᠮᠴᠢᠯᠡᠬᠦ ᠪᠠ ᠡᠷᠡᠭᠦᠯᠵᠢᠭᠦᠯᠭᠦ ᠠᠵᠢᠯ ᠢ ᠦᠷᠭᠦᠯᠵᠢᠯᠡᠨ ᠪᠦᠲᠦᠮᠵᠢᠲᠡᠶ ᠪᠠᠲᠤᠯᠠᠪᠠ᠃ ᠠᠶᠤᠯᠬᠦᠢ ᠦᠢᠯᠡᠳᠪᠦᠷᠢᠯᠡᠯ ᠤᠨ ᠠᠵᠢᠯ ᠤᠨ ᠵᠠᠷᠤᠳᠠᠯ ᠳᠤ 920 ᠳᠦᠮᠡᠨ ᠳᠦᠭᠦᠷᠢᠭ ᠵᠠᠷᠤᠴᠠᠭᠤᠯᠤᠨ᠂ ᠠᠶᠤᠯᠭᠦᠢ ᠤᠶᠢᠯᠠᠳᠪᠤᠷᠢᠯᠡᠯ ᠤᠨ ᠬᠡᠮ ᠰᠣᠭᠤᠭ ᠢ ᠶᠡᠭᠡ ᠪᠠᠷ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ᠂ ︽ᠵᠢᠷᠭᠤᠭᠠᠨ ᠶᠡᠭᠡ ᠰᠢᠪᠲᠤᠯᠤᠯᠲᠠ ᠶᠢᠨ ᠵᠠᠭᠤᠨ ᠡᠳᠦᠷ ᠤᠨ ᠲᠤᠰᠬᠠᠶ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠢᠨᠠᠨ ᠰᠢᠯᠭᠠᠬᠤ ᠲᠣᠭᠤᠷᠢᠨ ᠪᠠᠶᠢᠴᠠᠭᠠᠯᠳᠠ ᠶᠢᠨ ᠬᠢᠨ ᠤ ᠲᠤᠰᠬᠠᠭᠰᠠᠨ 8 ᠰᠠᠨᠠᠯ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠨ ᠪᠠᠶᠢᠴᠠᠭᠠᠯᠳᠠ ᠶᠢᠨ ᠬᠢᠨ ᠤ ᠲᠤᠰᠬᠠᠭᠰᠠᠨ 126 ᠰᠠᠨᠠᠯ᠂ ᠠᠶᠢᠮᠠᠭ ᠤᠨ ᠱᠠᠭᠠᠷᠳᠠᠨ ᠪᠠᠶᠢᠴᠠᠭᠠᠯᠳᠠ ᠶᠢᠨ ᠬᠢᠨ ᠤ ᠲᠤᠰᠬᠠᠭᠰᠠᠨ 121 ᠰᠠᠨᠠᠯ ᠢ ᠪᠦᠬᠦᠨ ᠢ ᠴᠡᠭᠴᠡᠯᠡᠨ᠂ 5 ᠨᠡᠭᠦᠷᠡᠰᠦᠨ ᠤ ᠪᠤᠰᠤ ᠠᠭᠤᠷᠬᠠᠢ ᠶᠢ ᠬᠠᠭᠠᠪᠠ᠃ ᠠᠶᠤᠯᠭᠦᠢ ᠤᠶᠢᠯᠠᠳᠪᠤᠷᠢᠯᠡᠯ ᠤᠨ ᠬᠠᠷᠢᠭᠤᠴᠠᠯᠭ᠎ᠠ ᠶᠢ ᠱᠠᠳᠤ ᠲᠠᠷᠠᠭᠠᠯᠠᠨ ᠴᠢᠩᠭᠠᠳᠬᠠᠵᠦ᠂ ︽ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠤᠨ 2019 ᠣᠨ ᠤ ᠠᠶᠤᠯᠭᠦᠢ ᠤᠶᠢᠯᠠᠳᠪᠤᠷᠢᠯᠡᠯ ᠤᠨ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠣᠭᠲᠠᠭᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠤᠮᠤ ᠪᠠᠯᠭᠠᠰᠤᠨ ᠤ ᠬᠠᠷᠢᠶ᠎ᠠ ᠤᠷᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ᠃ 878.9 ᠲᠦᠮᠡᠨ ᠲᠥᠭᠦᠷᠢᠭ ᠤᠨ ᠪᠡᠯᠡ ᠣᠷᠣᠭᠤᠯᠵᠤ᠂ ︽ᠠᠶᠤᠯᠭᠦᠢ ᠦᠢᠯᠡᠳᠪᠦᠷᠢᠯᠡᠯ ᠤᠨ ᠣᠶᠤᠨᠴᠢ ᠬᠢᠨᠠᠯᠲᠠ ᠬᠠᠮᠢᠶᠠᠷᠤᠯᠳᠠ︾ ᠶᠢᠨ ᠨᠢᠭᠡᠳᠦᠭᠡᠷ ᠬᠤᠭᠤᠴᠠᠭᠠᠨ ᠤ ᠲᠥᠷᠦᠯ ᠵᠦᠢᠯ ᠢ ᠪᠠᠶᠢᠭᠤᠯᠪᠠ᠃      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠱᠠᠳᠤᠴᠢ ᠴᠢᠨᠠᠷᠳᠠᠢ ᠦᠷ᠎ᠡ ᠪᠦᠳᠦᠮᠵᠢ ᠣᠯᠪᠠ᠃ ᠲᠤᠰᠬᠠᠶ ᠲᠦᠷᠦᠯ ᠤᠨ ᠠᠵᠢᠯ ᠤᠨ ᠵᠠᠷᠤᠳᠠᠯ ᠳᠤ 496 ᠲᠦᠮᠡᠨ ᠲᠥᠭᠦᠷᠢᠭ ᠵᠠᠷᠤᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠭᠡᠮᠵᠢᠯᠳᠠ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ᠂ ᠡᠷᠡᠭᠦᠯ ᠮᠡᠨᠳᠦ ᠶᠢᠨ ᠬᠥᠮᠦᠵᠢᠯ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ᠂ ᠠᠮᠢᠲᠠᠨ ᠤ ᠬᠤᠭᠤᠷᠣᠨᠳᠣᠬᠢ ᠬᠢᠵᠢᠭ ᠤᠨ ᠪᠠᠶᠢᠳᠠᠯ ᠢ ᠰᠢᠢᠳᠪᠤᠷᠢᠯᠡᠭᠦ ᠵᠢᠴᠢ ᠲᠤᠷᠰᠢᠯᠲᠠ ᠶᠢᠨ ᠲᠠᠰᠤᠭ ᠤᠨ ᠪᠠᠶᠢᠴᠠᠭᠠᠨ ᠭᠡᠮᠵᠢᠯᠳᠠ ᠵᠡᠷᠭᠡ ᠡᠯ᠎ᠡ ᠲᠦᠷᠦᠯ ᠤᠨ ᠰᠡᠷᠭᠡᠶᠢᠯᠡᠨ ᠬᠤᠷᠢᠭᠯᠠᠬᠤ ᠠᠵᠢᠯ ᠢ ᠪᠥᠬᠦ ᠲᠠᠯ᠎ᠠ ᠪᠠᠷ ᠦᠷᠨᠢᠭᠦᠯᠵᠤ᠂ ᠬᠤᠯᠤᠭᠠᠨ᠎ᠠ ᠶᠢᠨ ᠬᠢᠵᠢᠭ ᠲᠡᠯᠭᠡᠷᠡᠭᠦ ᠶᠢ ᠠᠮᠵᠢᠯᠳᠠᠳᠠᠢ ᠬᠤᠷᠢᠭᠯᠠᠪᠠ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠥᠮᠦᠵᠢᠯ᠂ ᠡᠮᠨᠡᠯᠭᠡ ᠶᠢᠨ ᠠᠵᠢᠯᠲᠠᠨ ᠳᠤ ᠪᠣᠯᠪᠠᠰᠤᠷᠠᠯ ᠭᠦᠷᠳᠡᠭᠡᠭᠰᠡᠨ ᠨᠣᠷᠮ᠎ᠠ ᠴᠥᠮ 100% ᠳᠤ ᠬᠦᠷᠪᠡ᠃    ︵ᠲᠦᠷᠪᠡ︶ ᠵᠠᠰᠠᠯᠲᠠ ᠶᠢ ᠠᠳᠬᠤᠵᠦ᠂ ᠬᠢᠨᠠᠯᠲᠠ ᠬᠠᠮᠢᠶᠠᠷᠤᠯᠳᠠ ᠪᠠᠨ ᠴᠢᠩᠭᠠᠳᠬᠠᠨ᠂ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃     ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ ᠃ ᠠᠮᠢ ᠠᠬᠤᠶ ᠶᠢᠨ ᠰᠡᠷᠡᠮᠵᠢ ᠶᠢᠨ ᠱᠤᠭᠤᠮ ᠢ ᠵᠠᠭᠠᠭᠯᠠᠨ ᠲᠣᠭᠲᠠᠭᠠᠬᠤ ᠠᠵᠢᠯ ᠢᠳᠡᠪᠬᠢᠲᠡᠶ ᠦᠷ᠎ᠡ ᠪᠦᠳᠦᠮᠵᠢ ᠣᠯᠵᠤ᠂ 15416.05 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠪᠦᠭᠦᠢ ᠠᠮᠢ ᠠᠬᠤᠶ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠢ ᠠᠩᠬ᠎ᠠ ᠠᠯᠬᠤᠮ ᠵᠠᠭᠠᠭᠯᠠᠨ ᠲᠣᠭᠲᠠᠭᠠᠵᠤ᠂ ᠪᠥᠬᠦ ᠬᠤᠰᠢᠭᠤᠨ ᠤ ᠭᠠᠵᠠᠷ ᠰᠢᠷᠤᠢ ᠶᠢᠨ ᠲᠠᠯᠠᠪᠠᠶ ᠶᠢᠨ 68.62% ᠢ ᠡᠵᠡᠯᠡᠪᠡ  ᠃     ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠢᠨ ᠤ ᠲᠤᠰᠬᠠᠭᠰᠠᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠭᠡᠭᠰᠡᠨ ᠦᠭᠡᠢ ᠪᠠᠷ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠭᠰᠡᠨ ᠠᠰᠠᠭᠤᠳᠠᠯ ᠢ ᠵᠠᠰᠠᠨ ᠴᠡᠭᠴᠡᠯᠡᠪᠡ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠨᠤᠲᠤᠭ ᠪᠡᠯᠴᠢᠭᠡᠷ ᠤᠨ ︽ᠭᠤᠷᠪᠠᠨ ᠮᠠᠯᠵᠢᠯ︾ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠤᠷᠢ ᠱᠠᠩᠨᠠᠯ ᠤᠨ ᠲᠦᠷᠢᠮ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠭᠦ ᠲᠦᠷᠢᠮ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠭᠡᠷᠡᠭᠵᠢᠭᠦᠯᠦᠭᠰᠡᠨ  ᠠᠴᠠ ᠨᠤᠲᠤᠭ ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠪᠠ᠃ ᠪᠦᠭᠦ ᠬᠤᠰᠢᠭᠤᠨ ᠤ ᠲᠠᠯ᠎ᠠ ᠨᠤᠳᠤᠭ  ᠤᠨ ᠤᠷᠭᠤᠮᠠᠯ ᠤᠨ ᠬᠤᠴᠢᠯᠭ᠎ᠠ ᠶᠢᠨ ᠲᠤᠮᠳᠠᠴᠢ ᠭᠡᠮᠵᠢᠶ᠎ᠠ 62% ᠲᠤ ᠭᠦᠷᠴᠦ᠂ ᠲᠤᠮᠳᠠᠴᠢ ᠦᠨᠳᠤᠷ ᠤᠨ ᠭᠡᠮᠵᠢᠶ᠎ᠠ 29 ᠰᠠᠨᠲ᠋ᠢᠮᠧᠲᠷ ᠲᠤ ᠭᠦᠷᠦᠨ᠂ ᠲᠤᠮᠳᠠᠴᠢ ᠡᠪᠡᠰᠦᠨ ᠤ ᠤᠨᠠᠯᠲᠠ 81 ᠺᠢᠯᠤᠭ᠍ᠷᠠᠮ ᠲᠤ ᠭᠦᠷᠴᠦ᠂ ᠨᠢᠳᠤᠨᠤᠨ ᠵᠢᠯ ᠠᠴᠠ ᠢᠯᠡᠳᠲᠡ ᠳᠡᠭᠡᠭᠰᠢᠯᠡᠵᠡᠶ᠃ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ 5800 ᠭᠠᠷᠤᠶ ᠭᠠᠳᠠᠨ᠎ᠠ ᠶᠢᠨ ᠮᠠᠯ ᠤᠨᠤᠭ᠎ᠠ ᠶᠢ ᠴᠡᠪᠡᠷᠯᠡᠨ᠂ 5 ᠵᠢᠭᠤᠯᠴᠢᠯᠠᠯ ᠤᠨ ᠴᠢᠭ ᠢ ᠬᠠᠭᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢ ᠶᠢ ᠴᠢᠩᠭ᠎ᠠ ᠭᠡᠷᠡᠭᠵᠢᠭᠦᠯᠵᠤ᠂ ᠲᠠᠯ᠎ᠠ ᠨᠤᠳᠤᠭ ᠣᠶᠢᠲᠤ ᠭᠠᠵᠠᠷ ᠢ ᠬᠠᠤᠯᠢ ᠪᠤᠰᠤ ᠪᠠᠷ ᠲᠠᠲᠠᠪᠤᠷᠢᠯᠠᠨ ᠡᠵᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠠᠢ᠃ ︽ᠪᠦᠭᠦ ᠤᠯᠤᠰ ᠤᠨ ᠲᠠᠯ᠎ᠠ ᠨᠤᠳᠤᠭ ᠤᠨ ᠠᠵᠢᠯ ᠤᠨ ᠬᠤᠷᠠᠯ︾ ᠤᠨ ᠡᠯ᠎ᠡ ᠳᠦᠷᠦᠯ ᠤᠨ ᠠᠵᠢᠯ ᠤᠨ ᠡᠭᠦᠷᠬᠡ ᠶᠢ ᠠᠮᠵᠢᠯᠳᠠᠳᠠᠢ ᠪᠡᠶᠡᠯᠡᠭᠦᠯᠵᠤ᠂ ᠮᠠᠨ ᠤ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠭᠡᠯ ᠨᠢ ᠬᠤᠷᠠᠯ ᠳᠤ ᠤᠷᠤᠯᠴᠠᠭᠰᠠᠨ ᠳᠦᠯᠦᠭᠡᠯᠡᠭᠴᠢ ᠶᠢᠨ ᠰᠠᠶᠢᠨ ᠦᠨᠡᠯᠠᠯᠳᠠ ᠶᠢ ᠤᠯᠤᠭᠰᠠᠨ ᠪᠠᠶᠢᠨ᠎ᠠ᠃     ᠠᠮᠢ ᠠᠬᠤᠶ ᠶᠢ ᠵᠠᠰᠠᠨ ᠰᠡᠷᠭᠦᠭᠡᠪᠡ᠃ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠲᠥᠷᠥᠯ ᠵᠤᠶᠢᠯ ᠢ ᠦᠷᠭᠦᠯᠵᠢᠯᠡᠨ ᠬᠡᠷᠡᠭᠵᠢᠭᠦᠯᠵᠦ᠂ 1 ᠲᠦᠮᠡᠨ ᠮᠤ᠋ ᠭᠠᠵᠠᠷ ᠤᠨ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ 2.3 ᠲᠦᠮᠡᠨ ᠮᠤ᠋ ᠭᠠᠵᠠᠷ ᠤᠨ ᠡᠯᠡᠰᠦ ᠶᠢ ᠵᠠᠰᠠᠬᠤ ᠢᠨᠵᠧᠨᠧᠷᠢᠩ ᠢ ᠪᠡᠶᠡᠯᠡᠭᠦᠯᠵᠤ᠂ 1 ᠲᠦᠮᠡᠨ ᠮᠤ᠋ ᠭᠠᠵᠠᠷ ᠢ ᠤᠶᠢᠵᠢᠭᠤᠯᠤᠨ᠂ 295.6 ᠲᠦᠮᠡᠨ ᠮᠤ᠋ ᠭᠠᠵᠠᠷ ᠲᠤ ᠴᠡᠷᠴᠠᠬᠠᠢ ᠤᠰᠠᠳᠬᠠᠬᠤ᠂ 6 ᠲᠦᠮᠡᠨ ᠮᠤ᠋ ᠭᠠᠵᠠᠷ ᠲᠤ ᠬᠤᠯᠤᠭᠠᠨ᠎ᠠ ᠤᠰᠠᠳᠬᠠᠬᠤ᠂ 10.4 ᠲᠦᠮᠡᠨ ᠮᠤ᠋ ᠭᠠᠵᠠᠷ  ᠲᠤ ᠤᠢ ᠰᠢᠭᠤᠢ ᠶᠢᠨ ᠬᠤᠷᠤᠬᠠᠢ ᠶᠢᠨ ᠭᠦᠨᠦᠭᠡᠯ ᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠢ 4᠂ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ 1 ᠶᠢ ᠪᠠᠶᠢᠭᠤᠯᠤᠨ᠂ 22.4 ᠲᠡᠭᠰᠢ ᠲᠦᠷᠪᠡᠯᠵᠢᠨ ᠺᠢᠯᠤᠮᠧᠲᠷ ᠠᠭᠤᠷᠬᠠᠢ ᠶᠢᠨ ᠤᠷᠴᠢᠨ ᠲᠤᠭᠤᠷᠢᠨ ᠢ ᠵᠠᠰᠠᠬᠤ᠂ 24 ᠲᠡᠭᠰᠢ ᠲᠦᠷᠪᠡᠯᠵᠢᠨ ᠺᠢᠯᠤᠮᠧᠲᠷ ᠭᠠᠵᠠᠷ ᠲᠤ ᠪᠠᠭ᠎ᠠ ᠰᠠᠪᠠ ᠭᠠᠵᠠᠷ ᠢ ᠶᠡᠷᠦᠩᠭᠡᠶᠢᠯᠡᠨ ᠵᠠᠰᠠᠬᠤ ᠢᠨᠵᠧᠨᠧᠷᠢᠩ ᠢ ᠪᠡᠶᠡᠯᠡᠬᠦᠯᠪᠡ᠃     ︵ᠲᠠᠪᠤ︶ ᠦᠢᠯᠡᠴᠢᠯᠡᠭᠡ ᠶᠢ ᠠᠳᠬᠤᠵᠦ᠂ ᠳᠡᠭᠡᠭᠰᠢᠯᠡᠯᠳᠡ ᠶᠢ ᠠᠬᠢᠭᠤᠯᠤᠨ᠂ ᠭᠤᠤᠯᠳᠠᠯᠭ᠎ᠠ ᠲᠠᠢ ᠭᠦᠷᠢᠶ᠎ᠠ ᠭᠡᠪᠴᠢᠶᠠᠨ ᠤ ᠦᠭᠡᠷᠡᠴᠢᠯᠠᠯᠳᠠ ᠶᠢ ᠭᠦᠨᠵᠡᠭᠡᠢ ᠠᠬᠢᠭᠤᠯᠪᠠ᠃ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠨᠡᠩ ᠰᠢᠯᠢᠳᠡᠭᠵᠢᠭᠦᠯᠪᠡ᠃ ︽ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠭᠦᠢ ᠠᠷᠭ᠎ᠠ ᠠᠪᠴᠠᠯ ᠢ ᠨᠠᠶᠢᠳᠠᠪᠤᠷᠢᠵᠢᠭᠤᠯᠬᠤ ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠵᠢᠯ ᠤᠨ ᠲᠥᠰᠦᠯ︾ ᠢ ᠲᠣᠭᠲᠠᠭᠠᠵᠤ᠂ 7 ᠲᠠᠯ᠎ᠠ ᠶᠢᠨ 23 ᠲᠦᠷᠦᠯ ᠤᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠲᠤᠭᠳᠠᠭᠠᠪᠠ᠃ ᠭᠠᠶᠢᠯᠢ  ᠶᠢ ᠬᠥᠩᠭᠡᠯᠡᠵᠦ ᠰᠤᠶᠢᠳᠭᠡᠯ ᠢ ᠪᠠᠭᠤᠷᠠᠭᠤᠯᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ 2.34 ᠳ᠋ᠦᠩᠰᠢᠭᠤᠷ ᠳᠦᠭᠦᠷᠢᠭ ᠤᠨ ᠭᠠᠶᠢᠯᠢ ᠶᠢ ᠬᠦᠩᠭᠡᠯᠡᠵᠦ ᠰᠦᠢᠳᠬᠡᠯ ᠢ ᠪᠠᠭᠤᠷᠠᠭᠤᠯᠪᠠ᠃ ᠴᠠᠬᠢᠯᠭᠠᠨ ᠬᠦᠴᠦᠨ ᠤ ᠣᠯᠠᠨ ᠲᠠᠯᠠᠲᠤ ᠰᠤᠯᠢᠯᠴᠠᠭᠠᠨ ᠤ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 4 ᠠᠵᠤ ᠠᠬᠤᠶᠢᠯᠠᠯ ᠳᠤ ᠴᠠᠬᠢᠯᠭᠠᠨ ᠤ ᠵᠠᠷᠤᠳᠠᠯ 780 ᠲᠦᠮᠡᠨ ᠲᠥᠭᠦᠷᠢᠭ ᠠᠷᠪᠢᠯᠠᠵᠤ ᠥᠭᠪᠡ᠃      ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠨᠠᠩ ᠰᠢᠯᠢᠳᠡᠭᠵᠢᠭᠦᠯᠪᠡ᠃ ᠰᠢᠯᠢ ᠶᠢᠨ ᠭᠤᠤᠯ ᠤᠨ ᠵᠠᠰᠠᠭ ᠤᠨ ᠶᠠᠪᠤᠳᠠᠯ ᠤᠨ ᠰᠦᠯᠵᠢᠶᠠᠨ ᠲᠡᠭᠡᠷᠡᠭᠢ ᠤᠶᠢᠯᠡᠴᠢᠯᠡᠭᠡᠨ ᠤ ᠲᠠᠪᠴᠠᠩ ᠢ ᠳᠦᠭᠡᠮᠡᠯᠵᠢᠬᠦᠯᠤᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠭᠡᠭᠦ ᠨᠣᠷᠮ᠎ᠠ 96.3% ᠳᠤ ᠬᠥᠷᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 100 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠣᠭᠤᠨᠢᠰᠬᠠᠵᠤ᠂ ᠠᠵᠤ ᠠᠬᠤᠶᠢᠯᠠᠯ ᠡᠷᠬᠢᠯᠡᠬᠦ ᠶᠢ ᠬᠢᠨᠠᠨ ᠵᠦᠪᠰᠢᠶᠡᠷᠡᠭᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠤᠨ ᠳᠣᠲᠣᠷ᠎ᠠ ᠪᠤᠯᠳᠠᠯ᠎ᠠ ᠪᠤᠭᠤᠨᠢᠰᠬᠠᠪᠠ᠃      ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠨᠠᠩ ᠨᠠᠷᠢᠯᠢᠭᠵᠢᠭᠤᠯᠪᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠳᠤᠷᠠᠯᠴᠠᠭ᠎ᠠ ᠪᠠᠨ  ᠴᠢᠩᠭᠠᠳᠬᠠᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ 30 ᠲᠦᠷᠦᠯ ᠵᠦᠢᠯ ᠢ ᠲᠦᠰᠦᠪᠯᠡᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠴᠢᠭᠯᠡᠯ ᠢ ᠲᠣᠳᠣᠷᠬᠠᠶᠢᠯᠠᠪᠠ᠃ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤᠷᠢᠵᠤ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠪᠠ᠃ ᠠᠷᠠᠯᠵᠢᠶᠠᠴᠢᠨ ᠤᠷᠢᠵᠤ ᠭᠡᠷ᠎ᠡ ᠲᠣᠭᠲᠠᠭᠰᠠᠨ ᠲᠥᠷᠥᠯ ᠵᠤᠶᠢᠯ 5 ᠪᠠᠶᠢᠵᠤ᠂ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 3.8 ᠳ᠋ᠦᠩᠰᠢᠭᠤᠷ ᠲᠥᠭᠦᠷᠢᠭ ᠲᠤ ᠬᠦᠷᠴᠡᠶ᠃      ︵ᠵᠢᠷᠭᠤᠭ᠎ᠠ︶ ᠨᠢᠭᠡᠳᠦᠯᠳᠡᠢ ᠳᠦᠯᠦᠪᠵᠢᠬᠦᠯᠬᠦ ᠶᠢ ᠠᠳᠬᠤᠵᠦ᠂ ᠰᠠᠭᠤᠷᠢ ᠳᠦᠬᠦᠭᠡᠷᠦᠮᠵᠢ ᠪᠠᠨ ᠴᠢᠩᠭᠠᠳᠬᠠᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠢᠯᠡᠳᠲᠡ ᠰᠠᠶᠢᠵᠢᠷᠠᠪᠠ᠃      ᠬᠤᠲᠠ ᠪᠠᠯᠭᠠᠰᠤᠨ ᠤ ᠵᠠᠰᠠᠯᠲᠠ ᠳᠤᠪᠤᠶᠢᠮ᠎ᠠ ᠦᠷ᠎ᠡ ᠪᠦᠲᠦᠮᠵᠢ ᠣᠯᠪᠠ᠃ ᠬᠤᠲᠠ ᠪᠠᠯᠭᠠᠰᠤᠨ ᠤ ᠳᠦᠯᠦᠪᠵᠢᠬᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠦ᠂ ᠬᠤᠲᠠ ᠪᠠᠯᠭᠠᠰᠤᠨ ᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃  ᠪᠠᠯᠭᠠᠷᠭᠤᠣᠯ ᠪᠠᠯᠭᠠᠰᠤᠨ ᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠳᠤ 1.17 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠵᠠᠷᠤᠴᠠᠭᠤᠯᠤᠨ᠂ 696 ᠾᠧᠺᠲ᠋ᠠᠷ ᠨᠤᠭᠤᠭᠠᠷᠠᠭᠤᠯᠤᠭᠰᠠᠨ ᠭᠠᠵᠠᠷ ᠢ ᠠᠷᠠᠴᠢᠯᠠᠨ ᠬᠠᠮᠠᠭᠠᠯᠠᠵᠤ᠂ 2 ᠾᠧᠺᠲ᠋ᠠᠷ ᠭᠠᠵᠠᠷ ᠢ ᠰᠢᠨ᠎ᠡ ᠪᠠᠷ ᠨᠤᠭᠤᠭᠠᠷᠠᠭᠤᠯᠤᠨ᠂ 2.8 ᠺᠢᠯᠣᠮᠧᠲᠷ ᠤᠰᠤ ᠬᠠᠩᠭᠠᠬᠤ ᠬᠤᠭᠤᠯᠠᠢ᠂ 10.7 ᠺᠢᠯᠣᠮᠧᠲᠷ ᠪᠤᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠶᠢ ᠰᠢᠨ᠎ᠡ ᠪᠠᠷ ᠪᠠᠶᠢᠭᠤᠯᠪᠡ᠃ ᠪᠠᠯᠭᠠᠷ ᠭᠤᠣᠯ ᠢ ᠭᠠᠳᠤᠯᠬᠤ ᠶᠡᠷᠦᠩᠬᠡᠶᠢᠯᠡᠭᠰᠡᠨ ᠬᠤᠩᠭᠢᠯ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠠᠢ᠃ ᠤᠷᠤᠨ ᠰᠠᠭᠤᠴᠠ ᠶᠢᠨ ᠨᠦᠬᠦᠴᠡᠯ ᠢ ᠬᠠᠯᠠᠨ ᠰᠠᠶᠢᠵᠢᠷᠠᠭᠤᠯᠵᠦ᠂ 150 ᠡᠷᠦᠬᠡ ᠲᠠᠢ ᠭᠡᠷ᠎ᠡ ᠲᠤᠭᠳᠠᠨ᠂ 240 ᠭᠡᠷ ᠪᠠᠶᠢᠰᠢᠩ ᠢ ᠲᠠᠲᠠᠪᠤᠷᠢᠯᠠᠨ ᠠᠪᠴᠤ ᠨᠤᠷᠠᠭᠠᠪᠠ᠃ ᠨᠡᠶᠢᠲᠡ ᠶᠢᠨ ᠲᠦᠷᠢᠶᠡᠰᠦᠨ ᠭᠡᠷ ᠤᠨ ᠲᠦᠷᠢᠶᠡᠰᠦᠨ ᠮᠥᠩᠭᠦ ᠶᠢᠨ ᠨᠥᠬᠦᠪᠥᠷᠢ ᠶᠢᠨ ᠲᠥᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 98 ᠡᠷᠦᠬᠡ ᠳᠤ 12.3 ᠲᠦᠮᠡᠨ ᠲᠥᠭᠦᠷᠢᠭ ᠤᠨ ᠲᠦᠷᠢᠶᠡᠰᠦᠨ ᠮᠥᠩᠭᠦ ᠶᠢᠨ ᠨᠥᠬᠦᠪᠦᠷᠢ ᠣᠯᠭᠤᠪᠠ᠃ ᠭᠡᠷ ᠬᠥᠷᠦᠩᠭᠡ ᠶᠢᠨ ᠲᠥᠷᠥᠯ ᠵᠦᠢᠯ ᠤᠨ ᠭᠡᠷᠡᠴᠢ ᠦᠨᠡᠮᠯᠡᠯ ᠭᠦᠢᠴᠡᠳᠭᠡᠬᠦ ᠦᠯᠡᠳᠡᠭᠳᠡᠯ ᠠᠰᠠᠭᠤᠳᠠᠯ ᠢ ᠰᠢᠢᠳᠪᠤᠷᠢᠯᠡᠵᠤ᠂ 1263 ᠡᠷᠦᠬᠡ ᠶᠢᠨ ᠥᠯᠥ ᠬᠥᠳᠡᠯᠬᠦ ᠬᠥᠷᠥᠩᠭᠡ ᠶᠢᠨ ᠭᠡᠷᠡᠴᠢ ᠦᠨᠡᠮᠯᠡᠯ ᠢ ᠣᠯᠭᠤᠵᠦ ᠭᠦᠢᠴᠡᠳᠭᠡᠭᠰᠡᠨ ᠨᠣᠷᠮ᠎ᠠ 83.3% ᠳᠤ ᠭᠦᠷᠴᠠᠢ᠃ ᠠᠳᠠᠯ ᠠᠬᠤᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠲᠠᠢ ᠰᠠᠭᠤᠭᠠᠯᠢ ᠳᠤᠭᠤᠷᠢᠭ 60% ᠠᠴᠠ ᠳᠡᠭᠡᠭᠰᠢ ᠪᠤᠯᠪᠠ᠃     ᠮᠠᠯᠵᠢᠬᠤ ᠣᠷᠣᠨ ᠤ ᠬᠦᠭᠵᠢᠯᠳᠡ ᠶᠢᠨ ᠠᠬᠢᠴᠠ ᠶᠢ ᠳᠦᠷᠭᠡᠳᠬᠡᠪᠡ᠃ ᠮᠠᠯᠵᠢᠬᠤ ᠣᠷᠣᠨ ᠤ ᠠᠶᠤᠯᠲᠠᠢ ᠭᠡᠷ ᠪᠠᠶᠢᠰᠢᠩ ᠢ ᠦᠭᠡᠷᠡᠴᠢᠯᠠᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠲᠥᠷᠥᠯ ᠵᠦᠢᠯ ᠢ ᠭᠡᠷᠡᠭᠵᠢᠭᠦᠯᠦᠭᠰᠡᠨ 21 ᠡᠷᠦᠬᠡ ᠴᠦᠮ ᠰᠢᠨ᠎ᠡ ᠣᠷᠣᠨ ᠰᠠᠭᠤᠴᠠ ᠳᠤ ᠨᠡᠭᠦᠨ ᠣᠷᠣᠪᠠ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ 109 ᠴᠠᠬᠢᠯᠭᠠᠨ ᠬᠤᠳᠳᠤᠭ ᠮᠠᠯᠲᠠᠵᠤ᠂ 1131 ᠢᠵᠢ ᠤᠰᠤ ᠠᠷᠢᠭᠤᠳᠬᠠᠬᠤ ᠲᠥᠬᠦᠭᠡᠷᠦᠮᠵᠢ ᠤᠭᠰᠠᠷᠠᠨ᠂ 5 ᠶᠠᠳᠠᠭᠤ ᠬᠦᠴᠢᠷᠳᠡᠯᠳᠡᠢ ᠡᠷᠦᠬᠡ ᠳᠤ ᠴᠠᠬᠢᠯᠭᠠᠨ ᠨᠡᠪᠳᠡᠷᠡᠭᠦᠯᠵᠤ᠂ ᠪᠦᠭᠦ ᠤᠷᠳᠤ ᠨᠢ 25.12 ᠺᠢᠯᠣᠮᠧᠲᠷ ᠪᠦᠭᠦᠢ 5 ᠵᠤᠷᠪᠤᠰ ᠮᠠᠯᠵᠢᠬᠤ ᠤᠷᠤᠨ ᠤ ᠵᠠᠰᠠᠮᠠᠯ ᠵᠠᠮ ᠢ ᠵᠠᠰᠠᠨ᠂ 2320 ᠡᠷᠦᠬᠡ ᠳᠤ ᠲᠧᠯᠸᠢᠰ ᠨᠡᠪᠲᠡᠷᠡᠬᠦ ᠲᠥᠬᠦᠭᠡᠷᠦᠮᠵᠢ ᠤᠭᠰᠠᠷᠠᠵᠤ᠂ 180 ᠮᠠᠯᠵᠢᠬᠤ ᠡᠷᠦᠬᠡ ᠳᠤ ᠷᠠᠳᠢᠣ᠋ ᠲᠧᠯᠸᠢᠰ ᠤᠨ ᠲᠣᠣᠷ ᠰᠦᠯᠵᠢᠶ᠎ᠡ ᠶᠢ ᠨᠡᠪᠲᠡᠷᠡᠭᠦᠯᠦᠨ᠂ 53 ᠭᠠᠴᠠᠭᠠᠨ ᠳᠤ 4G ᠰᠦᠯᠵᠢᠶ᠎ᠡ ᠶᠢ ᠪᠦᠷᠬᠦᠭᠦᠯᠵᠡᠢ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ 1350 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ 4 ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ 2 ᠬᠤᠭ ᠨᠣᠪᠰᠢ ᠰᠢᠲᠠᠭᠠᠬᠤ ᠵᠤᠤᠬ᠎ᠠ ᠶᠢ ᠪᠠᠶᠢᠭᠤᠯᠤᠨ᠂ 4 ᠬᠤᠭ ᠨᠣᠪᠰᠢ ᠲᠡᠭᠡᠭᠡᠪᠦᠷᠢᠯᠡᠬᠦ ᠲᠥᠬᠦᠭᠡᠷᠦᠮᠵᠢ᠂ 4057 ᠬᠤᠭ ᠤᠨ ᠰᠠᠪᠠ ᠶᠢ ᠰᠢᠨ᠎ᠠ ᠪᠠᠷ ᠲᠤᠬᠢᠷᠠᠭᠤᠯᠪᠠ᠃ ᠭᠠᠴᠠᠭ᠎ᠠ ᠱᠠᠳᠤᠨ ᠳᠤ ᠤᠷᠴᠢᠨ ᠳᠤᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂ 1.4 ᠲᠦᠮᠡᠨ ᠲᠤᠨ ᠦᠢᠯᠡᠳᠪᠦᠷᠢᠯᠡᠯ ᠠᠮᠢᠳᠤᠷᠠᠯ ᠤᠨ ᠬᠠᠶᠠᠭᠳᠠᠮᠠᠯ ᠪᠣᠳᠠᠰ ᠢ ᠴᠡᠪᠡᠷᠯᠡᠪᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠵᠤ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 75% ᠳᠤ ᠬᠦᠷᠭᠡᠪᠡ᠃     ︵ᠳᠣᠯᠤᠭ᠎ᠠ︶ ᠰᠠᠭᠤᠷᠢ ᠶᠢ ᠠᠳᠬᠤᠵᠦ᠂ ᠵᠤᠯ ᠵᠢᠷᠭᠠᠯᠳᠤ ᠰᠡᠳᠬᠢᠯᠭᠡ ᠶᠢ ᠨᠡᠮᠡᠭᠳᠡᠭᠦᠯᠤᠨ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠰᠢᠨ᠎ᠡ ᠬᠥᠭᠵᠢᠯᠲᠡ ᠶᠢ ᠪᠡᠶᠡᠯᠡᠭᠦᠯᠪᠡ᠃ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠪᠠᠳᠤᠳᠬᠠᠪᠠ᠃ ᠪᠥᠬᠦ ᠵᠢᠯ ᠳᠤ ᠠᠷᠠᠳ ᠤᠨ ᠠᠮᠢᠳᠤᠷᠠᠯ ᠳᠤ 18.32 ᠳ᠋ᠦᠩᠰᠢᠭᠤᠷ ᠲᠥᠭᠦᠷᠢᠭ ᠤᠨ ᠪᠠᠯᠠ ᠵᠠᠷᠤᠴᠠᠭᠤᠯᠵᠦ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 78.3% ᠶᠢ ᠡᠵᠡᠯᠡᠪᠡ᠃ ᠬᠤᠲᠠ ᠪᠠᠯᠭᠠᠰᠤᠨ ᠤ ᠰᠢᠨ᠎ᠠ ᠪᠠᠷ ᠠᠵᠢᠯ ᠤᠯᠤᠭᠰᠠᠨ ᠭᠦᠮᠦᠨ 1833 ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ 3% ᠪᠠᠶᠢᠵᠦ᠂ 4006 ᠬᠦᠮᠦᠨ ᠮᠠᠯᠵᠢᠬᠤ ᠣᠷᠣᠨ ᠠᠴᠠ ᠬᠤᠲᠠ ᠤᠷᠤᠵᠤ ᠠᠵᠢᠯ ᠤᠯᠪᠠ᠃ 218 ᠳᠡᠯᠭᠡᠬᠦᠷ ᠬᠤᠳᠠᠯᠳᠤᠭ᠎ᠠ ᠳᠤ 2755 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠳᠤᠯᠠᠭᠠᠳᠤ ᠵᠢᠭᠡᠯᠡᠯᠭᠡ ᠲᠠᠯᠪᠢᠵᠤ᠂ 25 ᠠᠵᠤ ᠠᠬᠤᠶᠢᠯᠠᠯ ᠳᠤ 150.4 ᠲᠦᠮᠡᠨ ᠲᠥᠭᠦᠷᠢᠭ ᠤᠨ ᠠᠵᠤ ᠠᠬᠤᠶᠢᠯᠠᠯ ᠢ ᠬᠠᠪᠰᠤᠷᠤᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠨᠥᠬᠦᠪᠥᠷᠢ ᠣᠯᠭᠤᠪᠠ᠃ 3074 ᠨᠡᠷ᠎ᠡ ᠬᠠᠤᠯᠢ ᠳᠤ ᠲᠤᠭᠲᠠᠭᠰᠠᠨ ᠠᠵᠢᠯ ᠠᠴᠠ ᠠᠮᠠᠷᠠᠬᠤ ᠨᠠᠰᠤ ᠨᠢ 10 ᠵᠢᠯ ᠬᠦᠷᠬᠦ ᠦᠭᠡᠢ᠂ ᠤᠤᠯ ᠤᠨ ᠤᠯᠤᠰ ᠤᠨ ᠥᠮᠴᠢᠯᠡᠯᠲᠦ ᠠᠵᠦ ᠠᠬᠤᠶᠢᠯᠠᠯ᠂ ᠬᠠᠮᠲᠤ ᠶᠢᠨ ᠥᠮᠴᠢᠯᠡᠯᠲᠦ ᠠᠵᠤ ᠠᠬᠤᠶᠢᠯᠠᠯ ᠠᠴᠠ ᠠᠵᠢᠯ ᠠᠯᠳᠠᠭᠰᠠᠨ ᠠᠵᠢᠯᠲᠠᠳ ︵ᠲᠠᠪᠤ ᠳᠤᠯᠤᠭ᠎ᠠ ᠶᠢᠨ ᠠᠵᠢᠯᠲᠠᠨ︶ ᠲᠤ 1386 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠲᠠᠷᠬᠠᠭᠠᠪᠠ᠃ 345 ᠨᠡᠷ᠎ᠡ ᠠᠵᠢᠯ ᠣᠯᠬᠤ ᠳᠤ ᠬᠦᠴᠢᠷᠳᠡᠢ ᠬᠥᠮᠦᠰ ᠲᠤ 212.5 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠲᠠᠷᠬᠠᠭᠠᠪᠠ᠃ 1669.9 ᠲᠦᠮᠡᠨ ᠲᠥᠭᠦᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠨᠥᠬᠦᠪᠥᠷᠢ ᠶᠢᠨ ᠪᠡᠯᠡ ᠮᠥᠩᠭᠦ ᠶᠢ ᠪᠠᠭᠤᠯᠭᠠᠨ᠂ ᠠᠵᠤ ᠠᠬᠤᠶᠢᠯᠠᠯ ᠤᠨ ᠠᠵᠢᠯᠳᠠᠨ ᠤ ᠨᠠᠰᠤᠵᠢᠯ ᠤᠨ ᠳᠠᠭᠠᠳᠬᠠᠯ ᠳᠤ ᠤᠷᠤᠬᠤ ᠬᠡᠪᠴᠢᠶ᠎ᠡ ᠶᠢ ᠥᠷᠭᠡᠳᠬᠡᠵᠦ᠂ ᠲᠤᠰ ᠵᠢᠯ ᠤᠨ ᠳᠤᠲᠤᠷ᠎ᠠ 90 ᠠᠵᠤ ᠠᠬᠤᠶᠢᠯᠠᠯ᠂ 1391 ᠬᠦᠮᠦᠨ ᠳᠠᠭᠠᠳᠬᠠᠯ ᠳᠤ ᠰᠢᠨ᠎ᠡ ᠪᠠᠷ ᠤᠷᠤᠪᠠ᠃ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ︽ᠠᠷᠪᠠᠨ ᠲᠠᠪᠤᠨ ᠵᠢᠯ ᠵᠠᠯᠭᠠᠪᠠᠷ ᠦᠰᠬᠡᠬᠦ︾ ᠶᠢ ᠪᠡᠶᠡᠯᠡᠭᠦᠯᠵᠠᠢ᠃ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ 2025.5 ᠲᠦᠮᠡᠨ ᠲᠥᠭᠦᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠨ ᠤ ᠮᠥᠩᠭᠦ᠂ 417.2 ᠲᠦᠮᠡᠨ ᠲᠥᠭᠦᠷᠢᠭ ᠤᠨ ᠪᠤᠰᠤᠳ ᠠᠪᠤᠷᠠᠨ ᠲᠤᠰᠠᠯᠠᠬᠤ ᠪᠡᠯᠡ ᠮᠥᠩᠭᠦ ᠶᠢ ᠲᠠᠷᠬᠠᠭᠠᠪᠠ᠃ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠢ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠲᠤᠷᠰᠢᠯᠲᠠ ᠤᠨ ᠴᠢᠭ ᠤᠨ ᠠᠵᠢᠯ ᠢ ᠦᠷᠨᠢᠬᠦᠯᠪᠡ᠃ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠵᠤ᠂ ᠲᠥᠪᠬᠢᠨᠡᠭᠦᠯᠬᠦ ᠲᠥᠷᠦ ᠶᠢᠨ ᠪᠤᠳᠤᠯᠭ᠎ᠠ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠳ  ᠢ ᠴᠦᠮ ᠠᠵᠢᠯ ᠤᠨ ᠪᠠᠶᠢᠷᠢᠨ ᠳᠤ ᠭᠠᠷᠭᠠᠵᠦ᠂ 28 ᠴᠡᠷᠢᠭ ᠠᠴᠠ ᠬᠠᠯᠠᠭᠳᠠᠭᠰᠠᠳ ᠲᠤ 219.7 ᠲᠦᠮᠡᠨ ᠲᠥᠭᠦᠷᠢᠭ ᠤᠨ ᠭᠠᠭᠴᠠ ᠤᠳᠠᠭ᠎ᠠ ᠤᠯᠭᠤᠬᠤ ᠨᠥᠬᠦᠪᠥᠷᠢ ᠮᠥᠩᠭᠦ ᠶᠢ ᠲᠠᠷᠬᠠᠭᠠᠪᠠ᠃ ᠬᠥᠯᠦᠰᠦᠨ ᠠᠵᠢᠯᠲᠠᠨ ᠤ ᠴᠠᠯᠢᠩ ᠭᠦᠯᠦᠰᠤ ᠶᠢ ᠪᠠᠳᠤᠯᠠᠵᠤ᠂ ᠬᠥᠯᠥᠰᠦᠨ ᠠᠵᠢᠯᠲᠠᠨ ᠳᠤ ᠥᠷᠢᠲᠦᠵᠦ ᠪᠠᠶᠢᠭᠰᠠᠨ 307.9 ᠲᠦᠮᠡᠨ ᠲᠥᠭᠦᠷᠢᠭ ᠤᠨ ᠴᠠᠯᠢᠩ ᠬᠥᠯᠥᠰᠦ ᠶᠢ ᠨᠡᠬᠡᠮᠵᠢᠯᠡᠨ ᠤᠯᠭᠤᠵᠠᠢ᠃     ᠨᠡᠶᠢᠭᠡᠮ ᠤᠨ ᠠᠵᠢᠯ ᠤᠶᠢᠯᠠᠰ ᠢ ᠪᠦᠭᠦ ᠲᠠᠯ᠎ᠠ ᠪᠠᠷ ᠠᠬᠢᠭᠤᠯᠪᠠ᠃ 5324 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠰᠤᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠳᠠ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ᠂ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ  ᠶᠢᠨ ᠲᠦᠷᠦᠯ ᠵᠤᠶᠢᠯ ᠢ ᠪᠠᠶᠢᠭᠤᠯᠵᠤ ᠲᠠᠭᠤᠰᠬᠠᠨ᠂ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 5 ᠨᠡᠷ᠎ᠡ ᠠᠵᠢᠯ ᠦᠢᠯᠡᠰ ᠤᠨ ᠨᠢᠭᠡᠴᠡ ᠶᠢᠨ ᠤᠷᠤᠨ ᠲᠤᠭ᠎ᠠ ᠲᠠᠢ ᠪᠠᠭᠰᠢ᠂ 168 ᠨᠡᠷ᠎ᠡ ᠭᠡᠷ᠎ᠡ ᠶᠢᠨ ᠳᠦᠷᠢᠮᠲᠦ ᠪᠠᠭᠰᠢ ᠶᠢ ᠰᠢᠨ᠎ᠡ ᠪᠠᠷ ᠡᠯᠰᠡᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠪᠠ᠃ ᠬᠢᠴᠢᠶᠡᠯ ᠲᠥᠷᠥᠯ ᠤᠨ ᠠᠵᠢᠯᠯᠠᠬᠤ ᠦᠷᠦᠭᠡ 41 ᠶᠢ ᠪᠠᠶᠢᠭᠤᠯᠵᠦ᠂ ᠡᠯ᠎ᠡ ᠱᠠᠳᠤᠨ ᠤ ᠰᠤᠷᠭᠠᠨ ᠬᠦᠮᠦᠵᠢᠯ ᠢ ᠪᠦᠳᠦᠮᠵᠢᠳᠡᠢ ᠵᠤᠯᠭᠠᠭᠤᠯᠪᠠ᠃ ᠡᠯ᠎ᠡ ᠲᠥᠷᠥᠯ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ 2404.2 ᠲᠦᠮᠡᠨ ᠲᠥᠭᠦᠷᠢᠭ ᠲᠠᠷᠬᠠᠭᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢ ᠶᠢᠨ ᠭᠡᠷ ᠨᠢ ᠬᠦᠴᠢᠷᠳᠡᠯᠳᠡᠢ ᠠᠴᠠ ᠪᠤᠯᠵᠦ ᠰᠤᠷᠤᠯᠭ᠎ᠠ ᠪᠠᠨ ᠲᠤᠷᠭᠤᠨ ᠵᠤᠭᠰᠤᠬᠤ ᠦᠭᠡᠢ ᠪᠠᠶᠢᠬᠤ ᠶᠢ ᠪᠠᠳᠤᠯᠠᠭᠰᠠᠨ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠶᠢᠨ ᠡᠯᠰᠡᠬᠦ ᠬᠤᠪᠢᠨ ᠳᠤ ᠬᠦᠷᠦᠭᠰᠡᠨ ᠨᠣᠷᠮ᠎ᠠ ᠨᠢᠳᠦᠨᠤᠨ ᠤ ᠬᠢ ᠠᠴᠠ 6 ᠵᠠᠭᠤᠨ ᠤ ᠬᠤᠪᠢ ᠳᠡᠭᠡᠭᠰᠢᠯᠡᠵᠦ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠤᠷᠤᠬᠤ ᠰᠢᠯᠭᠠᠯᠲᠠ ᠳᠤ ᠭᠤᠤᠯᠳᠠᠯᠭ᠎ᠠ ᠲᠠᠢ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠭᠰᠡᠨ ᠨᠣᠷᠮ᠎ᠠ ᠳᠡᠭᠡᠭᠰᠢᠯᠡᠵᠡᠢ᠃ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠦᠷ᠎ᠡ ᠪᠦᠲᠦᠭᠡᠯ ᠢᠶᠠᠨ ᠪᠠᠳᠤᠳᠬᠠᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠬᠤᠶᠠᠳᠤᠭᠠᠷ ᠤᠳᠠᠭᠠᠨ ᠤ ᠳᠠᠬᠢᠨ ᠦᠨᠡᠯᠡᠯᠲᠡ ᠶᠢ ᠤᠷᠤᠭᠰᠢᠲᠠᠢ ᠦᠩᠭᠡᠷᠡᠭᠡᠨ᠂ 2 ᠰᠤᠮᠤ ᠪᠠᠯᠭᠠᠰᠤ ᠨᠢ ᠤᠯᠤᠰ ᠤᠨ ᠡᠷᠡᠭᠦᠯ ᠬᠠᠮᠠᠭᠠᠯᠠᠯ ᠤᠨ ᠰᠤᠮᠤ ᠪᠠᠯᠭᠠᠰᠤ ᠪᠤᠯᠤᠭᠰᠠᠨ ᠪᠠᠶᠢᠨ᠎ᠠ᠃ ᠡᠷᠡᠭᠦᠯ ᠮᠡᠨᠳᠦ ᠶᠢᠨ ᠬᠥᠮᠦᠵᠢᠯ ᠢ ᠰᠠᠶᠢᠳᠤᠷ ᠤᠬᠠᠭᠤᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠷᠡᠭᠦᠯ ᠮᠡᠨᠳᠦ ᠶᠢ ᠠᠬᠢᠭᠤᠯᠤᠭᠰᠠᠨ ᠬᠤᠰᠢᠭᠤ ᠪᠠᠷ ᠨᠡᠷᠡᠶᠢᠳᠦᠭᠳᠡᠪᠡ᠃ ᠡᠮᠨᠡᠯᠭᠡ ᠶᠢᠨ ᠬᠤᠯᠪᠤᠭᠠᠳᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠴᠢᠮ ᠲᠤᠲᠠᠭᠲᠠᠵᠣ ᠪᠠᠶᠢᠭ᠎ᠠ ᠴᠢᠳᠠᠪᠤᠷᠢᠲᠠᠨ ᠢ ᠤᠷᠢᠨ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ 172 ᠨᠡᠷ᠎ᠡ ᠣᠷᠣᠨ ᠲᠣᠭᠠᠨ ᠤ ᠪᠤᠰᠤ ᠡᠮᠴᠢ ᠰᠤᠪᠢᠯᠠᠭᠴᠢ ᠶᠢ ᠡᠯᠰᠡᠨ ᠬᠡᠷᠡᠭᠯᠡᠵᠡᠢ᠃ ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠲᠡᠰ ᠤᠨ ᠬᠥᠬᠡ ᠵᠡᠷᠭᠡ ᠶᠢᠨ ᠦᠨᠳᠦᠰᠦᠲᠡᠨ ᠤ ᠡᠮᠨᠡᠯᠭᠡ ᠶᠢᠨ ᠬᠤᠷᠢᠶᠠᠨ ᠤ ᠳᠠᠬᠢᠨ ᠬᠢᠨᠠᠯᠲᠠ ᠶᠢ ᠥᠩᠭᠡᠷᠡᠭᠡᠪᠡ᠃ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠪᠠ᠃ ᠠᠵᠠᠲᠠᠢ ᠪᠡᠶ᠎ᠡ ᠰᠤᠪᠢᠯᠠᠬᠤ ᠬᠦᠷᠢᠶᠡᠯᠡᠩ ᠨᠢ ︽ᠰᠢᠯᠢ ᠶᠢᠨ ᠭᠤᠤᠯ ᠠᠶᠢᠮᠠᠭ ᠤᠨ ᠡᠮᠨᠡᠯᠭᠡ ᠰᠤᠪᠢᠯᠠᠯᠲᠠ ᠶᠢ ᠤᠶᠠᠯᠳᠤᠭᠤᠯᠬᠤ ᠲᠤᠷᠰᠢᠯᠲᠠ ᠶᠢᠨ ᠴᠢᠭ ᠤᠨ ᠨᠢᠭᠡᠴᠡ︾ ᠪᠠᠷ ᠲᠤᠭᠳᠠᠭᠠᠭᠳᠠᠵᠠᠢ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯ ᠤᠶᠢᠯᠠᠰ ᠤᠨ ᠭᠦᠭᠵᠢᠯᠳᠠ ᠶᠢ ᠠᠬᠢᠭᠤᠯᠤᠨ᠂  ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ ᠬᠥᠳᠡᠯᠭᠡᠭᠡᠨ ᠢ 71 ᠤᠳᠠᠭ᠎ᠠ ᠡᠷᠬᠢᠯᠡᠨ᠂ 3.6 ᠲᠦᠮᠡᠨ ᠬᠥᠮᠦᠨ ᠤᠳᠠᠭ᠎ᠠ ᠣᠷᠣᠯᠴᠠᠵᠤ᠂ ᠪᠡᠶ᠎ᠡ ᠲᠠᠮᠢᠷ ᠤᠨ ᠣᠷᠳᠣᠨ ᠨᠢ ᠨᠠᠶᠢᠳᠠ 5.2 ᠲᠦᠮᠡᠨ ᠬᠥᠮᠦᠨ ᠤᠳᠠᠭ᠎ᠠ ᠳᠤ ᠰᠤᠶᠢᠳᠭᠡᠯ ᠬᠤᠷᠢᠶᠠᠬᠤ ᠦᠭᠡᠢ ᠪᠤᠶᠤ ᠲᠤᠤᠷ᠎ᠠ ᠰᠤᠶᠢᠳᠭᠡᠯ ᠬᠤᠷᠢᠶᠠᠬᠤ ᠭᠡᠯᠪᠡᠷᠢ ᠪᠠᠷ ᠤᠶᠢᠯᠡᠴᠢᠯᠡᠪᠡ᠃ ᠬᠤᠰᠢᠭᠤ ᠤᠯᠠᠭᠠᠨᠮᠥ᠋ᠴᠢᠷ ᠨᠢ ᠦᠨᠳᠤᠰᠦᠨ ᠱᠠᠳᠤᠨ ᠳᠤ ᠭᠦᠨᠵᠡᠭᠡᠶᠢᠷᠡᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠤᠭᠯᠠᠯᠲᠠ 118 ᠲᠠᠯᠠᠪᠠᠢ ᠭᠠᠷᠭᠠᠵᠤ᠂ 4.6 ᠲᠦᠮᠡᠨ ᠬᠥᠮᠦᠨ ᠤᠳᠠᠭ᠎ᠠ ᠳᠤ ᠦᠢᠯᠡᠴᠢᠯᠡᠵᠦ᠂ ᠨᠠᠢᠮᠠᠳᠤᠭᠠᠷ ᠬᠤᠭᠤᠴᠠᠭᠠᠨ ᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠪᠠ ᠬᠤᠷᠢᠳᠤᠭᠠᠷ ᠬᠤᠭᠤᠴᠠᠭᠠᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠤᠭᠯᠠᠯᠲᠠ ᠶᠢᠨ ︽ᠬᠠᠮᠲᠤ ᠨᠡᠶᠢᠲᠡ ᠶᠢᠨ ᠠᠯᠲᠠᠨ ᠮᠧᠳᠡᠯ︾ ᠢ ᠲᠤᠰᠤᠭᠰᠠᠨ ᠪᠠᠶᠢᠨ᠎ᠠ᠃      ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨ ᠪᠠᠶᠢᠬᠤ ᠶᠢ ᠪᠠᠳᠤᠯᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠬᠠᠷ᠎ᠠ ᠪᠦᠯᠦᠭᠳᠡᠨ ᠤ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ 1᠂ ᠬᠠᠷᠭᠢᠰ ᠬᠦᠴᠦᠨ ᠤ ᠶᠠᠯᠠᠲᠤ ᠪᠦᠯᠦᠭ 1᠂ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠪᠦᠯᠬᠦᠮ 2 ᠢ ᠠᠷᠢᠯᠭᠠᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠨᠡᠶᠢᠭᠡᠮ  ᠤᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠰᠢᠢᠳᠪᠤᠷᠢᠯᠡᠪᠡ᠃ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠣᠭᠲᠠᠴᠠ᠂ ᠴᠢᠬᠤᠯᠠ ᠶᠡᠭᠡ ᠲᠣᠭᠲᠠᠭᠤᠨ ᠪᠤᠰᠤ ᠠᠰᠠᠭᠤᠳᠠᠯ ᠤᠨ ᠨᠠᠷᠢᠨ ᠲᠠᠩᠰᠠ ᠶᠢᠨ ᠲᠦᠷᠢᠮ ᠢ ᠪᠠᠷᠢᠮᠲᠠᠯᠠᠨ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠬᠦᠯᠪᠡ᠃      ︵ᠨᠠᠢᠮᠠ︶ ᠳᠦᠷᠢᠮᠵᠢᠯ ᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠤᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠳᠡᠭᠡᠭᠰᠢᠯᠡᠬᠦᠯᠪᠡ᠃      ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠦᠪᠯᠡᠯᠭᠡ ᠵᠢᠴᠢ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠨᠤᠷᠮ᠎ᠠ 100% ᠳᠤ ᠭᠦᠷᠴᠠᠢ᠃  ︽ᠭᠤᠷᠪᠠᠨ ᠴᠢᠬᠤᠯᠠ ᠨᠢᠭᠡ ᠶᠡᠭᠡ︾ ᠤᠴᠢᠷ ᠶᠠᠪᠤᠳᠠᠯ ᠳᠤ ᠬᠠᠮᠳᠤ ᠪᠠᠷ ᠰᠢᠢᠳᠪᠤᠷᠢᠳᠤ ᠪᠤᠳᠤᠯᠭ᠎ᠠ ᠲᠤᠭᠲᠠᠭᠠᠬᠤ ᠪᠠ ᠵᠠᠰᠠᠭ ᠤᠨ ᠤᠷᠳᠤᠨ ᠤ ᠬᠠᠤᠯᠢ ᠶᠢᠨ ᠵᠦᠪᠯᠡᠭᠴᠢ ᠶᠢ ᠤᠷᠢᠨ ᠭᠡᠷᠡᠭᠯᠡᠭᠦ ᠵᠡᠷᠭᠡ ᠳᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠪᠢᠴᠢᠭ ᠮᠠᠲ᠋ᠧᠷᠢᠶᠠᠯ ᠤᠨ ᠬᠠᠤᠯᠢ ᠶᠤᠰᠤᠨ ᠤ ᠴᠢᠨᠠᠷᠳᠠᠢ ᠬᠢᠨᠠᠨ ᠪᠠᠶᠢᠴᠠᠭᠠᠯᠳᠠ ᠶᠢ ᠴᠢᠩᠭᠠᠳᠬᠨ᠂ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ  ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠳᠦᠮᠵᠢᠳᠡᠢ ᠪᠡᠶᠡᠯᠡᠭᠦᠯᠪᠡ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ︽ᠭᠤᠷᠪᠠᠨ ᠠᠯᠪᠠᠨ ᠵᠠᠷᠤᠳᠠᠯ︾ ᠤᠨ ᠵᠠᠷᠤᠯᠭ᠎ᠠ 887 ᠲᠦᠮᠡᠨ ᠲᠥᠭᠦᠷᠢᠭ ᠪᠠᠶᠢᠵᠦ᠂ ᠨᠢᠳᠦᠨᠤᠨ ᠤ ᠬᠢ ᠠᠴᠠ 19.7% ᠪᠠᠷ ᠪᠠᠭᠤᠷᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ 15 ᠤᠳᠠᠭ᠎ᠠ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠨᠡᠶᠢᠲᠡᠯᠡᠪᠡ᠃ ᠨᠠᠮ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ︽ᠳᠥᠷᠪᠡᠨ ᠰᠤᠷᠲᠠᠯ︾ ᠢ ᠲᠠᠰᠤᠷᠠᠯᠲᠠ ᠦᠭᠡᠢ ᠴᠡᠭᠴᠡᠯᠡᠨ᠂ ᠵᠠᠰᠠᠭ ᠤᠨ ᠣᠷᠳᠣᠨ ᠤ ᠢᠳᠡᠭᠡᠯ ᠬᠦᠨᠳᠤ ᠶᠢ ᠲᠠᠰᠤᠷᠠᠯᠲᠠ ᠦᠭᠡᠢ ᠨᠡᠮᠡᠭᠳᠡᠬᠦᠯᠪᠡ᠃    ᠡᠭᠦᠨ ᠤ ᠬᠠᠮᠳᠣ᠂ ᠦᠨᠳᠦᠰᠦᠳᠡᠨ ᠱᠠᠰᠢᠨ ᠰᠤᠷᠲᠠᠬᠤᠨ᠂ ᠤᠯᠤᠰ ᠤᠨ ᠪᠠᠳᠤᠯᠠᠨ ᠬᠠᠮᠠᠭᠠᠯᠠᠯᠳᠠ᠂ ᠠᠯᠪᠠᠨ ᠪᠠᠶᠢᠭᠤᠯᠭ᠎ᠠ ᠶᠢᠨ ᠶᠠᠪᠤᠳᠠᠯ᠂ ᠰᠢᠤᠳᠠᠨ ᠶᠠᠪᠤᠳᠠᠯ᠂ ᠬᠠᠩᠭᠠᠨ ᠪᠣᠷᠣᠯᠠᠭᠤᠯᠭ᠎ᠠ ᠶᠢᠨ ᠬᠤᠷᠰᠢᠶ᠎ᠠ᠂  ᠨᠠᠰᠤᠳᠠᠶᠢᠴᠤᠳ ᠢ ᠠᠰᠠᠷᠠᠬᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠴᠠᠭ ᠠᠭᠤᠷ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ᠂ ᠡᠮᠡᠭᠲᠡᠶᠢᠴᠦᠳ᠂ ᠵᠡᠮᠳᠡᠭᠴᠦᠳ ᠤᠨ ᠠᠵᠢᠯ ᠵᠡᠷᠭᠡ ᠡᠯ᠎ᠡ ᠲᠥᠷᠥᠯ ᠤᠨ ᠠᠵᠢᠯ ᠦᠢᠯᠡᠰ ᠴᠥᠮ ᠰᠢᠨ᠎ᠡ ᠠᠬᠢᠴᠠ ᠲᠠᠢ ᠪᠤᠯᠵᠦ᠂ ᠪᠦᠬᠦ ᠬᠤᠰᠢᠭᠤᠨ ᠤ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠠ᠃     ᠲᠥᠯᠥᠭᠡᠯᠡᠭᠴᠢᠳ ᠡ᠂ 2019 ᠣᠨ ᠢᠶᠠᠨ ᠡᠷᠬᠢᠴᠡᠬᠦᠯᠬᠦ ᠳᠤ ᠮᠠᠨ ᠤ ᠡᠮᠦᠨ᠎ᠡ ᠳᠤᠯᠭᠠᠷᠠᠭᠰᠠᠨ ᠪᠠᠶᠢᠳᠠᠯ ᠵᠢᠱᠢᠭᠰᠡᠨ ᠠᠴᠠ ᠨᠡᠩ ᠬᠦᠨᠳᠤ ᠪᠡᠷᠬᠡᠰᠢᠶᠡᠯᠳᠡᠢ᠂ ᠲᠤᠬᠢᠶᠠᠯᠳᠤᠭᠰᠠᠨ ᠬᠦᠴᠢᠷ ᠪᠡᠷᠬᠡᠰᠢᠶᠡᠯ ᠵᠢᠱᠢᠭᠰᠡᠨ ᠠᠴᠠ ᠨᠡᠩ ᠪᠤᠳᠤᠯᠢᠶᠠᠨᠲᠠᠶ ᠪᠠᠶᠢᠵᠦ᠂ ᠣᠯᠤᠭᠰᠠᠨ ᠠᠮᠵᠢᠯᠲᠠ ᠪᠦᠲᠦᠮᠵᠢ ᠪᠦᠬᠦᠨ ᠥᠩᠭᠡᠷᠡᠭᠰᠡᠨ ᠤ ᠬᠢ ᠠᠴᠠ ᠨᠡᠩ ᠬᠢᠯᠪᠠᠷ ᠪᠤᠰᠤ ᠶᠤᠮ᠃ ᠦᠩᠭᠡᠷᠡᠭᠰᠡᠨ ᠨᠢᠭᠡ ᠵᠢᠯ ᠳᠤ᠂ ᠪᠢᠳᠡ ᠳᠠᠷᠤᠯᠲᠠ ᠥᠷᠢᠰᠥᠯᠳᠦᠭᠡᠨ ᠢ ᠲᠤᠭᠤᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠨ ᠤᠯᠠᠨ ᠪᠤᠳᠠᠳᠠᠢ ᠠᠵᠢᠯ ᠢ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠬᠦᠴᠢᠷ ᠪᠡᠷᠬᠡᠰᠢᠶᠡᠯ ᠢ ᠢᠯᠠᠨ ᠳᠠᠪᠠᠵᠦ᠂ ᠤᠭ ᠰᠠᠨᠠᠭ᠎ᠠ ᠢᠶᠠᠨ ᠪᠠᠷᠢᠮᠳᠠᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯᠡᠯ ᠳᠤ ᠬᠠᠨᠤᠮᠵᠢᠳᠠᠢ ᠬᠠᠷᠢᠭᠤᠯᠲᠠ ᠥᠭᠪᠡ᠃ ᠡᠳᠡᠭᠡᠷ ᠠᠮᠵᠢᠯᠳᠠ ᠪᠦᠳᠦᠮᠵᠢ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠳᠡᠭᠡᠳᠤ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠮᠦᠨᠴᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠶᠢᠨ ᠦᠷ᠎ᠡ ᠳ᠋ᠦᠩ ᠮᠦᠨ᠂ ᠮᠦᠨᠴᠦ ᠪᠦᠭᠦ ᠬᠤᠰᠢᠭᠤᠨ ᠤ ᠡᠯ᠎ᠡ ᠦᠨᠳᠤᠰᠦᠳᠠᠨ ᠤ ᠠᠷᠠᠳ ᠳᠦᠮᠡᠨ ᠤ ᠬᠠᠮᠳᠤ ᠶᠢᠨ ᠴᠢᠷᠮᠠᠶᠢᠯᠭ᠎ᠠ᠂ ᠪᠦᠯᠭᠦᠮᠳᠡᠯ ᠲᠡᠮᠡᠴᠡᠯ ᠤᠨ ᠦᠷ᠎ᠡ ᠳ᠋ᠦᠡᠭ ᠮᠦᠨ᠃ ᠠᠳᠠ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠤᠯᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠳᠦᠮᠡᠨ᠂ ᠪᠠᠷᠠᠭᠤᠨ ᠦᠵᠦᠮᠦᠴᠢᠨ ᠬᠤᠰᠢᠭᠤᠨ ᠤ ᠭᠦᠭᠵᠢᠯᠳᠠ ᠴᠡᠴᠡᠭᠯᠠᠯᠳᠠ ᠶᠢ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠪᠦᠭᠦ ᠨᠠᠶᠢᠵᠠ ᠨᠦᠬᠦᠳ ᠲᠡᠭᠡᠨ ᠴᠢᠩ ᠰᠡᠳᠬᠢᠯ ᠤᠨ ᠪᠠᠶᠠᠷ ᠲᠠᠯᠠᠷᠬᠠᠯ ᠪᠤᠯᠤᠨ ᠡᠷᠭᠢᠮ ᠲᠡᠭᠡᠳᠦ ᠭᠦᠨᠳᠤᠳᠭᠡᠯ ᠢᠶᠠᠨ ᠢᠯᠡᠷᠬᠡᠶᠢᠯᠡᠶ᠎ᠡ︕     ᠪᠢᠳᠠ ᠤᠯᠤᠭᠰᠠᠨ ᠠᠮᠵᠢᠯᠳᠠ ᠪᠦᠳᠦᠮᠵᠢ ᠪᠠᠨ ᠤᠯᠵᠦ ᠬᠠᠷᠠᠬᠤ ᠶᠢᠨ ᠬᠠᠮᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠠ ᠳᠤ ᠮᠦᠨᠬᠦ ᠨᠡᠯᠢᠶᠠᠳ ᠤᠯᠠᠨ ᠭᠦᠴᠢᠷᠳᠠᠯ ᠪᠠ ᠠᠰᠠᠭᠤᠳᠠᠯ ᠤᠷᠤᠰᠢᠵᠤ ᠪᠠᠶᠢᠬᠤ  ᠶᠢ ᠰᠡᠷᠭᠡᠭ ᠢᠶᠠᠷ ᠲᠠᠨᠢᠬᠤ ᠭᠡᠷᠡᠭᠲᠠᠢ᠃ ᠨᠢᠭᠡ ᠳᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠦᠷᠭᠦᠯᠵᠢᠯᠡᠨ ᠨᠡᠮᠡᠭᠳᠡᠵᠦ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠠᠬᠢᠴᠠ ᠤᠳᠠᠭᠠᠨ᠂ ᠴᠢᠨᠠᠷᠯᠢᠭ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠬᠤᠶᠠᠷ ᠲᠤ᠂  ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠶᠢᠨ ᠮᠠᠨ ᠠᠭᠤᠷᠬᠠᠶ ᠶᠢᠨ  ᠦᠢᠯᠡᠰ ᠤᠨ ︽2 · 23︾ ᠠᠲᠡᠯ ᠬᠡᠷᠡᠭ ᠵᠡᠷᠭᠡ ᠶᠢᠨ ᠨᠦᠯᠦᠭᠡᠯᠡᠯ ᠠᠴᠠ ᠪᠤᠯᠵᠤ᠂ ᠭᠠᠶᠢᠯᠢ ᠲᠠᠲᠠᠪᠤᠷᠢ ᠶᠢᠨ ᠣᠷᠣᠯᠭ᠎ᠠ ᠢᠯᠡᠳᠲᠡ ᠪᠠᠭᠤᠷᠠᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠤᠪᠤᠶᠢᠮ᠎ᠠ ᠪᠣᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠪᠤᠴᠠᠭᠠᠬᠤ᠂ ︽ᠭᠤᠷᠪᠠ ᠶᠢ ᠪᠠᠲᠤᠯᠠᠬᠤ︾ ᠠᠵᠢᠯ ᠤᠨ ᠳᠠᠷᠤᠭᠠᠰᠤ ᠨᠡᠯᠢᠶᠡᠳ ᠬᠦᠨᠳᠤ ᠪᠠᠶᠢᠨ᠎ᠠ᠃  ᠭᠤᠷᠪᠠ ᠳᠤ᠂  ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠦᠴᠦᠨ ᠵᠦᠢᠯ ᠮᠥᠨ ᠯᠡ ᠨᠡᠯᠢᠶᠡᠳ ᠤᠯᠠᠨ ᠪᠠᠶᠢᠵᠦ᠂ ᠠᠶᠤᠯᠭᠦᠶ ᠦᠢᠯᠡᠳᠪᠤᠷᠢᠯᠡᠯ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠳᠤ ᠳᠠᠷᠤᠭᠠᠰᠤ ᠠᠪᠴᠢᠷᠠᠵᠦ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠤ ᠪᠠᠶᠢᠨ᠎ᠠ᠃ ᠲᠦᠷᠪᠡ ᠳᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠳᠤ ᠪᠠᠰᠠ ᠴᠥᠭᠡᠨ ᠪᠤᠰᠤ ᠬᠦᠷᠦᠯᠴᠡᠬᠦ ᠦᠭᠡᠢ ᠲᠠᠯ᠎ᠠ ᠣᠷᠣᠰᠢᠨ᠂ ᠬᠤᠳᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠃ ᠲᠠᠪᠤ ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠮᠥᠨ ᠯᠡ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃  ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠠᠶᠢᠳᠤᠷ ᠰᠢᠢᠳᠪᠤᠷᠢᠯᠡᠨ᠎ᠡ᠃    ᠬᠤᠶᠠᠷ᠂ 2020 ᠣᠨ ᠤ ᠠᠵᠢᠯ ᠤᠨ ᠪᠠᠶᠢᠷᠢᠯᠠᠭᠤᠯᠤᠯᠳᠠ    ᠦᠨᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ︾ ᠶᠢ ᠪᠡᠶᠡᠯᠡᠭᠦᠯᠭᠦ ᠡᠴᠦᠰ ᠤᠨ ᠵᠢᠯ ᠪᠣᠯᠤᠨ᠎ᠠ᠂ ᠮᠦᠨᠴᠦ ᠨᠢᠭᠡᠳᠦᠭᠡᠷ ᠵᠠᠭᠤᠨ ᠵᠢᠯ ᠤᠨ ᠲᠡᠮᠡᠴᠡᠭᠦ ᠬᠠᠷᠠᠯᠳᠠ ᠶᠢ ᠪᠡᠶᠡᠯᠡᠭᠦᠯᠭᠦ ᠵᠠᠩᠬᠢᠯᠠᠭ᠎ᠠ ᠶᠢᠨ ᠵᠢᠯ ᠪᠤᠯᠬᠤᠷ ᠠᠵᠢᠯ ᠤᠨ ᠡᠭᠦᠷᠭᠡ ᠭᠦᠨᠳᠤ᠂ ᠠᠴᠢ ᠬᠤᠯᠪᠤᠭᠳᠠᠯ ᠭᠦᠨ ᠭᠦᠨᠵᠡᠭᠡᠢ ᠪᠤᠯᠤᠨ᠎ᠠ᠃ ᠦᠨᠥ ᠵᠢᠯ ᠤᠨ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠭᠦᠳᠠ ᠬᠤᠷᠠᠯ ᠤᠨ ᠵᠤᠷᠢᠭ ᠰᠠᠨᠠᠭ᠎ᠠ ᠪᠠ ᠲᠦᠪ ᠤᠨ ᠠᠵᠤ ᠠᠬᠤᠢ ᠶᠢᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠭᠡᠢ ᠱᠦᠵᠢ ᠶᠢᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠳᠦᠯᠦᠪᠯᠡᠨ ᠠᠬᠢᠭᠤᠯᠬᠤ ᠲᠤᠬᠠᠢ ᠨᠠᠮ ᠤᠨ ᠲᠦᠪ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠲᠦᠷᠪᠡᠨ ᠤᠬᠠᠮᠰᠠᠷ ︾ ᠢᠶᠠᠨ ᠴᠢᠩᠭᠠᠳᠬᠠᠨ᠂ ︽ᠲᠦᠷᠪᠡᠨ ᠢᠳᠡᠭᠡᠯ︾ ᠢ ᠪᠠᠳᠤᠳᠬᠠᠵᠤ᠂    ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠵᠢᠯ ᠤᠨ ᠡᠬᠢᠨ ᠤ ᠬᠤᠰᠢᠭᠤ ᠨᠠᠮ ᠤᠨ ᠬᠤᠷᠢᠶᠠᠨ ᠤ ᠦᠷᠭᠡᠳᠭᠡᠭᠰᠡᠨ ᠬᠤᠷᠠᠯ ᠤᠨ ᠵᠤᠷᠢᠭ ᠰᠠᠨᠠᠭ᠎ᠠ  ᠶᠢ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠬᠠᠷᠠᠯᠳᠠ ᠡᠭᠦᠷᠭᠡ ᠲᠠᠢ ᠨᠢᠬᠳᠠ ᠤᠶᠠᠯᠳᠤᠭᠤᠯᠤᠨ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠭᠦᠭ ᠠᠶᠠᠰ ᠢ ᠪᠠᠷᠢᠮᠳᠠᠯᠠᠵᠤ᠂ ᠭᠦᠭᠵᠢᠯᠳᠠ ᠶᠢᠨ ᠰᠢᠨ᠎ᠠ ᠤᠶᠢᠯᠠᠭᠠᠭᠳᠠᠬᠤᠨ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠪᠠᠷ ᠭᠤᠤᠯ ᠰᠢᠵᠢᠮ ᠪᠤᠯᠭᠠᠵᠤ᠂ ᠦᠭᠡᠷᠡᠴᠢᠯᠠᠯᠳᠠ ᠬᠢᠵᠤ ᠴᠢᠯᠤᠭᠡᠳᠠᠢ ᠶᠠᠪᠤᠯᠴᠠᠬᠤ ᠶᠢ ᠪᠠᠷᠢᠮᠳᠠᠯᠠᠬᠤ ᠶᠢ ᠭᠦᠳᠡᠯᠭᠡᠭᠴᠢ ᠭᠦᠴᠦᠨ ᠪᠤᠯᠭᠠᠨ᠂ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷᠯᠢᠭ ᠭᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠡᠷᠡᠰ ᠢᠯᠠᠯᠳᠠ ᠣᠯᠵᠦ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠰᠠᠶᠢᠳᠤᠷ ᠬᠢᠵᠤ᠂ ︽ᠵᠢᠷᠭᠤᠭ᠎ᠠ ᠶᠢ ᠪᠠᠳᠤᠯᠠᠬᠤ︾ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠤᠭᠳᠠᠭᠤᠨ ᠢᠶᠠᠷ ᠨᠡᠮᠡᠭᠳᠡᠭᠦᠯᠭᠦ᠂ ᠦᠭᠡᠷᠡᠴᠢᠯᠠᠯᠳᠠ ᠶᠢ ᠠᠬᠢᠭᠤᠯᠬᠤ᠂ ᠪᠦᠳᠦᠴᠠ ᠶᠢ ᠲᠤᠬᠢᠷᠠᠭᠤᠯᠬᠤ᠂ ᠠᠷᠠᠳ ᠲᠤ ᠠᠰᠢᠭ ᠭᠦᠷᠳᠡᠭᠡᠭᠦ᠂ ᠲᠦᠭᠰᠢᠭᠦᠷᠢ ᠶᠢ ᠰᠡᠷᠭᠡᠶᠢᠯᠡᠭᠦ᠂ ᠲᠤᠭᠳᠠᠭᠤᠨ ᠢ ᠪᠠᠳᠤᠯᠠᠬᠤ ᠡᠯ᠎ᠡ ᠲᠦᠷᠦᠯ ᠤᠨ ᠠᠵᠢᠯ ᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠠᠵᠤ ᠠᠬᠤᠢ ᠶᠢᠨ ᠡᠷᠭᠢᠯᠳᠠ ᠶᠢ ᠵᠤᠬᠢᠰᠳᠠᠢ ᠤᠷᠤᠨ ᠵᠠᠢ ᠳᠤ ᠪᠠᠳᠤᠯᠠᠨ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢ ᠳᠡᠭᠦᠰ ᠠᠮᠵᠢᠯᠳᠠᠳᠠᠢ ᠪᠡᠶᠡᠯᠡᠬᠦᠯᠬᠦ ᠶᠢ ᠪᠠᠳᠤᠯᠠᠨ᠎ᠠ᠃    ᠵᠢᠯ ᠤᠨ ᠡᠬᠢᠨ ᠠᠴᠠ ᠨᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠲᠠᠭᠤ ᠰᠢᠯᠭᠠᠯᠲᠠ ᠶᠢᠨ ᠡᠮᠦᠨ᠎ᠡ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂  ︽ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠨᠠᠷᠢᠯᠢᠭ ᠤᠨᠤᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠥᠬᠦ ᠨᠡᠶᠢᠭᠡᠮ ᠤᠨ ᠬᠦᠴᠦᠨ ᠢ ᠲᠠᠶᠢᠴᠢᠯᠠᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠵᠠᠰᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠪᠦᠬᠦ ᠬᠦᠴᠦᠨ ᠢᠶᠠᠷ ᠢᠶᠠᠨ ᠠᠷᠭᠠᠴᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠳᠤ ᠱᠠᠳᠤᠴᠢ ᠴᠢᠨᠠᠷᠲᠠᠶ ᠢᠯᠠᠯᠲᠠ ᠶᠢ ᠲᠡᠮᠡᠴᠡᠨ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠦ᠂ ᠪᠦᠳᠦᠮᠵᠢᠳᠡᠢ ᠦᠷ᠎ᠡ ᠪᠦᠲᠦᠮᠵᠢ ᠶᠢ ᠤᠯᠪᠠ᠃ ᠣᠳᠣᠬᠠᠨ ᠳᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠥᠨ ᠯᠡ ᠲᠦᠷᠭᠡᠨ ᠢᠶᠠᠷ ᠨᠡᠮᠡᠭᠳᠡᠵᠦ᠂ ᠮᠠᠨ ᠤ ᠤᠯᠤᠰ ᠤᠨ ᠭᠠᠳᠠᠭᠠᠳᠤ ᠠᠴᠠ ᠬᠢᠵᠢᠭ ᠬᠠᠯᠳᠠᠪᠤᠷᠢᠯᠠᠬᠤ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠨ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠲᠠᠬᠢᠨ ᠡᠭᠦᠰᠬᠦ ᠠᠶᠤᠯ ᠲᠦᠭᠰᠢᠭᠦᠷᠢ ᠮᠥᠨ ᠯᠡ ᠣᠷᠣᠰᠢᠭᠰᠠᠭᠠᠷ ᠪᠠᠶᠢᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠪᠣᠯᠤᠨ ᠱᠠᠨᠰᠢ ᠮᠤᠵᠢ ᠳᠤ ᠪᠠᠶᠢᠴᠠᠭᠠᠨ ᠰᠤᠳᠤᠯᠤᠯᠳᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠣᠣᠱᠯᠠᠭᠤᠯᠤᠨ᠂ ᠭᠠᠳᠠᠭᠠᠳᠤ ᠠᠴᠠ ᠬᠢᠵᠢᠭ ᠢ ᠰᠡᠷᠭᠡᠶᠢᠯᠡᠬᠦ ᠠᠵᠢᠯ ᠢ ᠣᠨᠣᠪᠴᠢᠲᠠᠶ ᠪᠥᠭᠡᠳ ᠪᠦᠲᠦᠮᠵᠢᠲᠡᠢ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠲᠦᠮᠡᠨ ᠤ ᠳᠠᠶᠢᠯᠠᠯᠳᠤᠭᠠᠨ᠂ ᠶᠡᠷᠦᠩᠬᠡᠶ ᠲᠠᠯ᠎ᠠ ᠶᠢᠨ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠤᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠰᠢᠭᠤ ᠰᠢᠶᠠᠨ ᠢ ᠪᠥᠲᠥᠭᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠪᠠ ᠤᠯᠤᠰ ᠤᠨ ᠲᠠᠰ ᠤᠨ ᠴᠡᠴᠡᠷᠯᠢᠭᠲᠦ ᠬᠤᠲᠠ ᠪᠠᠯᠭᠠᠰᠤ ᠶᠢ ᠪᠥᠲᠥᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠢᠴᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠬᠦ ᠵᠡᠷᠭᠡ ᠠᠵᠢᠯ ᠢᠶᠠᠷ ᠭᠤᠤᠯᠳᠠᠯᠭ᠎ᠠ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠶᠢ ᠪᠠᠲᠤᠯᠠᠨ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠳᠬᠤᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠦ᠂ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃     ᠦᠨᠦ ᠵᠢᠯ ᠤᠨ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠪᠦᠭᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 135 ᠳ᠋ᠦᠩᠰᠢᠭᠤᠷ ᠲᠦᠭᠦᠷᠢᠭ ᠪᠡᠶᠡᠯᠡᠭᠦᠯᠦᠨ᠂ 4.5% ᠪᠠᠷ ᠨᠡᠮᠡᠭᠳᠡᠭᠦᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 19 ᠳ᠋ᠦᠩᠰᠢᠭᠤᠷ ᠲᠥᠭᠦᠷᠢᠭ ᠪᠡᠶᠡᠯᠡᠭᠦᠯᠦᠨ᠂ 6.85% ᠪᠠᠷ ᠪᠠᠭᠤᠷᠠᠵᠦ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢ 25.1 ᠳ᠋ᠦᠩᠰᠢᠭᠤᠷ ᠲᠦᠭᠦᠷᠢᠭ ᠪᠡᠶᠡᠯᠡᠭᠦᠯᠦᠨ᠂ 2.9 % ᠪᠠᠷ ᠨᠡᠮᠡᠭᠳᠡᠭᠦᠯᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠤᠪᠢᠶᠠᠷᠢᠯᠠᠵᠤ ᠪᠤᠯᠠᠬᠤᠶᠢᠴᠠ ᠤᠷᠤᠯᠭ᠎ᠠ ᠶᠢ ᠲᠤᠰ ᠲᠤᠰ 44240 ᠲᠦᠭᠦᠷᠢᠭ ᠪᠤᠯᠤᠨ 30300 ᠲᠦᠭᠦᠷᠢᠭ ᠲᠤ ᠭᠦᠷᠭᠡᠨ᠂ ᠲᠤᠰ ᠲᠤᠰ 6.5% ᠪᠠ 8% ᠪᠠᠷ ᠨᠡᠮᠡᠭᠳᠡᠭᠦᠯᠦᠨ᠎ᠠ᠃    ᠲᠡᠭᠡᠷᠡᠭᠢ ᠬᠠᠷᠠᠯᠳᠠ ᠡᠭᠦᠷᠭᠡ ᠶᠢ ᠪᠡᠶᠡᠯᠡᠭᠦᠯᠭᠦ ᠳᠤ᠂ ᠪᠢᠳᠠ ᠲᠤᠤᠷᠠᠬᠢ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠵᠦ ᠰᠠᠶᠢᠳᠤᠷ ᠬᠢᠨ᠎ᠠ᠄     ︵ᠨᠢᠭᠡ︶ ᠭᠤᠷᠪᠠᠨ ᠶᠡᠭᠡ ᠪᠤᠭᠤᠮᠲᠠ ᠰᠢᠪᠳᠤᠯᠬᠤ ᠳᠠᠶᠢᠯᠠᠯᠳᠤᠭᠠᠨ ᠤ ᠰᠢᠢᠳᠪᠤᠷᠢᠳᠤ ᠢᠯᠠᠯᠲᠠ ᠶᠢ ᠣᠯᠤᠨ᠎ᠠ᠃ ᠭᠤᠤᠯᠳᠠᠯᠭ᠎ᠠ ᠶᠢ ᠠᠳᠬᠤᠵᠤ᠂ ᠬᠦᠷᠦᠯᠴᠡᠬᠦ ᠦᠭᠡᠢ ᠲᠠᠯ᠎ᠠ ᠪᠠᠨ ᠨᠦᠭᠦᠪᠤᠷᠢᠯᠡᠨ᠂ ᠪᠠᠭᠤᠷᠠᠢ ᠲᠠᠯ᠎ᠠ ᠪᠠᠨ ᠭᠦᠴᠦᠷᠭᠡᠭᠵᠢᠭᠦᠯᠵᠤ᠂ ᠭᠦᠴᠦᠨ ᠴᠢᠳᠠᠯ ᠢᠶᠠᠨ ᠲᠦᠪᠯᠡᠷᠡᠭᠦᠯᠦᠨ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢ ᠪᠡᠶᠡᠯᠡᠭᠦᠯᠭᠦ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃     ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠰᠢᠢᠳᠪᠤᠷᠢᠳᠤ ᠳᠠᠶᠢᠯᠠᠯᠳᠤᠭᠠᠨ ᠤ ᠢᠯᠠᠯᠲᠠ ᠶᠢ ᠤᠯᠤᠨ᠎ᠠ᠃ ᠨᠠᠷᠢᠨ ᠪᠠᠶᠢᠳᠠᠯ ᠢ ᠪᠠᠶᠢᠴᠠᠭᠠᠨ ᠴᠡᠭᠴᠡᠯᠡᠵᠦ᠂ 6 ᠰᠠᠷ᠎ᠠ ᠶᠢᠨ ᠰᠡᠭᠦᠯᠴᠢ ᠪᠤᠯᠳᠠᠯ᠎ᠠ ᠪᠦᠬᠦᠶᠢᠯᠡ ᠠᠰᠠᠭᠤᠳᠠᠯ ᠢ ᠲᠤᠶᠢᠯᠪᠤᠷᠢᠳᠠᠢ ᠰᠢᠢᠳᠪᠤᠷᠢᠯᠡᠬᠦ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠰᠢᠭᠤ ᠱᠠᠲᠤᠨ ᠤ ᠡᠳ᠋ ᠤᠨ ᠵᠠᠰᠠᠭ ᠠᠴᠠ ᠶᠠᠳᠠᠭᠤ ᠶᠢ ᠲᠡᠳᠬᠦᠬᠦ ᠪᠠᠯᠠ ᠮᠥᠩᠭᠦ ᠶᠢ 320 ᠲᠦᠮᠡᠨ ᠲᠥᠭᠦᠷᠢᠭ ᠠᠴᠠ ᠳᠡᠭᠡᠭᠰᠢ ᠵᠠᠷᠤᠴᠠᠭᠤᠯᠵᠦ᠂ ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠡᠭᠡ ᠪᠠᠶᠢᠴᠠᠭᠠᠯᠳᠠ ᠵᠢᠴᠢ ᠲᠠᠬᠢᠨ ᠪᠠᠶᠢᠴᠠᠭᠠᠯᠳᠠ ᠶᠢᠨ ᠡᠯ᠎ᠡ ᠲᠦᠷᠦᠯ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠦᠭᠦ ᠤᠯᠤᠰ ᠤᠨ ᠨᠡᠶᠢᠳᠡᠮ ᠤᠨ ᠪᠠᠶᠢᠴᠠᠭᠠᠯᠳᠠ ᠶᠢ ᠤᠭᠳᠤᠬᠤ ᠪᠡᠯᠡᠳᠭᠡᠯ ᠠᠵᠢᠯ ᠢ ᠰᠠᠶᠢᠳᠤᠷ ᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠣᠷᠭᠠᠨᠢᠭ ᠢᠶᠠᠷ ᠤᠶᠠᠯᠳᠤᠭᠤᠯᠤᠨ᠂ ᠶᠠᠳᠠᠭᠤ ᠶᠢ ᠲᠡᠳᠬᠦᠬᠦ ︽ᠰᠦᠷᠦᠭ︾ ᠵᠢᠴᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠳᠤᠯᠣᠭᠠᠶᠢᠯᠠᠭᠴᠢ ᠠᠵᠤ ᠠᠬᠤᠶᠢᠯᠠᠯ᠂ ᠬᠤᠷᠰᠢᠶᠠᠵᠢᠯ ᠪᠤᠯᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠬᠦᠯᠦᠨ᠎ᠡ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠵᠣᠷᠯᠣᠩ ᠢ ᠲᠦᠭᠡᠮᠡᠯᠵᠢᠭᠦᠯᠦᠨ᠎ᠠ᠃ ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠦᠢᠯᠡᠰ ᠪᠤᠰᠬᠠᠵᠦ ᠠᠵᠢᠯ ᠣᠯᠬᠤ ᠶᠢ ᠠᠬᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮᠴᠢᠯᠡᠭᠡᠨ ᠤ ᠳᠠᠭᠠᠳᠬᠠᠯ᠂ ᠨᠠᠰᠤᠵᠢᠯ ᠤᠨ ᠠᠰᠠᠷᠠᠮᠵᠢ᠂ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠨᠠᠷᠳᠠᠢ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠦ᠂ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠂ ᠳᠡᠳᠬᠦᠬᠦ ᠵᠤᠬᠢᠰᠳᠠᠢ ᠶᠢ ᠨᠢ ᠪᠦᠬᠦᠨ ᠢ ᠲᠡᠳᠬᠦᠵᠦ᠂ ᠪᠠᠳᠤᠯᠬᠠᠤ ᠵᠤᠬᠢᠰᠳᠠᠢ ᠶᠢ ᠨᠢ ᠪᠦᠬᠦᠨ ᠢ ᠪᠠᠳᠤᠯᠠᠨ᠎ᠡ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢ ᠪᠠᠶᠢᠯᠳᠤᠬᠤ ᠪᠤᠳᠤᠯᠭ᠎ᠠ ᠶᠢᠨ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠴᠡᠯᠮᠡᠭ ᠤᠭᠳᠠᠷᠭᠤᠢ᠂ ᠴᠡᠩᠭᠡᠭ ᠤᠰᠤ᠂ ᠦᠩ ᠰᠢᠮᠡᠯᠢᠭ ᠭᠦᠷᠦᠰᠦ ᠰᠢᠷᠤᠢ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠤᠯᠤᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠡᠯ᠎ᠡ ᠳᠦᠷᠦᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠤᠩᠬᠡᠶᠢᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠴᠢᠩᠭᠠᠳᠬᠠᠨ᠎ᠠ᠃ ᠬᠠᠷᠢᠶ᠎ᠠ ᠣᠷᠣᠨ ᠤ ᠳᠣᠲᠣᠷᠠᠬᠢ ᠤᠤᠭᠤᠬᠤ ᠤᠰᠤᠨ ᠤ ᠰᠤᠷᠪᠤᠯᠵᠢ ᠶᠢᠨ ᠣᠷᠣᠨ ᠤ ᠣᠷᠴᠢᠨ ᠲᠣᠭᠤᠷᠢᠨ ᠤ ᠪᠠᠶᠢᠳᠠᠯ ᠳᠤ ᠪᠠᠶᠢᠴᠠᠭᠠᠨ ᠦᠨᠡᠯᠡᠯᠳᠡ ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠳᠦᠷᠦᠯ ᠤᠨ ᠱᠠᠳᠤᠴᠢ ᠴᠢᠨᠠᠷᠲᠠᠶ ᠰᠢᠪᠲᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠢ ᠪᠠ ᠰᠢᠢᠳᠪᠦᠷᠢᠯᠡᠬᠦ ᠲᠥᠬᠦᠭᠡᠷᠦᠮᠵᠢ ᠶᠢ ᠳᠠᠷᠤᠢ ᠳᠦᠷᠭᠡᠨ ᠪᠦᠷᠢᠨᠰᠢᠬᠦᠯᠵᠦ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠤᠷᠢ ᠪᠠ ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠤᠷᠢ ᠶᠢᠨ ᠲᠤᠭᠳᠠᠭᠤᠨ ᠡᠷᠬᠢᠯᠳᠠ ᠪᠠ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ ᠶᠢ ᠪᠠᠲᠤᠯᠠᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠰᠬᠠᠶ ᠵᠠᠰᠠᠯᠲᠠ ᠶᠢ ᠥᠷᠨᠢᠭᠦᠯᠵᠦ᠂ ᠪᠠᠶᠠᠨᠬᠤᠸᠠ ᠠᠵᠤ ᠦᠢᠯᠡᠳᠪᠤᠷᠢ ᠶᠢᠨ ᠲᠣᠭᠤᠷᠢᠭ ᠤᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠤᠷᠢᠯᠡᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠤᠨ᠎ᠠ᠃ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠠ ᠲᠠᠬᠢᠨ ᠪᠠᠶᠢᠴᠠᠭᠠᠯᠳᠠ ᠶᠢᠨ ᠬᠢᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠵᠦ᠂ ᠪᠦᠬᠦᠶᠢᠯᠡ ᠲᠤᠰᠬᠠᠭᠰᠠᠨ ᠠᠰᠠᠭᠤᠳᠠᠯ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠰᠢᠢᠳᠪᠤᠷᠢᠯᠡᠨ᠎ᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠳᠠᠬᠢ ᠬᠡᠮ ᠰᠣᠭᠤᠭ ᠢ ᠦᠪᠡᠷᠳᠡᠭᠡᠨ ᠪᠠᠶᠢᠴᠠᠭᠠᠵᠤ ᠦᠪᠡᠷᠳᠡᠭᠡᠨ ᠵᠠᠯᠠᠷᠠᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠡᠭᠡᠯᠵᠢ ᠶᠢᠨ ᠱᠠᠭᠠᠷᠳᠠᠨ ᠪᠠᠶᠢᠴᠠᠭᠠᠬᠤ ᠠᠵᠢᠯ ᠢ ᠤᠭᠳᠤᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃      ᠭᠦᠨᠳᠤ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠰᠢᠢᠳᠪᠤᠷᠢᠯᠡᠬᠦ ᠠᠵᠢᠯ ᠢ ᠬᠠᠮᠤᠭ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠤᠭᠤᠴᠠᠭ᠎ᠠ ᠨᠢ ᠲᠤᠯᠤᠭᠰᠠᠨ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠡᠬᠡ ᠪᠡᠯᠡ᠂ ᠬᠦᠦ ᠮᠥᠩᠭᠦ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢ ᠲᠠᠷᠤᠶᠢᠬᠠᠨ ᠪᠦᠭᠦᠨ ᠢ ᠪᠤᠴᠠᠭᠠᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠳᠦᠭᠰᠡᠨ ᠮᠠᠷᠭᠤᠭᠠᠨ ᠦᠭᠡᠢ ᠥᠷᠢ ᠦᠭᠴᠡᠭᠡ ᠶᠢ ᠵᠢᠯ ᠤᠨ ᠲᠤᠳᠤᠷ᠎ᠠ  ᠳᠦᠯᠦᠵᠦ ᠳᠠᠭᠤᠰᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠡᠮᠵᠢᠯᠡᠭᠦᠯᠬᠦ ᠭᠤᠤᠯ ᠭᠦᠢᠴᠡᠳᠬᠡᠬᠦ ᠲᠤᠭ᠎ᠠ ᠶᠢ ᠰᠡᠷᠡᠮᠵᠢᠯᠡᠬᠦᠯᠬᠦ ᠱᠤᠭᠤᠮ ᠠᠴᠠ ᠳᠣᠷᠣᠭᠰᠢ ᠪᠠᠶᠢᠯᠭᠠᠨ᠎ᠠ᠃ ᠵᠠᠰᠠᠭ ᠤᠨ ᠤᠷᠳᠤᠨ ᠪᠤᠯᠤᠨ ᠨᠡᠶᠢᠭᠡᠮ ᠤᠨ ᠭᠦᠷᠦᠩᠭᠡ ᠬᠤᠷᠰᠢᠬᠤ ᠲᠦᠷᠦᠯ ᠵᠤᠶᠢᠯ ᠢ ᠲᠦᠷᠢᠮᠵᠢᠭᠦᠯᠦᠨ ᠭᠡᠷᠡᠭᠵᠢᠭᠦᠯᠵᠤ᠂ ᠬᠠᠤᠯᠢ ᠴᠠᠭᠠᠵᠠ᠂ ᠳᠦᠷᠢᠮ ᠲᠤᠭᠲᠠᠭᠠᠯ ᠠᠴᠠ ᠵᠥᠷᠢᠴᠡᠨ ᠪᠡᠯᠡ ᠬᠤᠷᠠᠮᠳᠤᠭᠤᠯᠬᠤ ᠵᠢᠭᠡᠯᠡᠯᠭᠡ ᠠᠪᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃ ᠤᠷᠤᠨ ᠨᠤᠳᠤᠭ ᠤᠨ ᠮᠦᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠴᠠᠭᠠᠵᠠ ᠲᠦᠷᠢᠮ ᠲᠤᠭᠳᠠᠭᠠᠯ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠃ ᠮᠠᠯᠵᠢᠬᠤ ᠤᠷᠤᠨ ᠤ ᠦᠨᠳᠤᠷ ᠭᠦᠦ  ᠲᠠᠢ ᠵᠢᠭᠡᠯᠡᠯᠭᠡ ᠶᠢ ᠶᠡᠷᠦᠩᠭᠡᠶᠢᠯᠠᠨ ᠵᠠᠰᠠᠬᠤ ᠠᠵᠢᠯ ᠢ ᠭᠤᠤᠯᠳᠠᠯᠭ᠎ᠠ ᠲᠠᠢ ᠠᠳᠬᠤᠵᠤ᠂ ᠰᠢᠰᠲ᠋ᠧᠮ ᠤᠨ ᠴᠢᠨᠠᠷᠳᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠭᠦ ᠦᠭᠡᠢ ᠪᠠᠶᠢᠬᠤ ᠶᠢ ᠪᠠᠳᠤᠯᠠᠨ᠎ᠠ᠃     ︵ᠬᠤᠶᠠᠷ︶ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ᠃ ᠰᠢ  ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠲᠤᠬᠠᠢ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠨᠦᠭᠦᠪᠤᠷᠢᠯᠡᠨ᠂ ᠰᠠᠭᠤᠷᠢ ᠪᠠᠨ ᠪᠠᠬᠢᠵᠢᠭᠦᠯᠵᠤ᠂ ᠠᠯᠤᠰ ᠭᠡᠳᠦ ᠶᠢᠨ ᠬᠠᠷᠠᠯᠲᠠ ᠲᠠᠢ ᠪᠠᠷ ᠲᠦᠷᠢᠮ ᠲᠤᠭᠳᠠᠭᠠᠯ ᠢ ᠲᠡᠭᠦᠯᠳᠡᠷᠵᠢᠭᠦᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠦᠨᠡᠨᠬᠦ ᠬᠠᠮᠠᠭᠠᠯᠠᠨ᠎ᠠ᠃      ᠠᠮᠢ ᠠᠬᠤᠢ ᠶᠢ ᠬᠠᠮᠠᠭᠠᠯᠠᠬᠤ ᠭᠦᠴᠦᠯᠡᠴᠠ ᠪᠠᠨ ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠤᠷ ᠪᠠᠷᠢᠮᠵᠢᠶ᠎ᠠ ᠪᠠᠷ ᠨᠠᠶᠢᠷᠠᠭᠤᠯᠤᠨ᠂ ᠵᠢᠯ ᠤᠨ ᠡᠴᠦᠰ ᠠᠴᠠ ᠡᠮᠦᠨ᠎ᠡ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠦᠭᠵᠢᠬᠦᠯᠵᠦ ᠬᠠᠮᠠᠭᠠᠯᠠᠬᠤ ︽ᠨᠢᠭᠡ ᠬᠠᠭᠤᠳᠠᠰᠤ ᠵᠢᠷᠤᠭ︾ ᠢ ᠠᠩᠬ᠎ᠠ ᠠᠯᠬᠤᠮ ᠭᠠᠷᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ᠂ ᠥᠨᠢᠳᠡ ᠶᠢᠨ ᠦᠨᠳᠦᠰᠦᠨ ᠨᠤᠲᠤᠭ ᠪᠡᠯᠴᠢᠭᠡᠷ ᠪᠠ ᠬᠤᠲᠠ ᠪᠠᠯᠭᠠᠰᠤᠨ ᠤ ᠨᠡᠭᠡᠭᠡᠯᠲᠡ ᠶᠢᠨ ᠵᠠᠭᠠᠭ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠵᠢᠴᠢ ᠠᠵᠤ ᠦᠢᠯᠡᠰ ᠢ ᠵᠠᠬ᠎ᠠ ᠳᠡᠯᠭᠡᠬᠦᠷ ᠲᠤ ᠤᠷᠤᠭᠤᠯᠬᠤ ᠳᠤ ᠦᠯᠦ ᠵᠦᠪᠰᠢᠶᠡᠷᠡᠭᠦ ᠵᠤᠶᠢᠯᠠᠰ ᠤᠨ ᠨᠠᠷᠢᠨ ᠲᠠᠩᠰᠠ ᠶᠢ ᠴᠢᠩᠭ᠎ᠠ ᠵᠢᠷᠤᠮᠯᠠᠨ᠂ ᠠᠵᠤ ᠠᠬᠤᠢ ᠶᠢᠨ ᠬᠦᠭᠵᠢᠯᠳᠡ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠬᠤᠭᠤᠷᠤᠨᠳᠤᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠢ ᠠᠬᠤᠢ ᠶᠢ ᠬᠠᠮᠠᠭᠠᠯᠠᠬᠤ ᠰᠡᠷᠡᠮᠵᠢ ᠶᠢᠨ ᠱᠤᠭᠤᠮ ᠂ ᠡᠬᠢ ᠪᠠᠶᠠᠯᠢᠭ ᠤᠨ ᠠᠰᠢᠭᠯᠠᠯᠳᠠ ᠶᠢᠨ ᠳᠡᠭᠡᠳᠦ ᠬᠢᠵᠠᠭᠠᠷ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠣᠷᠭᠠᠨᠢᠭ ᠢᠶᠠᠷ ᠨᠢᠭᠡᠳᠬᠡᠨ᠎ᠡ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ᠂ ᠡᠯᠡᠰᠦᠷᠬᠡᠭ ᠨᠤᠲᠤᠭ ᠲᠤ ᠪᠤᠭ ᠮᠠᠯ ᠮᠠᠯᠵᠢᠬᠤ ᠶᠢ ᠵᠤᠭᠰᠤᠭᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠰᠠᠶᠢᠲᠤᠷ ᠬᠡᠷᠡᠭᠵᠢᠭᠦᠯᠤᠨ᠂ ᠡᠪᠡᠰᠦ ᠪᠡᠯᠴᠢᠭᠡᠷ ᠤᠨ ᠦᠪᠡᠷᠳᠡᠭᠡᠨ ᠰᠡᠷᠭᠦᠬᠦ ᠴᠢᠳᠠᠪᠬᠢ ᠶᠢ ᠠᠬᠢᠭᠤᠯᠤᠨ᠎ᠠ᠃      ᠠᠮᠢ ᠠᠬᠤᠢ ᠶᠢ ᠪᠦᠲᠦᠭᠡᠨ ᠪᠠᠶᠢᠭᠤᠯᠬᠤ ᠭᠦᠴᠦᠯᠡᠴᠠ ᠪᠠᠨ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠡᠯᠡᠰᠦᠷᠬᠡᠭ ᠭᠠᠵᠠᠷ ᠢ ᠲᠤᠰᠬᠠᠢ ᠵᠠᠰᠠᠬᠤ ᠬᠤᠶᠠᠷ ᠲᠥᠷᠥᠯ ᠵᠦᠢᠯ ᠪᠠ ᠡᠪᠳᠡᠭᠳᠡᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ 1.8 ᠲᠦᠮᠡᠨ ᠮᠦ ᠡᠯᠡᠰᠦᠨ ᠤ ᠡᠬᠢ ᠶᠢ ᠵᠠᠰᠠᠬᠤ᠂ 0.2 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ᠂ 0.55 ᠲᠦᠮᠡᠨ ᠮᠦ ᠣᠢ ᠰᠢᠭᠤᠢ ᠶᠢ ᠠᠷᠠᠴᠢᠯᠠᠬᠤ᠂ 8 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠵᠤ᠂ ᠵᠢᠯ ᠤᠨ ᠰᠡᠭᠦᠯᠴᠢ ᠠᠴᠠ ᠡᠮᠦᠨ᠎ᠠ 7 ᠨᠡᠭᠦᠷᠡᠰᠦᠨ ᠤ ᠠᠵᠤ ᠠᠬᠤᠶᠢᠯᠠᠯ ᠢ ᠴᠦᠮ ᠤᠯᠤᠰ  ᠤᠨ ᠲᠡᠰ ᠤᠨ ᠪᠤᠬᠢᠷᠳᠤᠯ ᠦᠭᠡᠢ ᠠᠭᠤᠷᠬᠠᠢ ᠶᠢᠨ ᠤᠷᠦᠨ ᠤ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠨ᠂ ᠪᠤᠰᠤᠳ ᠨᠡᠭᠡᠭᠡᠵᠤ ᠪᠠᠶᠢᠭ᠎ᠠ ᠵᠠᠳᠠᠭᠠᠢ ᠨᠡᠭᠦᠷᠡᠰᠦᠨ ᠠᠭᠤᠷᠬᠠᠢ ᠶᠢ ᠴᠦᠮ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠭᠡᠢ ᠠᠭᠤᠷᠬᠠᠢ ᠶᠢᠨ ᠤᠷᠤᠨ ᠤ ᠪᠠᠷᠢᠮᠵᠢᠶᠠᠨ ᠳᠤ ᠭᠦᠷᠭᠡᠨ᠎ᠠ᠃ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠵᠠᠭᠠᠭ ᠢ ᠲᠤᠭᠳᠠᠭᠠᠨ ᠲᠡᠮᠳᠡᠭ ᠲᠠᠯᠪᠢᠬᠤ ᠠᠵᠢᠯ ᠢ ᠡᠮᠬᠢ ᠴᠡᠭᠴᠡ ᠲᠠᠢ ᠠᠬᠢᠭᠤᠯᠵᠤ ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠵᠠᠭᠠᠭ ᠭᠡᠪᠴᠢᠶ᠎ᠠ ᠳᠤ ᠰᠢᠨᠵᠢᠯᠡᠭᠦ ᠤᠬᠠᠭᠠᠨᠴᠢ ᠪᠠᠷ ᠲᠤᠬᠢᠷᠠᠭᠤᠯᠤᠯᠳᠠ ᠬᠢᠨ᠎ᠠ᠃ ᠲᠠᠯ᠎ᠠ ᠨᠤᠳᠤᠭ ᠤᠨ ᠬᠤᠯᠤᠭᠠᠨ᠎ᠠ ᠶᠢᠨ ᠭᠦᠨᠦᠭᠡᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠬᠤᠭᠤᠴᠠᠭ᠎ᠠ ᠶᠢ ᠠᠰᠢᠭᠯᠠᠵᠤ᠂ ᠲᠠᠯ᠎ᠠ ᠨᠤᠳᠤᠭ  ᠤᠨ ᠬᠤᠯᠤᠭᠠᠨ᠎ᠠ ᠤᠰᠠᠳᠬᠠᠬᠤ ᠠᠵᠢᠯ ᠢ ᠦᠷᠨᠢᠭᠦᠯᠦᠨ᠂ ᠴᠠᠷᠴᠠᠬᠠᠢ ᠤᠰᠠᠳᠬᠠᠬᠤ ᠠᠵᠢᠯ ᠢ ᠴᠠᠭ ᠲᠤᠨᠢ ᠳᠤᠬᠢᠷᠠᠭᠤᠯᠤᠨ ᠦᠷᠨᠢᠬᠦᠯᠦᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ 12 ᠲᠡᠭᠰᠢ ᠳᠥᠷᠪᠡᠯᠵᠢᠨ ᠺᠢᠯᠣᠮᠧᠲᠷ ᠪᠠᠭ᠎ᠠ ᠰᠠᠪᠠ ᠭᠠᠵᠠᠷ ᠢ ᠵᠠᠰᠠᠬᠤ ᠪᠠᠷ ᠲᠥᠯᠥᠪᠯᠡᠨ᠂ ᠭᠤᠤᠯ ᠮᠥᠷᠡᠨ ᠢ ᠵᠠᠰᠠᠬᠤ ᠵᠡᠷᠭᠡ ᠲᠥᠷᠥᠯ ᠵᠦᠢᠯ ᠢ ᠢᠳᠡᠪᠬᠢᠲᠡᠶ ᠡᠷᠡᠮᠡᠯᠵᠡᠯᠡᠨ᠎ᠡ᠃         ᠠᠮᠢ ᠠᠬᠤᠶ ᠶᠢᠨ ᠬᠠᠤᠯᠢ ᠭᠡᠷᠡᠭᠵᠢᠭᠦᠯᠭᠦ ᠭᠦᠴᠦᠯᠡᠴᠠ ᠪᠠᠨ ᠴᠢᠩᠭᠠᠳᠬᠠᠬᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠢᠯᠠᠩᠭᠤᠶ᠎ᠠ ᠦᠨᠳᠦᠰᠦᠨ ᠱᠠᠲᠤᠨ ᠤ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠢ ᠰᠢᠭᠤᠶ ᠶᠢᠨ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠳᠠᠭᠠᠭᠤᠯᠢ ᠤᠳᠤ ᠪᠠᠷ ᠬᠢᠨᠠᠨ ᠡᠵᠡᠮᠳᠡᠬᠦ᠂ ᠠᠯᠤᠰ ᠡᠵᠡᠮᠰᠢᠯᠲᠦ ᠬᠢᠨᠠᠨ ᠡᠵᠡᠮᠳᠡᠬᠦ᠂ ᠵᠢᠯᠣᠭᠤᠴᠢ ᠥᠬᠡᠶ ᠨᠢᠰᠬᠡᠯ ᠳᠤᠭᠤᠷᠢᠨ ᠪᠠᠶᠢᠴᠠᠭᠠᠬᠤ ᠵᠡᠷᠭᠡ ᠮᠡᠷᠭᠡᠵᠢᠯ ᠢ ᠶᠡᠷᠦᠩᠬᠡᠶᠢᠯᠡᠨ ᠠᠰᠢᠭᠯᠠᠵᠤ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠭᠰᠡᠨ ᠪᠠᠶᠢᠳᠠᠯ ᠢ ᠬᠢᠨᠠᠨ ᠭᠡᠮᠵᠢᠭᠦ ᠪᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠠᠮᠢ ᠠᠬᠤᠶ ᠶᠢᠨ ᠣᠷᠴᠢᠨ ᠳᠤᠭᠤᠷᠢᠨ ᠤ ᠡᠪᠳᠡᠭᠳᠡᠯ ᠢ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠦᠷᠢᠮ ᠢ ᠬᠡᠷᠡᠭᠵᠢᠬᠦᠯᠵᠦ᠂ ᠬᠠᠮᠳᠤᠪᠠᠷ ᠬᠠᠤᠯᠢ ᠬᠡᠷᠡᠭᠵᠢᠬᠦᠯᠦᠨ ᠴᠠᠭᠳᠠᠨ ᠪᠠᠶᠢᠴᠠᠭᠠᠵᠦ᠂ ᠠᠮᠢ ᠠᠬᠤᠶ ᠶᠢᠨ ᠣᠷᠴᠢᠨ ᠳᠤᠭᠤᠷᠢᠨ ᠢ ᠡᠪᠳᠡᠭᠰᠡᠨ ᠦᠢᠯᠡ ᠠᠵᠢᠯᠯᠠᠭ᠎ᠠ ᠶᠢ ᠴᠢᠩᠭ᠎ᠠ  ᠪᠠᠶᠢᠴᠠᠭᠠᠨ ᠰᠢᠳᠬᠡᠨ᠎ᠡ᠃     ︵ᠭᠤᠷᠪᠠ︶ ᠤᠯᠠᠨ ᠵᠤᠶᠢᠯ ᠤᠨ ᠠᠷᠭ᠎ᠠ ᠠᠪᠴᠠᠯ ᠢᠶᠠᠷ ᠲᠥᠷᠥᠯ ᠵᠦᠢᠯ ᠢ ᠠᠳᠬᠤᠨ ᠪᠡᠯᠡ ᠣᠷᠣᠭᠤᠯᠤᠯᠲᠠ ᠶᠢ ᠲᠤᠭᠳᠠᠪᠤᠷᠢᠵᠢᠭᠤᠯᠤᠨ᠎ᠠ᠃ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠪᠤᠯᠤᠨ᠎ᠠ︾ ᠬᠡᠮᠡᠬᠦ ᠤᠢᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠨ᠂ ᠪᠡᠯᠡ ᠤᠷᠤᠭᠤᠯᠤᠯᠳᠠ  ᠶᠢᠨ ᠵᠠᠩᠬᠢᠯᠠᠭ᠎ᠠ ᠶᠢᠨ ᠤᠶᠢᠯᠠᠳᠤᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠦᠨ᠂ ᠪᠣᠳᠠᠲᠤ ᠴᠣᠭᠴᠠ ᠶᠢᠨ ᠠᠵᠤ ᠠᠬᠤᠢ ᠶᠢ ᠭᠦᠴᠦᠷᠭᠡᠭᠵᠢᠭᠦᠯᠦᠨ᠎ᠠ᠃     ᠳᠡᠭᠡᠳᠤ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠳᠡᠢ ᠡᠷᠡᠮᠡᠯᠵᠡᠯᠡᠨ ᠤᠯᠤᠨ᠎ᠠ᠃  ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠤᠳᠣᠯᠭ᠎ᠠ ᠶᠢ ᠨᠠᠷᠢᠨ ᠰᠤᠳᠤᠯᠵᠤ᠂ ᠳᠡᠭᠡᠷ᠎ᠡ ᠱᠠᠳᠤ ᠲᠠᠢ ᠨᠢᠭᠲᠠ ᠬᠠᠷᠢᠯᠴᠠᠨ᠂ ᠠᠷᠠᠳ ᠤᠨ ᠠᠮᠢᠳᠤᠷᠠᠯ᠂ ᠤᠯᠠᠨ ᠨᠡᠶᠢᠲᠡ ᠶᠢᠨ ᠡᠷᠡᠬᠦᠯ ᠬᠠᠮᠠᠭᠠᠯᠠᠯ᠂ ᠰᠠᠭᠤᠷᠢ ᠳᠦᠬᠦᠭᠡᠷᠦᠮᠵᠢ᠂ ᠬᠤᠲᠠ ᠶᠢᠨ ᠶᠠᠪᠤᠳᠠᠯ ᠤᠨ ᠪᠠᠶᠢᠭᠤᠯᠤᠯᠳᠠ ᠵᠡᠷᠭᠡ ᠬᠦᠷᠢᠶ᠎ᠡ ᠬᠡᠪᠴᠢᠶᠡᠨ ᠳᠠᠬᠢ ᠲᠦᠪ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠱᠠᠳᠤᠨ ᠤ ᠲᠦᠰᠦᠪ ᠤᠨ ᠲᠤᠳᠤᠷᠠᠬᠢ ᠪᠡᠯᠡ ᠤᠷᠤᠭᠤᠯᠤᠯᠳᠠ ᠪᠠ ᠲᠦᠷᠦᠯ ᠵᠤᠶᠢᠯ ᠤᠨ ᠪᠡᠯᠡ ᠮᠦᠩᠭᠦ ᠶᠢ ᠡᠷᠡᠮᠡᠯᠵᠡᠯᠡᠨ ᠤᠯᠤᠨ᠎ᠠ᠃ ᠲᠤᠰᠬᠠᠶ ᠳᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠡᠷᠡᠮᠡᠯᠵᠡᠯᠡᠭᠦ ᠭᠦᠴᠦᠯᠡᠴᠠ ᠪᠠᠨ ᠨᠡᠮᠡᠭᠳᠡᠭᠦᠯᠦᠨ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠪᠡᠯᠡ ᠣᠷᠣᠭᠤᠯᠤᠯᠲᠠ ᠶᠢᠨ ᠬᠠᠨᠳᠤᠰᠢ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠨᠢᠭᠡ ᠪᠦᠯᠦᠭ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠬᠦᠷᠢᠶ᠎ᠡ ᠬᠡᠪᠴᠢᠶᠡᠨ ᠳᠤ ᠲᠤᠬᠢᠷᠠᠬᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠡᠷᠡᠮᠡᠯᠵᠡᠯᠡᠨ ᠣᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠳᠡᠮᠳᠡᠭᠳᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠭ ᠤᠨ ᠬᠢᠵᠠᠭᠠᠷ᠂ ᠬᠡᠷᠡᠭᠴᠡᠭᠡ ᠶᠢ ᠦᠨᠳᠦᠰᠦᠯᠡᠨ ᠵᠠᠷᠤᠯᠭ᠎ᠠ ᠶᠢ ᠳᠦᠷᠢᠮᠵᠢᠬᠦᠯᠦᠨ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠦᠷ᠎ᠡ ᠠᠰᠢᠭ ᠢ ᠪᠠᠳᠠᠷᠠᠭᠤᠯᠤᠨ᠎ᠠ᠃     ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ 500 ᠲᠦᠮᠡᠨ ᠲᠥᠭᠦᠷᠢᠭ ᠠᠴᠠ ᠳᠡᠭᠡᠭᠰᠢᠬᠢ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢᠨ ᠲᠥᠷᠥᠯ ᠵᠦᠢᠯ ᠢ 47 ᠲᠣᠬᠢᠷᠠᠭᠤᠯᠵᠤ᠂ 26.92 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ᠄ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ 7 ᠪᠠᠶᠢᠵᠤ᠂ 19.5 ᠳ᠋ᠦᠩᠰᠢᠭᠤᠷ ᠳᠦᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ︽ᠭᠡᠷ᠎ᠡ ᠲᠣᠭᠲᠠᠭᠰᠠᠨ ᠲᠥᠷᠥᠯ ᠵᠦᠢᠯ ᠢ ᠲᠠᠷᠤᠶᠢᠬᠠᠨ ᠬᠡᠷᠡᠭᠵᠢᠬᠦᠯᠬᠦ᠂ ᠪᠡᠯᠡᠳᠬᠡᠯ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠠᠳᠬᠤᠬᠤ᠂ ᠪᠠᠷᠢᠯᠭ᠎ᠠ ᠳᠠᠭᠤᠰᠤᠭᠰᠠᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ︾ ᠶᠢ ᠠᠳᠬᠤᠬᠤ ᠰᠡᠳᠬᠢᠴᠡ ᠶᠣᠰᠣᠭᠠᠷ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠪᠠᠭ᠂ ᠨᠢᠭᠡ ᠲᠦᠰᠦᠯ᠂  ᠲᠤᠤᠱᠳᠠᠢ ᠠᠳᠬᠤᠬᠤ︾ ᠲᠤᠭᠲᠠᠴᠠ ᠶᠢ ᠪᠠᠷᠢᠮᠲᠠᠯᠠᠵᠤ᠂ ᠲᠥᠷᠥᠯ ᠵᠦᠢᠯ ᠢ ᠳᠣᠭᠢᠷᠠᠭᠤᠯᠬᠤ ᠦᠢᠯᠡᠴᠢᠯᠡᠭᠡ ᠶᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠡᠷᠡᠮᠡᠯᠵᠡᠯᠡᠨ ᠮᠡᠳᠡᠬᠦᠯᠵᠦ ᠬᠢᠨᠠᠨ ᠵᠥᠪᠰᠢᠶᠡᠷᠡᠭᠦᠯᠬᠦ᠂ ᠲᠥᠯᠥᠪᠵᠢᠭᠦᠯᠭᠡ ᠶᠢ ᠤᠶᠠᠯᠳᠤᠭᠤᠯᠬᠤ᠂ ᠬᠦᠴᠦᠨ ᠵᠦᠢᠯ ᠢ ᠪᠠᠳᠤᠯᠠᠬᠤ ᠵᠡᠷᠭᠡ ᠲᠠᠯ᠎ᠠ ᠶᠢᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠵᠣᠬᠢᠴᠠᠭᠤᠯᠵᠦ ᠰᠢᠢᠳᠪᠤᠷᠢᠯᠡᠨ᠂ ᠠᠵᠢᠯ ᠡᠬᠢᠯᠡᠭᠦᠯᠬᠦ ᠨᠣᠷᠮ᠎ᠠ ᠶᠢ ᠦᠨᠡᠨᠬᠦ ᠲᠡᠭᠡᠭᠰᠢᠯᠡᠭᠦᠯᠦᠨ᠎ᠠ᠃ ᠦᠷᠭᠦᠯᠵᠢᠯᠡᠨ ᠪᠠᠶᠢᠭᠤᠯᠬᠤ ᠲᠦᠷᠦᠯ ᠵᠤᠶᠢᠯ ᠤᠨ ᠭᠦᠴᠦᠨ ᠵᠤᠶᠢᠯ ᠤᠨ ᠬᠠᠩᠭᠠᠯᠭ᠎ᠠ ᠶᠢ ᠴᠢᠩᠭᠠᠳᠬᠠᠵᠤ᠂ ᠦᠢᠯᠡᠳᠪᠤᠷᠢᠯᠡᠯ ᠤᠨ ᠠᠶᠤᠯᠬᠦᠢ ᠪᠠ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠨᠢᠭᠡᠴᠡ ᠶᠢ ᠱᠠᠭᠠᠷᠳᠠᠵᠦ ᠪᠠᠶᠢᠭᠠᠳ ᠪᠡᠯᠡ ᠤᠷᠤᠭᠤᠯᠤᠯᠳᠠ ᠶᠢᠨ ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠵᠦ᠂ ᠪᠣᠳᠠᠲᠤ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠨᠡᠮᠡᠭᠳᠡᠬᠦᠯᠬᠦ ᠪᠠᠷ ᠴᠢᠷᠮᠠᠶᠢᠨ᠎ᠠ᠃ ᠡᠭᠦᠨ ᠤ ᠬᠠᠮᠳᠤ᠂ 20 ᠰᠢᠨ᠎ᠠ  ᠪᠠᠷ ᠨᠡᠮᠡᠭᠳᠡᠭᠰᠡᠨ ᠲᠦᠷᠦᠯ ᠵᠤᠶᠢᠯ ᠤᠨ ᠪᠡᠯᠡᠳᠭᠡᠯ ᠬᠤᠭᠤᠴᠠᠭᠠᠨ ᠤ ᠭᠠᠷ ᠭᠦᠢᠴᠡᠳᠭᠡᠯ ᠢ ᠲᠦᠷᠭᠡᠨ ᠪᠦᠷᠢᠨᠰᠢᠭᠦᠯᠵᠤ ᠂ ᠡᠷᠳᠡᠭᠡᠨ ᠠᠵᠢᠯ ᠡᠬᠢᠯᠡᠬᠦᠯᠦᠨ᠎ᠡ᠃      ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠦᠷᠦᠩᠭᠡ ᠬᠤᠷᠰᠢᠭᠰᠠᠨ ᠲᠦᠷᠦᠯ ᠵᠤᠶᠢᠯ ᠢ ᠯᠠᠪᠳᠠᠭᠤᠨ ᠪᠠᠳᠤᠳᠠᠢ ᠠᠬᠢᠭᠤᠯᠤᠨ᠎ᠠ᠃ ︽ᠨᠢᠭᠡ ᠲᠤᠭᠤᠷᠢᠭ ᠭᠤᠷᠪᠠᠨ ᠭᠦᠷᠢᠶᠠᠯᠠᠩ︾ ᠠᠵᠤ ᠤᠶᠢᠯᠠᠰ ᠤᠨ ᠪᠠᠶᠢᠷᠢᠰᠢᠯ ᠢᠶᠠᠷ ᠭᠠᠷᠳᠠᠴᠠ ᠪᠤᠯᠭᠠᠨ᠂ ᠠᠵᠤ ᠤᠶᠢᠯᠠᠰ ᠤᠨ ᠭᠦᠭᠵᠢᠯᠳᠠ ᠶᠢᠨ ᠪᠠᠶᠢᠷᠢᠰᠢᠯ ᠢ ᠲᠤᠳᠤᠷᠬᠠᠶᠢᠯᠠᠵᠤ᠂ ᠠᠵᠤ ᠤᠶᠢᠯᠠᠰ ᠤᠨ ᠲᠦᠪᠯᠡᠷᠡᠩᠭᠦᠢ᠂ ᠡᠷᠴᠢᠮᠵᠢᠭᠰᠡᠨ ᠭᠦᠭᠵᠢᠯᠳᠠ ᠶᠢ ᠠᠬᠢᠭᠤᠯᠤᠨ᠎ᠠ᠃ ᠪᠠᠯᠭᠠᠷᠭᠤᠣᠯ ᠪᠠᠯᠭᠠᠰᠤᠨ ᠤ ᠠᠮᠢ ᠠᠬᠤᠢ ᠶᠢᠨ ᠣᠷᠣᠰᠢᠨ ᠰᠠᠭᠤᠬᠤ ᠤᠷᠴᠢᠨ ᠢ ᠳᠡᠰ ᠳᠡᠪᠰᠢᠭᠦᠯᠬᠦ ᠳᠦᠷᠦᠯ ᠵᠦᠢᠯ ᠢ ᠠᠬᠢᠭᠤᠯᠵᠤ᠂ ᠲᠦᠷᠦᠯ ᠵᠤᠶᠢᠯ ᠢ ᠲᠤᠭᠳᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ᠂ ᠬᠤᠲᠠ ᠪᠠᠯᠭᠠᠰᠤᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠰᠵᠢᠭᠦᠯᠦᠨ᠎ᠡ᠃ ᠪᠠᠯᠭᠠᠷᠭᠤᠤᠯ ᠪᠤᠳᠠᠰ ᠤᠨ ᠭᠦᠢᠯᠭᠡᠭᠡᠨ ᠤ ᠲᠣᠭᠤᠷᠢᠭ ︵ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠲᠣᠭᠤᠷᠢᠭ︶ ᠤᠨ ᠰᠠᠭᠤᠷᠢ ᠳᠦᠬᠦᠭᠡᠷᠦᠮᠵᠢ ᠵᠢᠴᠢ ᠦᠢᠯᠡᠰ ᠪᠤᠰᠬᠠᠬᠤ ᠠᠵᠤ ᠦᠢᠯᠡᠰ ᠤᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠳᠠᠲᠠᠬᠤ ᠳᠤ ᠤᠬᠢ ᠰᠠᠶᠢᠨ ᠨᠥᠬᠦᠴᠡᠯ ᠢ ᠡᠭᠦᠳᠦᠨ᠎ᠡ᠃ ᠪᠠᠷᠠᠭᠤᠨ ᠦᠵᠦᠮᠦᠴᠢᠨ ᠬᠤᠰᠢᠭᠤᠨ ᠤ ︽99 ᠺᠢᠯᠤᠮᠧᠲᠷ ︾ ᠤᠨ ᠲᠠᠯ᠎ᠠ ᠨᠤᠲᠤᠭ ᠤᠨ ᠨᠡᠭᠦᠳᠡᠯ ᠰᠣᠶᠣᠯ ᠤᠨ ᠦᠵᠡᠮᠵᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ᠂ ᠪᠠᠶᠠᠨᠬᠤᠸᠠ ᠠᠵᠤ ᠦᠢᠯᠡᠳᠪᠤᠷᠢ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠦᠢᠯ ᠤᠨ ᠪᠡᠯᠡᠳᠬᠡᠯ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠤᠶᠢᠯ ᠢ ᠪᠠᠶᠢᠭᠤᠯᠤᠨ ᠭᠦᠮᠦᠷᠭᠡ ᠳᠤ ᠤᠷᠤᠭᠤᠯᠬᠤ ᠠᠵᠢᠯ ᠢ ᠵᠢᠯ ᠤᠨ ᠳᠣᠲᠣᠷ᠎ᠠ ᠪᠡᠶᠡᠯᠡᠭᠦᠯᠬᠦ ᠪᠠᠷ ᠴᠢᠷᠮᠠᠶᠢᠨ᠎ᠠ᠃      ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠨ᠂ ᠠᠮᠢ ᠠᠬᠤᠢ ᠶᠢ ᠡᠩ ᠳᠡᠷᠢᠬᠦᠨ ᠳᠤ ᠲᠠᠯᠪᠢᠬᠤ᠂ ᠪᠤᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠪᠠᠲᠤ ᠡᠵᠡᠮᠰᠢᠵᠦ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠳᠦᠯᠦᠪᠵᠢᠬᠦᠯᠭᠡ︾ ᠶᠢᠨ ᠬᠤᠭᠤᠴᠠᠭᠠᠨ ᠤ ᠠᠵᠢᠯ ᠢ ᠪᠦᠭᠦ ᠲᠠᠯ᠎ᠠ ᠪᠠᠷ ᠦᠨᠡᠯᠡᠨ ᠳ᠋ᠦᠩᠨᠡᠭᠰᠡᠨ ᠰᠠᠭᠤᠷᠢᠨ ᠳᠡᠭᠡᠷ᠎ᠡ᠂ ᠲᠣᠰ ᠪᠡᠶ᠎ᠡ ᠶᠢᠨ ᠬᠠᠷᠢᠴᠠᠩᠭᠤᠢ ᠳᠠᠪᠠᠭᠤᠯᠢᠭ ᠢᠶᠠᠨ ᠣᠨᠣᠪᠴᠢᠲᠠᠢ ᠡᠷᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠤᠪᠤᠶᠢᠮ᠎ᠠ ᠢᠯᠡ ᠲᠤᠳᠤ ᠬᠦᠷᠦᠯᠴᠡᠬᠦ ᠦᠭᠡᠢ ᠲᠠᠯ᠎ᠠ ᠪᠠ ᠵᠦᠷᠢᠶ᠎ᠡ ᠪᠠᠨ ᠡᠷᠢᠨ ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠳᠦᠯᠦᠪᠵᠢᠭᠦᠯᠭᠡ ︾ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠡᠳᠬᠢᠴᠡ ᠪᠠ ᠲᠤᠰᠬᠠᠢ ᠲᠥᠷᠥᠯ ᠤᠨ ᠳᠦᠯᠦᠪᠵᠢᠬᠦᠯᠭᠡ ᠶᠢ ᠨᠠᠶᠢᠷᠠᠭᠤᠯᠤᠨ ᠵᠣᠬᠢᠶᠠᠬᠤ ᠭᠠᠷᠴᠠᠭ ᠢ ᠲᠣᠳᠣᠷᠬᠠᠶᠢᠯᠠᠨ᠂ ᠲᠥᠯᠥᠪᠵᠢᠭᠦᠯᠭᠡ ᠪᠠᠨ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠨ᠎ᠠ᠃ ᠢᠷᠡᠭᠡᠳᠦᠢ ᠶᠢᠨ ᠭᠦᠭᠵᠢᠯᠳᠠ ᠶᠢ ᠲᠤᠯᠭᠠᠭᠤᠷᠢᠯᠠᠬᠤ ᠴᠢᠬᠤᠯᠠ ᠦᠭᠡᠷᠡᠴᠢᠯᠠᠯᠳᠠ ᠶᠢᠨ ᠠᠷᠭ᠎ᠠ ᠠᠪᠴᠠᠯ᠂ ᠭᠦᠭᠵᠢᠯᠳᠠ ᠶᠢᠨ ᠴᠢᠬᠤᠯᠠ ᠲᠦᠷᠦ ᠶᠢᠨ ᠪᠤᠳᠤᠯᠭ᠎ᠠ᠂ ᠪᠦᠳᠦᠭᠡᠨ ᠪᠠᠶᠢᠭᠤᠯᠤᠯᠳᠠ ᠶᠢᠨ ᠴᠢᠬᠤᠯᠠ ᠲᠦᠷᠦᠯ ᠵᠤᠶᠢᠯ ᠢ ᠰᠢᠨᠵᠢᠯᠡᠭᠦ ᠤᠬᠠᠭᠠᠨᠴᠢ ᠪᠠᠷ ᠲᠦᠯᠦᠪᠯᠡᠨ᠂ ᠨᠡᠩ ᠣᠯᠠᠨ ᠲᠥᠷᠥᠯ ᠵᠦᠢᠯ ᠢ ᠠᠶᠢᠮᠠᠭ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃     ︵ᠲᠦᠷᠪᠡ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠭᠦᠭᠵᠢᠯᠳᠠ ᠶᠢᠨ ᠰᠢᠨ᠎ᠠ ᠤᠶᠢᠯᠠᠭᠠᠭᠳᠠᠬᠤᠨ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠤᠷᠤᠨ ᠨᠤᠳᠤᠭ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠦᠭᠵᠢᠯᠳᠠ ᠶᠢᠨ ᠶᠠᠪᠤᠴᠠ ᠳᠠᠬᠢ ᠬᠦᠷᠦᠯᠴᠡᠬᠦ ᠦᠭᠡᠢ ᠲᠠᠯ᠎ᠠ ᠪᠠᠨ ᠲᠦᠷᠭᠡᠨ ᠬᠠᠯᠠᠨ ᠰᠠᠶᠢᠵᠢᠷᠠᠭᠤᠯᠵᠦ᠂ ᠠᠵᠠ ᠲᠤᠬᠢᠶᠠᠯ ᠢ ᠢᠳᠡᠪᠬᠢᠳᠠᠢ ᠠᠳᠬᠤᠨ᠂ ᠠᠵᠤ ᠤᠶᠢᠯᠠᠰ ᠤᠨ ᠭᠡᠯᠪᠡᠷᠢ  ᠪᠠᠨ ᠬᠤᠪᠢᠷᠠᠭᠤᠯᠤᠨ ᠲᠡᠰᠵᠢᠭᠦᠯᠭᠦ ᠳᠤ ᠰᠢᠨ᠎ᠠ ᠰᠢᠪᠳᠤᠯᠤᠯᠳᠠ ᠭᠠᠷᠭᠠᠨ᠎ᠠ᠃    ᠤᠳᠤᠬᠢᠴᠢᠯᠠᠭᠰᠠᠨ ᠮᠠᠯ ᠠᠵᠤ ᠠᠬᠤᠢ ᠶᠢ ᠴᠢᠨᠠᠷᠯᠢᠭ ᠬᠥᠭᠵᠢᠭᠦᠯᠦᠨ᠎ᠡ᠃ ᠣᠷᠣᠨ ᠪᠦᠰᠡ ᠶᠢᠨ ᠲᠥᠯᠥᠪᠵᠢᠭᠦᠯᠭᠡ ᠶᠢᠨ ᠪᠠᠶᠢᠷᠢᠰᠢᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠤᠶᠢᠯᠠᠰ᠂ ᠮᠢᠬᠠᠨ ᠤ ᠬᠤᠨᠢᠨ ᠤ ᠠᠵᠤ ᠤᠶᠢᠯᠠᠰ᠂ ᠠᠳᠤᠭᠤᠨ ᠤ ᠠᠵᠦ ᠦᠢᠯᠡᠰ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠨ ᠢᠶᠠᠨ ᠳᠦᠪᠯᠡᠷᠡᠬᠦᠯᠦᠨ ᠬᠦᠴᠦᠷᠬᠡᠭᠵᠢᠭᠦᠯᠵᠦ᠂ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠮᠢᠬᠠᠨ ᠤ ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠤᠷᠤᠨ ᠨᠤᠳᠤᠭ ᠤᠨ ᠲᠠᠪᠠᠭᠤᠯᠢᠭ ᠵᠢᠴᠢ ᠡᠬᠢ ᠪᠠᠶᠠᠯᠢᠭ ᠤᠨ ᠲᠠᠪᠠᠭᠤᠯᠢᠭ ᠢ ᠲᠤᠪᠤᠶᠢᠯᠭᠠᠨ᠂ ᠮᠢᠬᠠᠨ ᠤ ᠦᠭᠡᠷ ᠢ ᠦᠰᠭᠡᠭᠦ ᠠᠵᠤ ᠤᠶᠢᠯᠠᠰ ᠤᠨ ᠪᠠᠶᠢᠷᠢᠰᠢᠯ ᠢ ᠤᠯᠠᠮ ᠰᠢᠯᠢᠳᠡᠭᠵᠢᠭᠦᠯᠵᠤ᠂ ︽ᠪᠤᠬᠠᠨ ᠤ ᠲᠠᠯᠠᠪᠠᠢ +  ᠭᠤᠤᠯᠳᠠᠯᠭᠠᠳᠤ ᠰᠦᠷᠦᠭ + ᠮᠠᠯᠵᠢᠯ ᠤᠨ ᠡᠷᠦᠭᠡ︾ ᠭᠤᠷᠪᠠᠨ ᠱᠠᠳᠤᠨ ᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠦᠰᠭᠡᠭᠦ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠰᠢᠯᠢᠳᠡᠭ ᠡᠭᠦᠯᠳᠡᠷ  ᠤᠨ ᠮᠢᠬᠠᠨ ᠤ ᠦᠭᠡᠷ ᠢ ᠦᠰᠭᠡᠭᠦ ᠠᠵᠢᠯ ᠢ ᠠᠬᠢᠭᠤᠯᠤᠨ᠎ᠠ᠃ 3500 ᠳᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠭᠠᠳᠠᠨ᠎ᠠ ᠠᠴᠠ ᠤᠷᠤᠭᠤᠯᠬᠤ ᠪᠠᠷ ᠲᠦᠯᠦᠪᠯᠡᠨ᠂ ᠬᠤᠶᠠᠳᠤᠭᠠᠷ ᠦᠶ᠎ᠡ ᠠᠴᠠ ᠳᠡᠭᠡᠭᠰᠢᠬᠢ ᠪᠡᠯᠡᠳᠭᠡᠯ ᠡᠬᠡ ᠮᠠᠯ ᠢ 3000 ᠳᠤᠯᠤᠭᠠᠢ ᠪᠤᠯᠭᠠᠨ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠢ 9 ᠶᠢ ᠮᠡᠳᠡᠬᠦᠯᠦᠨ ᠬᠢᠨᠠᠨ ᠵᠦᠪᠰᠢᠶᠡᠷᠡᠬᠦᠯᠵᠦ᠂ ᠦᠷᠡᠵᠢᠯ ᠴᠠᠭᠠᠨ ᠦᠭᠡᠷ ᠤᠨ ᠰᠠᠭᠤᠷᠢᠨ ᠭᠠᠵᠠᠷ ᠢ ᠤᠯᠤᠰ ᠤᠨ ᠲᠡᠰ ᠤᠨ ᠭᠤᠤᠯᠳᠠᠯᠭᠠᠳᠤ ᠳᠡᠵᠢᠭᠡᠨ ᠦᠷᠡᠵᠢᠬᠦᠯᠬᠦ ᠲᠠᠯᠠᠪᠠᠢ ᠪᠤᠯᠭᠠᠬᠤ ᠪᠠᠷ ᠡᠷᠡᠮᠡᠯᠵᠡᠯᠡᠨ᠎ᠡ᠃ 50 ᠲᠣᠯᠣᠭᠠᠶ ᠠᠴᠠ ᠳᠡᠭᠡᠭᠰᠢ ᠦᠬᠡᠷ ᠪᠤᠷᠳᠤᠨ ᠲᠠᠷᠭᠤᠯᠠᠭᠤᠯᠬᠤ ᠬᠡᠪᠴᠢᠶᠡᠵᠢᠭᠰᠡᠨ ᠲᠠᠯᠠᠪᠠᠢ 6 ᠶᠢ ᠪᠠᠶᠢᠭᠤᠯᠵᠣ᠂  ᠳᠤᠯᠤᠭᠠᠶᠢᠯᠠᠭᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ 500 ᠲᠣᠯᠣᠭᠠᠶ ᠠᠴᠠ ᠳᠡᠭᠡᠭᠰᠢ ᠦᠬᠡᠷ ᠪᠤᠷᠳᠤᠨ ᠲᠠᠷᠭᠤᠯᠠᠭᠤᠯᠬᠤ ᠬᠡᠪᠴᠢᠶᠡᠵᠢᠭᠰᠡᠨ ᠲᠠᠯᠠᠪᠠᠢ 1 ᠶᠢ ᠪᠠᠶᠢᠭᠤᠯᠤᠨ᠂ ᠰᠢᠯᠢᠳᠡᠭ ᠡᠭᠦᠯᠳᠡᠷ ᠤᠨ ᠲᠤᠭᠤᠯ ᠢ ᠭᠠᠳᠠᠭᠰᠢ ᠬᠤᠳᠠᠯᠳᠤᠬᠤ ᠠᠰᠠᠭᠤᠳᠠᠯ ᠢ ᠰᠢᠢᠳᠪᠦᠷᠢᠯᠡᠨ᠎ᠡ᠃ ᠮᠢᠬᠠᠨ ᠤ ᠬᠤᠨᠢᠨ ᠤ ᠠᠵᠤ ᠦᠢᠯᠡᠰ ᠢ ᠭᠦᠴᠦᠷᠭᠡᠭᠵᠢᠭᠦᠯᠦᠨ᠎ᠠ᠃ ︽ᠪᠠᠷᠠᠭᠤᠨ ᠦᠵᠦᠮᠦᠴᠢᠨ ᠬᠤᠰᠢᠭᠤᠨ ᠤ ᠦᠵᠦᠮᠦᠴᠢᠨ ᠬᠤᠨᠢᠨ ᠤ ᠠᠵᠤ ᠤᠶᠢᠯᠠᠰ ᠢ ᠭᠦᠭᠵᠢᠭᠦᠯᠭᠦ ᠭᠡᠷᠡᠭᠵᠢᠭᠦᠯᠭᠦ ᠲᠦᠰᠦᠪ︾ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠠᠷᠠᠭᠤᠨ ᠭᠡᠰᠡᠭ ᠤᠨ ᠲᠤᠪᠤᠴᠠᠭ ᠦᠨᠳᠦᠷᠯᠢᠭ ᠲᠠᠯ᠎ᠠ ᠭᠠᠵᠠᠷ ᠤᠨ ᠨᠡᠶᠢᠳᠡᠯᠢᠭ ᠤᠷᠤᠨ ᠪᠠ ᠵᠡᠭᠦᠨ᠂ ᠲᠤᠮᠳᠠ ᠭᠡᠰᠡᠭ  ᠤᠨ ᠠᠭᠤᠯᠠᠷᠬᠠᠭ ᠨᠤᠭᠤ ᠭᠠᠵᠠᠷ ᠲᠤ ᠪᠠᠶᠢᠷᠢᠰᠢᠭ᠎ᠠ 5 ᠰᠤᠮᠤ ᠪᠠᠯᠭᠠᠰᠤᠨ ᠤ 53 ᠭᠠᠴᠠᠭ᠎ᠠ ᠶᠢ ᠮᠢᠬᠠᠨ ᠤ ᠬᠤᠨᠢᠨ  ᠤ ᠠᠵᠤ ᠤᠶᠢᠯᠠᠰ ᠢ ᠭᠦᠭᠵᠢᠭᠦᠯᠭᠦ ᠤᠷᠤᠨ ᠪᠤᠯᠭᠠᠨ᠂ ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠬᠤ ᠠᠵᠢᠯ ᠢ ᠠᠬᠢᠭᠤᠯᠤᠨ᠎ᠠ᠃ ᠪᠠᠷᠢᠮᠵᠢᠶᠠᠨ ᠳᠤ ᠭᠦᠷᠦᠭᠰᠡᠨ ᠦᠵᠦᠮᠦᠴᠢᠨ ᠬᠤᠴᠠᠨ ᠤ ᠲᠠᠯᠠᠪᠠᠢ 1᠂ ᠦᠰᠭᠡᠨ ᠦᠷᠡᠵᠢᠭᠦᠯᠭᠦ ᠲᠠᠯᠠᠪᠠᠢ 16᠂ ᠭᠤᠤᠯᠳᠠᠯᠭᠠᠳᠤ ᠰᠦᠷᠦᠭ ᠢ 220 ᠳᠤ ᠭᠦᠷᠭᠡᠨ᠂ ᠮᠢᠬᠠᠨ ᠤ ᠬᠤᠨᠢᠨ ᠤ ᠠᠵᠤ ᠤᠶᠢᠯᠠᠰ ᠤᠨ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠠ᠃ ᠭᠠᠵᠠᠷ ᠤᠷᠤᠨ ᠤ ᠪᠠᠨ ᠪᠠᠶᠢᠳᠠᠯ ᠳᠤ ᠲᠤᠬᠢᠷᠠᠭᠤᠯᠤᠨ᠂ ᠮᠢᠬᠠᠨ ᠤ ᠬᠤᠨᠢᠨ ᠤ ᠪᠤᠷᠤᠯᠠᠭᠤᠯᠭ᠎ᠠ ᠶᠢ ᠠᠬᠢᠭᠤᠯᠵᠦ᠂ ᠪᠤᠷᠳᠤᠨ ᠲᠠᠷᠭᠤᠯᠠᠭᠤᠯᠬᠤ ᠮᠡᠷᠭᠡᠵᠢᠯ ᠢ ᠲᠦᠭᠡᠮᠡᠯᠵᠢᠭᠦᠯᠦᠨ᠂ ᠮᠢᠬᠠᠨ ᠤ ᠬᠤᠨᠢ ᠶᠢ ᠡᠷᠳᠠ ᠪᠤᠷᠤᠯᠠᠭᠤᠯᠬᠤ ᠪᠠ ᠲᠦᠷᠪᠡᠨ ᠤᠯᠠᠷᠢᠯ ᠤᠨ ᠮᠠᠯ ᠤᠨ ᠭᠠᠷᠭᠠᠯᠳᠠ ᠶᠢ ᠠᠬᠢᠭᠤᠯᠤᠨ᠎ᠠ᠃ ᠠᠳᠤᠭᠤᠨ ᠤ ᠠᠵᠤ ᠦᠢᠯᠡᠰ ᠢ ᠰᠢᠯᠢᠳᠡᠭᠵᠢᠭᠦᠯᠦᠨ᠎ᠠ᠃ ᠮᠤᠩᠭᠤᠯ ᠠᠳᠤᠭᠤ ᠶᠢ ᠬᠠᠮᠠᠭᠠᠯᠠᠬᠤ ᠢᠨᠵᠧᠨᠧᠷᠢᠩ᠂ ᠴᠡᠭᠡ ᠪᠤᠯᠪᠠᠰᠤᠷᠠᠭᠤᠯᠬᠤ ᠢᠨᠵᠧᠨᠧᠷᠢᠩ᠂ ᠠᠳᠤᠭᠤᠨ ᠰᠤᠶᠤᠯ ᠤᠨ ᠵᠢᠭᠤᠯᠴᠢᠯᠠᠯ ᠰᠡᠯᠡᠭᠦᠴᠡᠯ ᠤᠨ ᠢᠨᠵᠧᠨᠧᠷᠢᠩ᠂ ᠠᠳᠤᠭᠤᠨ ᠤ ᠠᠵᠤ ᠤᠶᠢᠯᠠᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠭᠦ ᠢᠨᠵᠧᠨᠧᠷᠢᠩ ᠵᠡᠷᠭᠡ ᠲᠦᠷᠪᠡᠨ ᠶᠡᠭᠡ ᠢᠨᠵᠧᠨᠧᠷᠢᠩ ᠢ ᠡᠬᠢᠯᠡᠨ ᠭᠡᠷᠡᠭᠵᠢᠭᠦᠯᠵᠤ᠂ ᠤᠳᠤᠬᠢᠴᠢᠯᠠᠭᠰᠠᠨ ᠠᠳᠤᠭᠤᠨ ᠤ ᠠᠵᠤ ᠤᠶᠢᠯᠠᠰ ᠤᠨ ᠭᠦᠭᠵᠢᠯᠳᠠ ᠶᠢ ᠠᠬᠢᠭᠤᠯᠤᠨ᠎ᠠ᠃ ᠮᠤᠩᠭᠤᠯ ᠠᠳᠤᠭᠤ ᠶᠢ ᠬᠠᠮᠠᠭᠠᠯᠠᠬᠤ ᠭᠤᠤᠯᠳᠠᠯᠭᠠᠳᠤ ᠰᠦᠷᠦᠭ ᠢ 50 ᠳᠤ ᠬᠦᠷᠭᠡᠨ᠂ ᠦᠵᠦᠮᠦᠴᠢᠨ ᠠᠳᠤᠭᠤᠨ ᠤ ᠤᠳᠤᠮᠯᠠᠯ ᠢ ᠬᠠᠮᠠᠭᠠᠯᠠᠬᠤ ᠡᠷᠦᠭᠡ 7 ᠶᠢ ᠪᠠᠶᠢᠭᠤᠯᠤᠨ᠎ᠠ᠃ ᠴᠡᠭᠡ ᠪᠤᠯᠪᠠᠰᠤᠷᠠᠭᠤᠯᠬᠤ ᠲᠤᠯᠤᠭᠠᠶᠢᠯᠠᠭᠴᠢ ᠠᠵᠤ ᠠᠬᠤᠶᠢᠯᠠᠯ 2 ᠢ ᠪᠠᠶᠢᠭᠤᠯᠵᠤ᠂ ᠴᠡᠭᠡ ᠪᠤᠯᠪᠠᠰᠤᠷᠠᠭᠤᠯᠬᠤ ᠵᠢᠵᠢᠭ ᠤᠶᠢᠯᠠᠳᠪᠤᠷᠢ 5 ᠶᠢ ᠪᠠᠶᠢᠭᠤᠯᠤᠨ᠂ ᠵᠢᠯ ᠳᠤ 500 ᠲᠤᠨ ᠠᠴᠠ ᠲᠡᠭᠡᠭᠰᠢ ᠴᠡᠭᠡ ᠬᠤᠳᠠᠯᠳᠤᠨ ᠠᠪᠴᠦ ᠪᠤᠯᠪᠠᠰᠤᠷᠠᠭᠤᠯᠤᠨ᠎ᠠ᠃     ᠤᠳᠤᠬᠢᠴᠢᠯᠠᠭᠰᠠᠨ ᠠᠵᠤ ᠦᠢᠯᠡᠳᠪᠤᠷᠢ ᠶᠢᠨ ᠠᠵᠤ ᠠᠬᠤᠶ ᠶᠢ ᠲᠦᠷᠭᠡᠳᠭᠡᠨ ᠬᠦᠭᠵᠢᠬᠦᠯᠦᠨ᠎ᠡ᠃ ︽ᠠᠵᠤ ᠤᠶᠢᠯᠠᠳᠪᠤᠷᠢ ᠶᠢᠨ ᠭᠦᠷᠢᠶᠠᠯᠠᠩ ᠲᠤᠭᠤᠷᠢᠭ ᠤᠨ ᠴᠢᠨᠠᠷᠯᠢᠭ ᠭᠦᠭᠵᠢᠯᠳᠠ ᠶᠢ ᠠᠬᠢᠭᠤᠯᠬᠤ ᠲᠤᠬᠠᠢ ᠦᠪᠤᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠳᠦᠨ ᠲᠠᠯ᠎ᠠ ᠶᠢᠨ ᠰᠠᠨᠠᠯ︾ ᠢ ᠪᠦᠭᠦ ᠲᠠᠯ᠎ᠠ ᠪᠠᠷ ᠭᠡᠷᠡᠭᠵᠢᠭᠦᠯᠵᠤ᠂ ︽ᠰᠢᠯᠢ ᠶᠢᠨ ᠭᠤᠤᠯ ᠠᠶᠢᠮᠠᠭ ᠤᠨ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ  ᠤᠨ ᠶᠡᠷᠦᠩᠭᠡᠢ ᠲᠦᠯᠦᠪᠵᠢᠭᠦᠯᠭᠡ︾ ᠶᠢ ᠡᠷᠳᠡᠭᠡᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠬᠦ ᠪᠠᠷ ᠴᠢᠷᠮᠠᠶᠢᠨ᠎ᠠ᠃ ︽ᠰᠢᠯᠢ ᠶᠢᠨ ᠭᠤᠤᠯ ᠠᠶᠢᠮᠠᠭ ᠤᠨ ᠪᠠᠶᠠᠨᠬᠤᠸᠠ ᠠᠵᠤ ᠤᠶᠢᠯᠠᠳᠪᠤᠷᠢ ᠶᠢᠨ ᠲᠤᠭᠤᠷᠢᠭ ᠤᠨ ᠠᠵᠤ ᠤᠶᠢᠯᠠᠰ ᠤᠨ ᠭᠦᠭᠵᠢᠯᠳᠠ ᠶᠢᠨ ᠲᠦᠯᠦᠪᠵᠢᠭᠦᠯᠭᠡ ︵2019 — 2030︶︾ ᠶᠢ ᠨᠢᠭᠡᠳᠦᠯᠳᠠᠢ ᠲᠦᠯᠦᠪᠵᠢᠭᠦᠯᠦᠨ ᠭᠡᠷᠡᠭᠵᠢᠭᠦᠯᠵᠤ᠂ ᠨᠡᠭᠦᠷᠡᠰᠦ ᠴᠠᠬᠢᠯᠭᠠᠨ ᠤ ᠳᠠᠪᠠᠭᠤᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ︽ᠨᠡᠭᠦᠷᠡᠰᠦ — ᠴᠠᠬᠢᠯᠭᠠᠨ — ᠬᠠᠶᠢᠯᠤᠭᠤᠯᠬᠤ — ᠪᠤᠯᠪᠠᠰᠤᠷᠠᠭᠤᠯᠬᠤ ︾᠂ ︽ᠨᠡᠭᠦᠷᠡᠰᠦ — ᠴᠠᠬᠢᠯᠭᠠᠨ — ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ︾ ᠪᠠ ︽ᠦᠬᠡᠷ ᠬᠤᠨᠢ ᠨᠢᠲᠤᠯᠬᠤ — ᠨᠠᠷᠢᠯᠢᠭ ᠡᠳ᠋ᠰᠢᠬᠦᠯᠬᠦ — ᠰᠢᠮ᠎ᠡ ᠲᠡᠵᠢᠭᠡᠯᠲᠦ ᠢᠳᠡᠭᠡᠨ — ᠠᠮᠢᠳᠤ ᠪᠣᠳᠠᠰ ᠤᠨ ᠡᠷᠡᠭᠦᠯ ᠮᠡᠨᠳᠦ︾ ᠭᠡᠬᠦ ᠭᠤᠷᠪᠠᠨ ᠲᠤᠯᠭᠠᠭᠤᠷᠢ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠭᠤᠤᠯᠳᠠᠯᠭ᠎ᠠ ᠲᠠᠢ ᠠᠳᠬᠤᠨ᠎ᠠ᠃ ᠨᠡᠭᠦᠷᠡᠰᠦᠨ ᠤ ᠠᠵᠦ ᠦᠢᠯᠡᠰ ᠤᠨ ᠲᠠᠯ᠎ᠠ ᠪᠠᠷ᠂ ᠪᠠᠶᠠᠨᠬᠤᠸᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠵᠡᠷᠭᠡ ᠭᠤᠣᠯᠳᠠᠯᠭ᠎ᠠ ᠲᠠᠢ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠭᠠᠷ ᠭᠦᠢᠴᠡᠳᠬᠡᠯ ᠢ ᠳᠦᠷᠭᠡᠨ ᠭᠦᠢᠴᠡᠳᠬᠡᠵᠦ᠂ ᠵᠢᠷ ᠤᠨ ᠭᠤᠤᠯ ᠬᠤᠶᠠᠳᠤᠭᠠᠷ ᠠᠭᠤᠷᠬᠠᠢ ᠶᠢ ᠲᠦᠷᠭᠡᠨ ᠠᠰᠢᠭᠯᠠᠯᠳᠠ ᠳᠤ ᠤᠷᠤᠭᠤᠯᠤᠨ᠂ ᠬᠤᠸᠠ ᠷᠦᠨ ᠪᠦᠯᠦᠭᠯᠡᠯ ᠤᠨ ᠪᠠᠷᠠᠭᠤᠨ ᠨᠢᠭᠡᠳᠦᠭᠡᠷ ᠠᠭᠤᠷᠬᠠᠢ ᠶᠢᠨ ᠪᠡᠯᠡᠳᠭᠡᠯ ᠭᠠᠷ ᠭᠦᠢᠴᠡᠳᠭᠡᠯ ᠢ ᠲᠦᠷᠭᠡᠨ ᠭᠦᠢᠴᠡᠳᠭᠡᠵᠤ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 4800 ᠲᠦᠮᠡᠨ ᠲᠣᠨ ᠠᠴᠠ ᠳᠡᠭᠡᠭᠰᠢ ᠳᠤ ᠭᠦᠷᠭᠡᠨ᠂ ᠨᠡᠭᠦᠷᠡᠰᠦᠨ ᠤ ᠦᠢᠯᠡᠳᠪᠤᠷᠢᠯᠡᠯ ᠤᠨ ᠠᠵᠤ ᠠᠬᠤᠶᠢᠯᠠᠯ ᠤᠨ ᠡᠭᠦᠷᠭᠡ ᠪᠠᠨ ᠪᠡᠶᠡᠯᠡᠬᠦᠯᠬᠦ ᠶᠢ ᠦᠨᠡᠨᠬᠦ ᠪᠠᠳᠤᠯᠠᠵᠤ᠂ ᠬᠤᠰᠢᠭᠤᠨ ᠳᠣᠲᠣᠷᠠᠬᠢ ᠨᠡᠭᠦᠷᠡᠰᠦ ᠬᠡᠷᠡᠭᠯᠡᠬᠦ ᠠᠵᠤ ᠠᠬᠤᠶᠢᠯᠠᠯ ᠤᠨ ᠦᠢᠯᠡᠳᠪᠤᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠲᠠᠯ᠎ᠠ ᠪᠠᠷ᠂  ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠶᠢ ᠪᠠᠲᠤᠯᠠᠬᠤ ᠠᠵᠢᠯ ᠢ ᠵᠣᠬᠢᠴᠠᠭᠤᠯᠤᠨ᠂ ᠠᠵᠤ ᠠᠬᠤᠶᠢᠯᠠᠯ ᠤᠨ ᠲᠣᠭᠲᠠᠭᠤᠨ ᠡᠷᠬᠢᠯᠲᠡ ᠶᠢ ᠦᠨᠡᠨᠬᠦ ᠪᠠᠲᠤᠯᠠᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠠᠵᠠ ᠲᠣᠬᠢᠶᠠᠯ ᠢ ᠠᠳᠬᠤᠵᠦ᠂ ᠵᠠᠬ᠎ᠠ ᠳᠡᠯᠭᠡᠬᠦᠷ ᠤᠨ ᠰᠤᠯᠢᠯᠴᠠᠭᠠᠨ ᠤ ᠬᠡᠪᠴᠢᠶ᠎ᠡ ᠶᠢ ᠥᠷᠭᠡᠳᠬᠡᠨ᠎ᠡ᠃ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠳᠠᠰᠤ ᠶᠢᠨ ᠦᠢᠯᠡᠣᠪᠤᠷᠢ ᠶᠢᠨ ᠥᠪᠡᠷ ᠤᠨ ᠬᠡᠷᠡᠭᠴᠡᠭᠡ ᠪᠠᠨ ᠬᠠᠩᠭᠠᠬᠤ ᠴᠠᠬᠢᠯᠭᠠᠨ ᠦᠢᠯᠡᠳᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 10 ᠰᠠᠷ᠎ᠠ ᠶᠢᠨ ᠰᠡᠭᠦᠯᠴᠢ ᠳᠤ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠬᠠᠪᠳᠠᠰᠤ ᠶᠢᠨ ᠲᠥᠷᠥᠯ ᠵᠦᠢᠯ ᠲᠠᠢ ᠵᠡᠷᠭᠡᠪᠡᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠰᠢᠯᠢ ᠶᠢᠨ ᠭᠤᠤᠯ ᠠᠶᠢᠮᠠᠭ ᠠᠴᠠ ᠵᠢᠶᠠᠩᠰᠦ ᠮᠤᠵᠢ ᠶᠢᠨ ᠲᠠᠶᠢᠵᠸᠤ ᠭᠦᠷᠭᠦ ᠣᠨᠴᠠ ᠥᠨᠳᠥᠷ ᠬᠦᠴᠦᠳᠡᠯᠲᠦ ᠴᠠᠬᠢᠯᠭᠠᠨ ᠡᠭᠦᠰᠭᠡᠭᠴᠢ ᠶᠢᠨ ᠴᠢᠭ ᠤᠨ ᠪᠠᠶᠢᠭᠤᠯᠤᠯᠳᠠ ᠶᠢ ᠠᠬᠢᠭᠤᠯᠤᠨ᠂ ᠪᠠᠶᠠᠨᠬᠤᠸᠠ ᠵᠢᠨᠱᠠᠨ ᠬᠤᠶᠠᠳᠤᠭᠠᠷ ᠬᠤᠭᠤᠴᠠᠭᠠᠨ ᠤ 2×66 ᠲᠦᠮᠡᠨ ᠺᠢᠯᠣᠸᠠᠲ ᠤᠨ ᠲᠦᠷᠦᠯ ᠵᠤᠶᠢᠯ ᠢ ᠬᠢᠨᠠᠨ ᠵᠦᠪᠰᠢᠶᠡᠷᠡᠭᠦᠯᠭᠦ ᠭᠠᠷ ᠭᠦᠢᠴᠡᠳᠭᠡᠯ ᠢ ᠭᠦᠢᠴᠡᠳᠭᠡᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠪᠠᠶᠠᠨᠬᠤᠸᠠ ᠠᠭᠤᠷᠬᠠᠢ ᠶᠢᠨ ᠬᠠᠵᠠᠭᠤᠲᠠᠬᠢ ᠴᠠᠬᠢᠯᠭᠠᠨ ᠤᠶᠢᠯᠠᠳᠪᠤᠷᠢ ᠶᠢᠨ 2 × 66 ᠲᠦᠮᠡᠨ ᠺᠢᠯᠣᠸᠠᠲ ᠤᠨ ᠬᠢᠵᠠᠭᠠᠷ ᠠᠴᠠ ᠲᠠᠪᠠᠭᠰᠠᠨ ᠮᠠᠰᠢᠨ ᠴᠤᠭᠴᠠᠯᠠᠪᠤᠷᠢ ᠶᠢ ᠠᠵᠢᠯ ᠡᠬᠢᠯᠡᠬᠦᠯᠤᠨ᠎ᠠ᠃ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠤᠨ ᠲᠠᠯ᠎ᠠ ᠪᠠᠷ᠂ ᠶᠢᠨ ᠮᠠᠨ ᠠᠭᠤᠷᠬᠠᠶ ᠶᠢᠨ ᠦᠢᠯᠡᠰ ᠤᠨ ᠠᠶᠤᠯᠭᠦᠶ ᠦᠢᠯᠡᠳᠪᠤᠷᠢᠯᠡᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠭᠠᠷᠳᠠᠵᠦ᠂ ᠪᠣᠬᠢᠷᠲᠤᠯ ᠥᠬᠡᠶ ᠠᠭᠤᠷᠬᠠᠶ ᠶᠢᠨ ᠤᠷᠤᠨ ᠤ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠢᠶᠠᠨ ᠰᠡᠷᠭᠦᠭᠡᠵᠦ ᠦᠢᠯᠡᠳᠪᠤᠷᠢᠯᠡᠯ ᠢᠶᠠᠨ ᠰᠡᠷᠭᠦᠭᠡᠬᠦ ᠪᠡᠯᠡᠳᠬᠡᠯ ᠠᠵᠢᠯ ᠢ ᠰᠠᠶᠢᠲᠤᠷ ᠬᠢᠨ᠎ᠠ᠃ ᠢᠦᠶ ᠯᠦᠩ᠂ ᠶᠢᠨ ᠰᠢᠨ ᠠᠭᠤᠷᠬᠠᠶ ᠵᠡᠷᠭᠡ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠮᠡᠷᠭᠡᠵᠢᠯ ᠢ ᠥᠭᠡᠷᠡᠴᠢᠯᠡᠨ ᠲᠡᠰᠵᠢᠭᠦᠯᠤᠨ᠎ᠠ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠲᠠᠯ᠎ᠠ ᠪᠠᠷ᠂ ᠡᠤ ᠵᠢᠶᠠᠨ ᠹᠠᠩ ᠪᠤᠬᠢᠷᠳᠤᠯ ᠦᠭᠡᠢ ᠨᠡᠭᠦᠷᠡᠰᠦ ᠴᠠᠬᠢᠯᠭᠠᠨ ᠤ ᠳᠡᠭᠡᠳᠤ ᠰᠢᠨ᠎ᠡ ᠮᠡᠷᠭᠡᠵᠢᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠡᠵᠡᠮᠰᠢᠯ ᠤᠨ ᠴᠢᠨᠠᠷᠳᠠᠢ ᠨᠠᠷᠢᠯᠢᠭ ᠳᠦᠯᠦᠪᠵᠢᠭᠦᠯᠭᠡ ᠶᠢ ᠨᠠᠶᠢᠷᠠᠭᠤᠯᠵᠦ᠂ ︽ᠨᠡᠭᠦᠷᠡᠰᠦ — ᠴᠠᠬᠢᠯᠭᠠᠨ — ᠨᠤᠨᠲᠠᠭ ᠨᠡᠭᠦᠷᠡᠰᠦᠨ ᠤ ᠦᠨᠡᠰᠦ︾ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠦ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠦᠭᠡᠶᠢᠳᠡᠬᠦᠯᠦᠭᠰᠡᠨ ᠵᠤᠭᠠᠩ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠠᠵᠢᠯ ᠲᠦᠷᠦᠯ ᠤᠨ ᠲᠠᠯ᠎ᠠ ᠪᠠᠷ᠂ ᠴᠢᠨ ᠯᠢᠤᠢ᠂ ᠵᠢᠢ ᠪᠦᠦ ᠶᠤᠸᠠᠨ᠂ ᠮᠧᠩ ᠪᠦᠦ ᠶᠸᠤ ᡁᠢ ᠵᠡᠷᠭᠡ 3 ᠦᠷᠭᠡᠳᠭᠡᠨ ᠰᠢᠨ᠎ᠠ ᠪᠠᠷ ᠪᠠᠶᠢᠭᠤᠯᠬᠤ ᠲᠦᠷᠦᠯ ᠵᠤᠶᠢᠯ ᠢ ᠭᠡᠷᠡᠭᠵᠢᠭᠦᠯᠦᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠵᠢᠯ ᠤᠨ ᠳᠣᠲᠣᠷ᠎ᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠨᠣᠷᠮ᠎ᠠ ᠶᠢ 65% ᠠᠴᠠ ᠳᠡᠭᠡᠭᠰᠢ ᠳᠤ ᠬᠦᠷᠭᠡᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠬᠢᠨᠠᠨ ᠭᠡᠮᠵᠢᠭᠦ ᠪᠠᠷᠢᠮᠵᠢᠶ᠎ᠠ ᠱᠠᠭᠠᠷᠳᠠᠯᠭ᠎ᠠ ᠳᠤ ᠬᠦᠷᠭᠡᠨ᠎ᠡ᠃     ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠤᠭᠳᠠᠭᠤᠨ ᠢᠶᠠᠷ ᠭᠦᠭᠵᠢᠭᠦᠯᠦᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠤᠳᠤᠬᠢᠴᠢᠯᠠᠭᠰᠠᠨ ᠮᠠᠯ ᠠᠵᠤ ᠠᠬᠤᠶ᠂ ᠤᠳᠤᠬᠢᠴᠢᠯᠠᠭᠰᠠᠨ ᠡᠨᠧᠷᠬᠢ᠂ ᠰᠣᠶᠣᠯ ᠵᠢᠭᠤᠯᠴᠢᠯᠠᠯ ᠵᠡᠷᠭᠡ ᠭᠤᠷᠪᠠᠨ ᠭᠤᠤᠯ ᠰᠢᠪᠲᠤᠯᠤᠯᠲᠠ ᠶᠢᠨ ᠠᠵᠤ ᠦᠢᠯᠡᠰ ᠤᠨ ᠲᠣᠭᠤᠷᠢᠨ ᠳᠤ ᠬᠦᠢᠳᠡᠨ ᠢᠶᠠᠷ ᠬᠠᠳᠠᠭᠠᠯᠠᠬᠤ ᠪᠤᠳᠠᠰ ᠤᠨ ᠭᠦᠢᠯᠭᠡᠭᠡᠨ᠂ ᠡᠯᠧᠺᠲᠷᠣᠨ ᠬᠤᠳᠠᠯᠳᠤᠭ᠎ᠠ ᠵᠡᠷᠭᠡ ᠦᠢᠯᠡᠳᠪᠤᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠨᠡᠭᠦᠷᠡᠰᠦ ᠵᠡᠷᠭᠡ ᠶᠡᠭᠡ ᠬᠡᠮᠵᠢᠶᠡᠨ ᠤ ᠡᠳ᠋ ᠪᠠᠷᠠᠭ᠎ᠠ ᠶᠢᠨ ᠲᠡᠭᠡᠭᠡᠪᠦᠷᠢ ᠶᠢ ︽ᠵᠠᠰᠠᠮᠠᠯ ᠵᠠᠮ ᠠᠴᠠ ᠳᠡᠮᠦᠷ ᠵᠠᠮ ᠢᠶᠠᠷ ᠵᠦᠭᠡᠭᠡᠪᠦᠷᠢᠯᠡᠬᠦ ᠪᠤᠯᠭᠠᠨ ᠬᠤᠪᠢᠷᠠᠭᠤᠯᠬᠤ︾ ᠶᠢ ᠦᠷᠭᠦᠯᠵᠢᠯᠡᠨ ᠠᠬᠢᠭᠤᠯᠵᠤ᠂ ᠵᠢᠷ ᠤᠨ ᠭᠤᠤᠯ ᠠᠭᠤᠷᠬᠠᠢ ᠶᠢᠨ ᠣᠷᠣᠨ ᠤ ᠬᠤᠶᠠᠳᠤᠭᠠᠷ ᠲᠡᠮᠦᠷ ᠵᠠᠮ ᠤᠨ ᠲᠤᠰᠬᠠᠶ ᠱᠤᠭᠤᠮ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠬᠠᠪᠳᠠᠰᠤ ᠶᠢᠨ ᠦᠢᠯᠡᠳᠪᠤᠷᠢ ᠶᠢᠨ ᠲᠡᠮᠦᠷ ᠵᠠᠮ ᠤᠨ ᠲᠤᠰᠬᠠᠶ ᠱᠤᠭᠤᠮ᠂ ᠰᠢᠯᠢᠨᠬᠤᠳᠠ ᠠᠴᠠ ᠤᠯᠠᠭᠠᠨᠬᠤᠲᠠ ᠬᠦᠷᠬᠦ ᠳᠡᠮᠦᠷ ᠵᠠᠮ ᠤᠨ ᠪᠠᠶᠠᠨᠬᠤᠸᠠ ᠡᠮᠦᠨ᠎ᠡ ᠦᠷᠲᠡᠭᠡ ᠶᠢᠨ ᠵᠢᠢ ᠰᠢᠶᠠᠩ ᠲᠦᠩ ᠳ᠋ᠠ ᠪᠠᠷᠠᠭᠠᠨ ᠤ ᠲᠠᠯᠠᠪᠠᠢ ᠶᠢᠨ ᠳᠡᠮᠦᠷ ᠵᠠᠮ ᠤᠨ ᠲᠤᠰᠬᠠᠢ ᠱᠤᠭᠤᠮ ᠤᠨ ᠲᠥᠷᠥᠯ ᠵᠦᠢᠯ ᠤᠨ ᠪᠡᠯᠡᠳᠬᠡᠯ ᠬᠤᠭᠤᠴᠠᠭᠠᠨ ᠤ ᠠᠵᠢᠯ ᠢ ᠠᠬᠢᠭᠤᠯᠤᠨ᠎ᠠ᠃ ᠪᠠᠶ᠋ᠬᠠᠭᠤᠯᠠ ᠠᠴᠠ ᠵᠡᠭᠦᠨ ᠬᠠᠳᠠᠪᠴᠢ ᠭᠦᠷᠭᠦ ᠲᠡᠮᠤᠷ ᠵᠠᠮ ᠤᠨ ᠲᠦᠷᠪᠡᠳᠦᠭᠡᠷ ᠬᠤᠭᠤᠴᠠᠭᠠᠨ ᠤ ᠢᠨᠵᠧᠨᠧᠷᠢᠩ ᠢ ᠢᠳᠡᠪᠬᠢᠳᠠᠢ ᠲᠦᠯᠦᠪᠯᠡᠨ ᠠᠭᠢᠭᠤᠯᠵᠤ᠂ ᠪᠠᠶᠠᠨᠬᠤᠸᠠ ᠠᠴᠠ ᠵᠡᠭᠦᠨ ᠬᠠᠳᠠᠪᠴᠢ ᠭᠦᠷᠭᠦ ᠲᠡᠮᠤᠷ ᠵᠠᠮ ᠤᠨ ᠳᠦᠷᠦᠯ ᠵᠦᠢᠯ ᠢ ᠰᠤᠳᠤᠯᠤᠨ ᠲᠤᠭᠲᠠᠭᠠᠵᠤ᠂ ᠪᠠᠶᠠᠨᠬᠤᠸᠠ ᠲᠤᠳᠤᠭᠠᠳᠤ ᠭᠠᠷᠠᠮ ᠤᠨ ᠪᠠᠶᠢᠭᠤᠯᠤᠯᠳᠠ ᠶᠢᠨ ᠠᠬᠢᠴᠠ ᠶᠢ ᠠᠬᠢᠭᠤᠯᠤᠨ᠂ ︽ᠨᠢᠭᠡ ᠪᠦᠰᠠ ᠨᠢᠭᠡ ᠵᠠᠮ ︾ ᠤᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠬᠤ ᠪᠤᠶᠤ ᠤᠶᠢᠯᠠᠴᠢᠯᠠᠵᠤ᠂ ᠲᠤᠮᠳᠠᠳᠤ ᠮᠤᠩᠭᠤᠯ  ᠤᠨ ᠠᠵᠤ ᠠᠬᠤᠢ ᠠᠷᠠᠯᠵᠢᠶᠠᠨ ᠤ ᠰᠤᠯᠢᠯᠴᠠᠭ᠎ᠠ ᠳᠤ ᠢᠳᠡᠪᠬᠢᠳᠠᠢ ᠠᠭᠤᠰᠤᠯᠴᠠᠨ᠎ᠠ᠃ ︽ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ︾ ᠲᠠᠢ ᠢᠳᠡᠪᠬᠢᠳᠠᠢ ᠠᠭᠤᠰᠤᠯᠴᠠᠨ᠂ ᠪᠠᠷᠠᠭᠤᠨ ᠦᠵᠦᠮᠦᠴᠢᠨ ᠬᠤᠰᠢᠭᠤᠨ ᠤ ︽99 ᠺᠢᠯᠤᠮᠧᠲᠷ︾ ᠤᠨ ᠲᠠᠯ᠎ᠠ ᠨᠤᠲᠤᠭ ᠤᠨ ᠨᠡᠭᠦᠳᠡᠯ ᠰᠣᠶᠣᠯ ᠤᠨ ᠦᠵᠡᠮᠵᠢ ᠶᠢᠨ ᠪᠦᠰᠡ ᠶᠢᠨ ᠲᠥᠷᠥᠯ ᠵᠦᠢᠯ ᠢ ᠠᠬᠢᠭᠤᠯᠵᠤ᠂ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠲᠠᠯ᠎ᠠ ᠨᠤᠲᠤᠭ ᠤᠨ ᠰᠣᠶᠣᠯ᠂ ᠠᠮᠢ ᠠᠬᠤᠶ ᠶᠢ ᠪᠡᠶᠡᠴᠢᠯᠡᠨ ᠣᠶᠢᠯᠠᠭᠠᠬᠤ᠂ ᠵᠠᠬᠢᠶᠠᠯᠠᠭ᠎ᠠ ᠶᠢᠨ ᠬᠡᠯᠪᠡᠷᠢ ᠶᠢᠨ ᠵᠢᠭᠤᠯᠴᠢᠯᠠᠯ ᠵᠡᠷᠭᠡ ᠰᠢᠨ᠎ᠡ ᠬᠡᠯᠪᠡᠷᠢ ᠶᠢᠨ ᠵᠢᠭᠤᠯᠴᠢᠯᠠᠯ ᠢ ᠬᠥᠭᠵᠢᠭᠦᠯᠵᠦ᠂ ᠲᠠᠯ᠎ᠠ ᠨᠤᠲᠤᠭ ᠤᠨ ᠵᠢᠭᠤᠯᠴᠢᠯᠠᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠮᠦᠩᠭᠦᠨ ᠡᠪᠦᠯ ᠤᠨ ᠨᠠᠭᠠᠳᠤᠮ᠂ ᠴᠠᠭᠠᠨ ᠠᠳᠤᠭᠤᠨ ᠤ ᠰᠣᠶᠣᠯ ᠤᠨ ᠨᠠᠶᠢᠷ ᠵᠡᠷᠭᠡ ᠬᠤᠶᠠᠷ ᠶᠡᠭᠡ ᠭᠤᠤᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠦᠷᠭᠡᠳᠬᠡᠨ᠂ ᠨᠡᠷ᠎ᠡ ᠠᠯᠳᠠᠷᠰᠢᠯ ᠢᠶᠠᠨ ᠳᠡᠭᠡᠭᠰᠢᠯᠡᠬᠦᠯᠵᠦ᠂ ᠭᠠᠳᠠᠭᠠᠳᠤ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠨ᠂ ᠦᠢᠯᠡᠴᠢᠯᠡᠭᠡᠨ ᠤ ᠦᠢᠯᠡᠰ ᠢ ᠳᠡᠰᠵᠢᠬᠦᠯᠦᠨ᠎ᠡ᠃      ᠠᠷᠠᠳ ᠠᠴᠠ ᠡᠵᠡᠩᠨᠡᠭᠰᠡᠨ ᠠᠵᠤ ᠠᠬᠤᠢ ᠶᠢ ᠲᠦᠷᠭᠡᠳᠭᠡᠨ ᠭᠦᠭᠵᠢᠭᠦᠯᠦᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠭᠦᠭᠵᠢᠯᠳᠠ ᠶᠢ ᠠᠬᠢᠭᠤᠯᠬᠤ ᠲᠤᠬᠠᠢ ᠲᠡᠭᠡᠳᠦ ᠱᠠᠳᠤᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠭᠠᠶᠢᠯᠢ ᠶᠢ ᠭᠦᠩᠭᠡᠯᠡᠵᠤ ᠰᠤᠶᠢᠳᠭᠡᠯ ᠢ ᠪᠠᠭᠤᠷᠠᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠭᠦᠭᠵᠢᠯᠳᠠ ᠶᠢ ᠲᠡᠮᠵᠢᠭᠦ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤᠮᠳᠠ ᠵᠢᠵᠢᠭ ᠠᠵᠤ ᠠᠬᠤᠶᠢᠯᠠᠯ ᠳᠤ ᠦᠷᠢᠳᠦᠭᠰᠡᠨ ᠦᠷᠢ ᠶᠢ ᠪᠦᠭᠦᠨ ᠢ ᠲᠦᠯᠦᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢ ᠪᠦᠭᠦ ᠲᠠᠯ᠎ᠠ ᠪᠠᠷ ᠭᠦᠭᠵᠢᠭᠦᠯᠦᠨ ᠮᠠᠨᠳᠤᠭᠤᠯᠤᠨ᠎ᠠ᠃ ᠠᠵᠤ ᠠᠬᠤᠶᠢᠯᠠᠯ ᠤᠨ ᠰᠢᠨᠵᠢ ᠴᠢᠨᠠᠷ ᠲᠠᠢ ᠬᠤᠯᠪᠤᠭᠳᠠᠭᠰᠠᠨ ᠭᠠᠳᠠᠭᠤᠷᠴᠢᠯᠠᠬᠤ ᠭᠡᠯᠪᠡᠷᠢ ᠶᠢᠨ ᠲᠤᠭᠳᠠᠭᠠᠯ ᠪᠠ ᠠᠷᠭ᠎ᠠ ᠠᠪᠴᠠᠯ ᠢ ᠪᠦᠭᠦ ᠭᠦᠴᠦᠨ ᠢᠶᠠᠷ ᠢᠶᠠᠨ ᠴᠡᠪᠡᠷᠯᠡᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠤᠰᠤᠭᠠᠷ ᠡᠷᠭᠡ ᠲᠡᠭᠰᠢ ᠭᠦᠷᠳᠡᠭᠦ ᠪᠠ ᠡᠬᠢ ᠪᠠᠶᠠᠯᠢᠭ ᠤᠨ ᠭᠦᠴᠦᠨ ᠵᠤᠶᠢᠯ ᠢ ᠭᠡᠷᠡᠭᠯᠡᠭᠦ ᠶᠢ ᠦᠨᠡᠨᠬᠦ ᠪᠠᠳᠤᠯᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠲᠡᠭᠡᠳᠦ ᠱᠠᠳᠤᠨ ᠤ ᠲᠡᠮᠵᠢᠯᠭᠡ  ᠶᠢᠨ ᠲᠦᠷᠦ ᠶᠢᠨ ᠪᠤᠳᠤᠯᠭ᠎ᠠ ᠶᠢ ᠡᠷᠡᠮᠡᠯᠵᠡᠯᠡᠵᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠭᠦᠴᠢᠷᠳᠠᠢ᠂ ᠪᠡᠯᠡ ᠬᠤᠷᠠᠮᠳᠤᠭᠤᠯᠬᠤ ᠳᠤ ᠦᠨᠡᠳᠠᠢ ᠠᠰᠠᠭᠤᠳᠠᠯ ᠢ ᠰᠢᠢᠳᠪᠤᠷᠢᠯᠡᠨ᠎ᠠ᠃ ᠪᠠᠯᠭᠠᠷᠭᠤᠤᠯ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠶᠢ ᠡᠳ᠋ᠰᠢᠭᠦᠯᠭᠦ ᠠᠵᠤ ᠤᠶᠢᠯᠠᠰ ᠤᠨ ᠲᠤᠭᠤᠷᠢᠭ ᠤᠨ ᠤᠶᠢᠯᠠᠰ ᠪᠤᠰᠬᠠᠬᠤ ᠠᠵᠤ ᠤᠶᠢᠯᠠᠰ ᠤᠨ ᠲᠦᠷᠦᠯ ᠵᠤᠶᠢᠯ ᠢ ᠠᠬᠢᠭᠤᠯᠵᠤ᠂ ︽ᠰᠠᠭᠤᠷᠢ ᠲᠦᠭᠦᠭᠡᠷᠦᠮᠵᠢ ᠶᠢ ᠪᠠᠬᠢᠵᠢᠭᠦᠯᠵᠤ ᠠᠷᠠᠯᠵᠢᠶᠠᠴᠢᠨ ᠤᠷᠢᠬᠤ︾ ᠢᠨᠵᠧᠨᠧᠷᠢᠩ ᠢ ᠭᠡᠷᠡᠭᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠭᠦᠭᠵᠢᠯᠳᠠ ᠶᠢ ᠲᠦᠯᠬᠢᠨ ᠠᠬᠢᠭᠤᠯᠤᠨ᠎ᠠ᠃      ︵ᠲᠠᠪᠤ︶ ᠬᠤᠲᠠ ᠬᠥᠳᠡᠭᠡ ᠶᠢᠨ ᠣᠷᠣᠰᠢᠨ ᠰᠠᠭᠤᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠢᠵᠢ ᠪᠦᠷᠢᠳᠦᠭᠰᠡᠨ ᠰᠠᠭᠤᠷᠢ ᠳᠦᠬᠦᠭᠡᠷᠦᠮᠵᠢ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠬᠦ ᠶᠢ ᠠᠬᠢᠭᠤᠯᠤᠨ᠎ᠠ᠃       ᠬᠤᠲᠠ ᠪᠠᠯᠭᠠᠰᠤᠨ ᠤ ᠦᠢᠯᠡᠴᠢᠯᠡᠭᠡᠨ ᠤ ᠬᠢᠷᠢ ᠳᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠴᠡᠴᠡᠷᠯᠢᠭᠲᠦ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠲᠡᠰ ᠤᠨ ᠴᠡᠴᠡᠷᠯᠢᠭᠲᠦ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠳᠤ ᠰᠠᠭᠤᠷᠢ ᠲᠠᠯᠪᠢᠨ᠎ᠠ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠤ ᠲᠥᠯᠥᠪᠵᠢᠭᠦᠯᠭᠡ︾ ᠪᠠ ᠬᠤᠳᠠ ᠶᠢᠨ ᠵᠢᠷᠤᠭ ᠲᠥᠯᠥᠪᠯᠡᠭᠡ ᠶᠢ ᠡᠬᠢᠯᠡᠨ ᠨᠠᠶᠢᠷᠠᠭᠤᠯᠵᠤ᠂ ᠪᠠᠯᠭᠠᠷᠭᠤᠣᠯ ᠪᠠᠯᠭᠠᠰᠤᠨ ᠤ ᠡᠵᠡᠮᠰᠢᠯ ᠤᠨ  ᠴᠢᠨᠠᠷᠳᠠᠢ ᠨᠠᠷᠢᠨ ᠳᠦᠷᠢᠮ ᠢ ᠵᠠᠰᠠᠨ ᠨᠠᠶᠢᠷᠠᠭᠤᠯᠤᠨ᠎ᠠ᠃ ᠬᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠭᠦᠢᠴᠡᠳᠬᠡᠬᠦ᠂ ᠴᠠᠭ ᠲᠤᠬᠠᠶ ᠳᠤᠨᠢ ᠨᠡᠭᠦᠯᠭᠡᠨ ᠲᠥᠪᠬᠢᠨᠡᠭᠦᠯᠦᠭᠰᠡᠨ ᠥᠬᠡᠶ ᠵᠡᠷᠭᠡ ᠦᠯᠡᠳᠡᠭᠳᠡᠯ ᠠᠰᠠᠭᠤᠳᠠᠯ ᠢ ᠳᠦᠷᠭᠡᠨ ᠰᠢᠢᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ᠂ ᠭᠠᠳᠠᠨ᠎ᠠ ᠠᠴᠠ ᠢᠷᠡᠵᠦ ᠬᠦᠯᠦᠰᠦᠨ ᠠᠵᠢᠯ ᠬᠢᠭᠰᠡᠳ ᠤᠨ ᠣᠷᠣᠨ ᠰᠠᠭᠤᠴᠠ ᠶᠢ ᠪᠠᠲᠤᠯᠠᠨ᠎ᠠ᠃ ᠪᠠᠯᠭᠠᠷᠭᠤᠣᠯ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠷᠭᠡᠳᠬᠡᠨ ᠪᠠᠶᠢᠭᠤᠯᠬᠤ ᠪᠠ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠡᠶᠡᠯᠡᠭᠦᠯᠵᠦ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠪᠠ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠬᠤ ᠤᠰᠤᠨ ᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ ︽ᠬᠤᠣᠰ ᠵᠠᠰᠠᠯᠲᠠ︾ ᠶᠢᠨ ᠠᠵᠢᠯ ᠢ ᠠᠬᠢᠭᠤᠯᠤᠨ᠂ 81.4 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠳᠦᠬᠦᠭᠡᠷᠦᠮᠵᠢ ᠶᠢ ᠦᠭᠡᠷᠡᠴᠢᠯᠡᠵᠦ᠂ 6.5 ᠳᠦᠮᠡᠨ ᠲᠡᠭᠰᠢ ᠳᠦᠷᠪᠡᠯᠵᠢᠨ ᠮᠧᠲᠷ ᠪᠦᠬᠦᠢ ᠤᠷᠤᠨ ᠰᠠᠭᠤᠴᠠ ᠶᠢᠨ ᠪᠠᠷᠢᠯᠭ᠎ᠠ ᠶᠢᠨ ᠡᠨᠧᠷᠬᠢ ᠠᠷᠪᠢᠯᠠᠬᠤ ᠦᠭᠡᠷᠡᠴᠢᠯᠡᠯᠳᠡ ᠶᠢ ᠬᠡᠷᠡᠭᠵᠢᠬᠦᠯᠦᠨ᠂ 22.7 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠬᠤᠲᠠ ᠪᠠᠯᠭᠠᠰᠤᠨ ᠤ ᠵᠠᠮ ᠢ ᠰᠢᠨᠡᠳᠬᠡᠨ ᠦᠭᠡᠷᠡᠴᠢᠯᠡᠵᠦ᠂ 3 ᠺᠢᠯᠤᠮᠧᠲᠷ ᠦᠶᠡᠷ ᠵᠠᠯᠠᠬᠤ ᠰᠤᠪᠠᠭ ᠢ ᠪᠠᠶᠢᠭᠤᠯᠤᠨ᠂ ᠬᠤᠲᠠ ᠪᠠᠯᠭᠠᠰᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠬᠡᠮᠵᠢᠶ᠎ᠡ ᠪᠠ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠤᠳᠠᠰ ᠤᠨ ᠭᠦᠢᠯᠭᠡᠭᠡᠨ ᠤ ᠲᠤᠭᠤᠷᠢᠭ ᠤᠨ ᠳᠤᠯᠠᠭᠠᠯᠭ᠎ᠠ ᠬᠠᠩᠭᠠᠬᠤ ᠬᠤᠭᠤᠯᠠᠢ ᠶᠢᠨ ᠢᠨᠵᠧᠨᠧᠷᠢᠩ ᠪᠣᠯᠤᠨ ᠪᠠᠯᠭᠠᠷ ᠭᠤᠣᠯ ᠤᠨ ᠵᠡᠭᠦᠨ ᠬᠡᠰᠡᠭ ᠤᠨ ᠳᠤᠯᠠᠭᠠᠯᠭ᠎ᠠ ᠬᠠᠩᠭᠠᠬᠤ ᠬᠤᠭᠤᠯᠠᠢ ᠶᠢᠨ ᠭᠤᠣᠯ ᠭᠠᠲᠤᠯᠬᠤ ᠢᠨᠵᠧᠨᠧᠷᠢᠩ ᠢ ᠬᠡᠷᠡᠭᠵᠢᠭᠦᠯᠵᠦ᠂ 8.8 ᠺᠢᠯᠤᠮᠧᠲᠷ ᠬᠤᠲᠠ ᠪᠠᠯᠭᠠᠰᠤᠨ ᠤ ᠬᠠᠭᠤᠴᠢᠨ ᠳᠤᠯᠠᠭᠠᠯᠭ᠎ᠠ ᠬᠠᠩᠭᠠᠬᠤ ᠬᠤᠭᠤᠯᠠᠢ ᠶᠢ ᠰᠢᠨᠡᠳᠬᠡᠨ ᠵᠠᠰᠠᠵᠦ᠂ ᠲᠥᠪᠯᠡᠷᠡᠭᠦᠯᠦᠨ ᠳᠤᠯᠠᠭᠠᠯᠭ᠎ᠠ ᠬᠠᠩᠭᠠᠬᠤ ᠪᠦᠷᠬᠦᠴᠡ ᠪᠠ ᠳᠤᠯᠠᠭᠠᠯᠭ᠎ᠠ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠪᠠᠯᠭᠠᠷᠭᠤᠤᠯ ᠪᠠᠯᠭᠠᠰᠤ᠂ ᠪᠠᠶᠠᠨᠬᠤᠸᠠ ᠪᠠᠯᠭᠠᠰᠤᠨ ᠤ ᠣᠷᠴᠢᠨ ᠲᠣᠭᠤᠷᠢᠨ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠬᠤ ᠢᠨᠵᠧᠨᠧᠷᠢᠩ ᠪᠠ ᠬᠤᠭ ᠨᠣᠪᠰᠢ ᠶᠢ ᠰᠢᠢᠳᠪᠤᠷᠢᠯᠡᠬᠦ ᠦᠢᠯᠡᠳᠪᠦᠷᠢ ᠶᠢᠨ ᠪᠠᠶᠢᠭᠤᠯᠤᠯᠲᠠ ᠶᠢ ᠬᠡᠷᠡᠭᠵᠢᠬᠦᠯᠦᠨ᠂ ᠣᠷᠣᠰᠢᠨ ᠰᠠᠭᠤᠬᠤ ᠳᠤ ᠲᠤᠬᠢᠷᠠᠮᠵᠢᠳᠠᠢ ᠣᠬᠢ ᠰᠠᠶᠢᠨ ᠣᠷᠴᠢᠨ ᠲᠣᠭᠤᠷᠢᠨ ᠢ ᠪᠤᠢ ᠪᠤᠯᠭᠠᠨ᠎ᠠ᠃      ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠮᠠᠯᠵᠢᠬᠤ ᠣᠷᠣᠨ ᠤ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠣᠷᠣᠨ ᠤ ᠤᠰᠤ᠂ ᠴᠠᠬᠢᠯᠭᠠᠨ᠂ ᠵᠠᠮ᠂ ᠰᠦᠯᠵᠢᠶ᠎ᠡ᠂ ᠴᠢᠮᠡᠭᠡ ᠬᠤᠯᠪᠤᠭ᠎ᠠ ᠵᠡᠷᠭᠡ ᠰᠠᠭᠤᠷᠢ ᠳᠦᠬᠦᠭᠡᠷᠦᠮᠵᠢ ᠶᠢ ᠰᠠᠶᠢᠵᠢᠷᠠᠭᠤᠯᠤᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 10 ᠵᠤᠷᠪᠤᠰ 117 ᠺᠢᠯᠤᠮᠧᠲᠷ ᠤᠨ ᠬᠠᠶᠢᠷ ᠴᠢᠯᠠᠭᠤᠨ ᠵᠠᠮ ᠢ ᠳᠡᠪᠢᠰᠬᠦ ᠪᠠᠷ ᠲᠥᠯᠥᠪᠯᠡᠨ᠂ ᠮᠠᠯᠵᠢᠬᠤ ᠤᠷᠤᠨ ᠤ ᠵᠠᠮ ᠬᠠᠷᠢᠯᠴᠠᠭ᠎ᠠ ᠨᠡᠪᠲᠡᠷᠡᠬᠦ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠮᠠᠯᠵᠢᠬᠤ ᠣᠷᠣᠨ ᠤ ᠠᠶᠤᠯᠭᠦᠢ ᠤᠰᠤ ᠤᠮᠳᠠ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠤᠨ᠂ 100 ᠬᠤᠳᠳᠤᠭ ᠮᠠᠯᠲᠠᠬᠤ ᠪᠠᠷ ᠲᠥᠯᠥᠪᠯᠡᠵᠦ᠂ ᠮᠠᠯᠴᠢᠨ ᠲᠦᠮᠡᠨ ᠤ ᠤᠰᠤ ᠤᠮᠳᠠ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠃ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ 1.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠣ᠂ 2 ᠰᠠᠭᠤᠷᠢ 110 ᠺᠢᠯᠣᠸᠠᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠠᠷ ᠳᠦᠯᠦᠪᠯᠡᠨ ᠂ 2264 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠮᠠᠯᠵᠢᠬᠤ ᠤᠷᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠴᠠᠬᠢᠯᠭᠠᠨ ᠬᠤᠯᠪᠤᠭ᠎ᠠ ᠶᠢ ᠳᠦᠭᠡᠮᠡᠯᠵᠢᠬᠦᠯᠬᠦ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠢᠨᠵᠧᠨᠧᠷᠢᠩ ᠢ ᠠᠬᠢᠭᠤᠯᠵᠦ᠂ 4G ᠰᠦᠯᠵᠢᠶᠡᠨ ᠤ ᠪᠦᠷᠬᠦᠴᠡ ᠶᠢ ᠨᠡᠮᠡᠭᠳᠡᠭᠦᠯᠦᠨ᠂ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ 5G ᠰᠦᠯᠵᠢᠶ᠎ᠡ ᠪᠠᠶᠢᠭᠤᠯᠬᠤ ᠶᠢ ᠳᠡᠮᠵᠢᠨ᠎ᠡ᠃ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠨ᠎ᠠ᠃ ᠮᠠᠯᠵᠢᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠳᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ᠂ 5 ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠳᠡᠭᠡ ᠶᠢ ᠪᠠᠶᠢᠭᠤᠯᠬᠤ ᠪᠠᠷ ᠳᠦᠯᠦᠪᠯᠡᠵᠦ᠂ ᠬᠤᠭ ᠨᠣᠪᠰᠢ ᠶᠢ ᠳᠦᠪᠯᠡᠷᠡᠬᠦᠯᠦᠨ ᠬᠤᠷᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠮᠠᠯᠵᠢᠬᠤ ᠣᠷᠣᠨ ᠤ ︽ᠵᠣᠷᠯᠣᠩ ᠤᠨ ᠬᠤᠪᠢᠰᠬᠠᠯ︾ ᠢ ᠭᠠᠵᠠᠷ ᠣᠷᠣᠨ ᠤ ᠪᠠᠨ ᠪᠠᠶᠢᠳᠠᠯ ᠳᠠᠭᠠᠨ ᠲᠤᠬᠢᠷᠠᠭᠤᠯᠤᠨ ᠬᠡᠷᠡᠭᠵᠢᠬᠦᠯᠵᠦ᠂ 300 ᠡᠷᠦᠬᠡ ᠶᠢᠨ ᠵᠣᠷᠯᠣᠩ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠤᠯᠤᠰ ᠤᠨ ᠲᠥᠷᠥᠯ ᠵᠦᠢᠯ ᠳᠤ ᠢᠳᠡᠪᠬᠢᠲᠡᠶ ᠮᠡᠳᠡᠬᠦᠯᠵᠦ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 78% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃     ︵ᠵᠢᠷᠭᠤᠭ᠎ᠠ︶ ᠦᠭᠡᠷᠡᠴᠢᠯᠡᠯᠳᠡ ᠨᠡᠭᠡᠭᠡᠯᠳᠡ ᠶᠢ ᠭᠦᠨᠵᠡᠭᠡᠶᠢᠷᠡᠬᠦᠯᠦᠨ᠎ᠠ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠠᠬᠢᠭᠤᠯᠤᠨ᠂ ᠪᠠᠶᠢᠭᠤᠯᠤᠯ ᠲᠣᠭᠲᠠᠴᠠ ᠶᠢ ᠰᠢᠨᠡᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠬᠦᠯᠦᠨ᠎ᠡ᠃     ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠶᠡᠬᠡᠪᠡᠷ ᠥᠷᠨᠢᠭᠦᠯᠦᠨ᠎ᠡ᠃ ᠤᠳᠤᠬᠠᠨ ᠤ ᠬᠡᠷᠡᠭᠵᠢᠭᠦᠯᠵᠦ ᠪᠠᠶᠢᠭ᠎ᠠ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠡᠮᠬᠢᠳᠬᠡᠨ᠂ ᠨᠠᠩ ᠲᠠᠲᠠᠬᠤ ᠬᠦᠴᠦᠨ ᠲᠠᠢ᠂ ᠨᠠᠩ ᠬᠠᠨᠳᠤᠯᠭᠠᠲᠤ ᠴᠢᠨᠠᠷ ᠲᠠᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠰᠤᠳᠤᠯᠤᠨ ᠲᠤᠭᠲᠠᠭᠠᠨ᠎ᠡ᠃ ᠪᠠᠶᠢᠭᠠᠯᠢᠯᠢᠭ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠲᠣᠭᠤᠷᠢᠨ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠲᠤᠰᠬᠠᠶ ᠠᠷᠠᠯᠵᠢᠶᠠᠴᠢᠨ ᠤᠷᠢᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠦ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ᠂ ᠬᠦᠴᠦᠷᠬᠡᠭᠵᠢᠭᠦᠯᠬᠦ ᠲᠥᠷᠥᠯ ᠵᠦᠢᠯ ᠢ ᠢᠳᠡᠪᠬᠢᠲᠡᠶ ᠤᠷᠢᠵᠦ ᠣᠷᠣᠭᠤᠯᠤᠨ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠬᠠᠪᠳᠠᠰᠤ ᠶᠢᠨ ᠦᠷᠭᠦᠯᠵᠢᠯᠡᠭᠰᠡᠨ ᠠᠵᠤ ᠦᠢᠯᠡᠰ ᠤᠨ ᠬᠡᠯᠬᠢᠶ᠎ᠡ᠂ ᠴᠠᠬᠢᠯᠭᠠᠨ ᠦᠢᠯᠡᠳᠪᠦᠷᠢ ᠶᠢᠨ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠳᠤ ᠠᠷᠠᠯᠵᠢᠶᠠᠴᠢᠨ ᠤᠷᠢᠬᠤ ᠠᠵᠢᠯ ᠢ ᠰᠠᠶᠢᠲᠤᠷ ᠠᠳᠬᠤᠨ᠎ᠠ᠃ ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤᠷᠢᠬᠤ ᠣᠷᠣᠯᠠᠭᠴᠢ ᠡᠷᠢᠬᠦ ᠵᠡᠷᠭᠡ ᠰᠢᠨ᠎ᠡ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ᠂ ᠡᠮᠦᠨᠡᠬᠢ ᠬᠤᠭᠤᠴᠠᠭᠠᠨ ᠤ ᠰᠠᠭᠤᠷᠢ ᠠᠵᠢᠯ ᠪᠠ ᠰᠡᠭᠦᠯᠴᠢ ᠶᠢᠨ ᠬᠤᠭᠤᠴᠠᠭᠠᠨ ᠤ ᠦᠢᠯᠡᠴᠢᠯᠡᠭᠡ ᠶᠢ ᠨᠠᠩ ᠢᠯᠡᠭᠦᠤ ᠴᠢᠬᠤᠯᠠᠴᠢᠯᠠᠵᠤ᠂ ᠪᠦᠳᠦᠮᠵᠢᠳᠡᠢ ᠲᠥᠷᠥᠯ ᠵᠦᠢᠯ ᠤᠨ ᠭᠡᠷ᠎ᠡ ᠶᠢ ᠲᠣᠭᠲᠠᠬᠤ ᠪᠠ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠲᠦᠷᠭᠡᠨ ᠪᠠᠶᠢᠭᠤᠯᠤᠨ᠎ᠠ᠃     ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠦᠯᠵᠢᠶᠡᠨ ᠳᠡᠭᠡᠷ᠎ᠡ ᠳᠠᠩᠰᠠᠯᠠᠬᠤ ᠪᠠ ᠪᠥᠬᠦ ᠶᠠᠪᠤᠴᠠ ᠳᠤ ᠡᠯᠧᠺᠲᠷᠣᠨ ᠢᠶᠠᠷ ᠳᠠᠩᠰᠠᠯᠠᠨ ᠲᠡᠮᠳᠡᠭᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠰᠤᠭᠤᠴᠢᠨ ᠪᠠᠶᠢᠴᠠᠭᠠᠵᠦ᠂ ᠨᠢᠭᠡ ᠶᠢ ᠢᠯᠡ ᠨᠡᠶᠢᠳᠡᠯᠡᠬᠦ︾ ᠬᠢᠨᠠᠠ ᠬᠠᠮᠢᠶᠠᠷᠤᠯᠲᠠ ᠶᠢ ᠢᠳᠡᠪᠬᠢᠲᠡᠢ ᠠᠬᠢᠭᠤᠯᠤᠨ᠂ ︽ᠠᠷᠠᠯᠵᠢᠶ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠳᠦᠷᠢᠮ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠡᠯᠧᠺᠲᠷᠣᠨᠴᠢᠯᠡᠭᠰᠡᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠬᠤᠪᠢᠶᠠᠯᠴᠠᠬᠤ᠂ ᠰᠦᠯᠵᠢᠶᠡᠨ ᠳᠡᠭᠡᠷ᠎ᠡ ᠪᠦᠬᠦᠨ ᠢ ᠭᠦᠢᠴᠡᠳᠬᠡᠬᠦ᠂ ᠭᠠᠵᠠᠷ ᠣᠷᠣᠨ ᠠᠯᠤᠰᠯᠠᠨ ᠭᠦᠢᠴᠡᠳᠬᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠠᠵᠢᠯ ᠡᠷᠬᠢᠯᠡᠬᠦ ᠭᠠᠷ ᠭᠦᠢᠴᠡᠳᠬᠡᠯ ᠢ 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠦᠭᠭᠦᠨ᠎ᠡ᠃     ᠮᠠᠯᠵᠢᠬᠤ ᠣᠷᠣᠨ ᠤ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠤᠨ ᠡᠷᠬᠡ ᠶᠢ ᠳᠤᠳᠤᠷᠬᠠᠶᠢᠯᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠡᠷᠬᠡ ᠶᠢ  ᠲᠤᠳᠤᠷᠬᠠᠶᠢᠯᠠᠬᠤ ᠠᠵᠢᠯ ᠤᠨ ᠦᠷ᠎ᠡ ᠪᠦᠲᠦᠭᠡᠯ ᠢ ᠢᠳᠡᠪᠬᠢᠳᠠᠢ ᠠᠰᠢᠬᠯᠠᠨ᠂ ᠲᠤᠭ᠎ᠠ ᠪᠠᠷᠢᠮᠲᠠ ᠶᠢᠨ ᠬᠥᠮᠥᠷᠭᠡ ᠵᠢᠴᠢ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠮᠲᠤ ᠶᠢᠨ ᠵᠤᠬᠢᠶᠠᠨ ᠪᠠᠶᠢᠭᠤᠯᠤᠯᠳᠠ ᠶᠢᠨ ᠭᠡᠰᠢᠬᠦᠨ ᠤ ᠪᠡᠶ᠎ᠡ ᠶᠢᠨ ᠭᠠᠷᠤᠯ ᠢ ᠨᠤᠲᠠᠯᠠᠬᠤ᠂ ᠬᠠᠮᠲᠤ ᠶᠢᠨ ᠡᠳ᠋ ᠬᠥᠷᠥᠩᠭᠡ ᠶᠢ ᠬᠤᠪᠢ ᠪᠣᠯᠭᠠᠨ ᠨᠤᠭᠤᠯᠤᠨ ᠪᠤᠳᠤᠬᠤ᠂ ᠬᠤᠪᠢ ᠤᠷᠤᠵᠦ ᠬᠤᠷᠰᠢᠬᠤ ᠳᠦᠷᠢᠮ ᠤᠨ ᠥᠭᠡᠷᠡᠴᠢᠯᠡᠯᠲᠡ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠷ ᠲᠠᠩᠰᠠᠯᠠᠭᠤᠯᠤᠭᠰᠠᠨ ᠭᠡᠷᠡᠴᠢ ᠣᠯᠭᠤᠬᠤ ᠵᠡᠷᠭᠡ ᠠᠵᠢᠯ ᠢ ᠲᠦᠯᠬᠢᠨ ᠠᠬᠢᠭᠤᠯᠤᠨ᠎ᠠ᠃      ︵ᠳᠣᠯᠤᠭ᠎ᠠ︶ ᠡᠯ᠎ᠡ ᠳᠦᠷᠦᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠨ᠎ᠠ ᠃ ᠰᠡᠷᠡᠮᠵᠢ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠴᠡ ᠶᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠠ ᠬᠠᠮᠢᠶᠠᠷᠤᠯᠲᠠ ᠶᠢ ᠴᠢᠩᠭᠠᠳᠬᠠᠨ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ     ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠪᠠ ᠰᠡᠷᠡᠮᠵᠢ ᠶᠢᠨ ᠱᠤᠭᠤᠮ ᠢ ᠪᠠᠲᠤ ᠰᠠᠬᠢᠨ᠎ᠠ᠃ ᠰᠢ  ᠶᠢᠨ ᠫᠢᠩ ᠶᠡᠷᠤᠩᠬᠡᠢ ᠱᠦᠵᠢ ᠶᠢᠨ ᠠᠶᠤᠯᠬᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠡᠯ᠎ᠡ ᠳᠦᠷᠦᠯ ᠤᠨ ᠠᠳᠡᠯ ᠬᠡᠷᠡᠭ ᠭᠠᠷᠬᠤ ᠶᠢ ᠡᠷᠡᠰ ᠬᠤᠷᠢᠭᠯᠠᠨ᠂ ᠠᠶᠤᠯᠭᠦᠶ ᠦᠢᠯᠡᠳᠪᠦᠷᠢᠯᠡᠯ ᠤᠨ ᠦᠷᠭᠦᠯᠵᠢᠯᠡᠭᠰᠡᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠨ᠎ᠠ᠃ ᠠᠳᠡᠯ ᠬᠡᠷᠡᠭ ᠤᠨ ᠳᠠᠯᠳᠠ ᠭᠡᠮ ᠢ ᠦᠨᠳᠦᠰᠦᠨ ᠠᠴᠠ ᠨᠢ ᠠᠷᠢᠯᠭᠠᠬᠤ ᠲᠣᠭᠤᠷᠢᠨ ᠳᠤ᠂ ᠠᠰᠠᠭᠤᠳᠠᠯ ᠢ ᠰᠢᠢᠳᠪᠦᠷᠢᠯᠡᠬᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠵᠠᠩᠭᠢᠯᠠᠭ᠎ᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ︽ᠨᠠᠮ ᠵᠠᠰᠠᠭ ᠬᠠᠮᠳᠤᠪᠠᠷ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠢ ᠪᠠᠷᠢᠮᠲᠠᠯᠠᠨ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠨ᠎ᠡ᠃ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠴᠢᠩᠭ᠎ᠠ ᠬᠡᠷᠡᠭᠵᠢᠬᠦᠯᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠬᠦᠯᠬᠦ ᠰᠢᠰᠲ᠋ᠧᠮ ᠢ ᠤᠯᠠᠮ ᠨᠢᠭᠡ ᠠᠯᠬᠤᠮ ᠳᠡᠭᠦᠯᠳᠡᠷᠵᠢᠬᠦᠯᠤᠨ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠭᠡᠮ ᠰᠤᠭᠤᠭ ᠢ ᠪᠠᠶᠢᠴᠠᠭᠠᠨ ᠴᠡᠭᠴᠡᠯᠡᠬᠦ ᠠᠵᠢᠯ ᠢ ᠪᠠᠶᠢᠩᠭᠤ ᠰᠠᠶᠢᠲᠤᠷ ᠠᠳᠬᠤᠵᠤ᠂ ᠨᠡᠭᠦᠷᠡᠰᠦᠨ ᠠᠭᠤᠷᠬᠠᠶ ᠪᠠ ᠪᠤᠰᠤᠳ ᠠᠭᠤᠷᠬᠠᠶ᠂ ᠠᠶᠤᠯᠲᠤ ᠬᠢᠮᠢ ᠶᠢᠨ ᠪᠤᠳᠠᠰ᠂ ᠵᠠᠮ ᠬᠠᠷᠢᠯᠴᠠᠭ᠎ᠠ ᠪᠠ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠲᠤᠰᠬᠠᠢ ᠵᠠᠰᠠᠨ ᠴᠡᠭᠴᠡᠯᠡᠯᠳᠡ ᠶᠢ ᠰᠠᠶᠢᠳᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠶ ᠠᠵᠢᠯ ᠤᠨ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠦᠨ᠂ ᠡᠯ᠎ᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠠᠮᠦᠷ ᠳᠦᠪᠰᠢᠨ ᠤ ᠬᠥᠮᠦᠵᠢᠯ ᠪᠤᠯᠪᠠᠰᠤᠷᠠᠯ ᠢ ᠴᠢᠩᠭᠠᠳᠬᠠᠨ᠂ ᠠᠮᠦᠷ ᠳᠦᠪᠰᠢᠨ ᠤ ᠬᠠᠮᠢᠶᠠᠷᠤᠯᠲᠠ ᠶᠢᠨ ᠬᠢᠷᠢ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠲᠣᠳᠣᠷᠬᠠᠶ᠂ ᠪᠠᠷᠢᠮᠵᠢᠶ᠎ᠠ ᠲᠣᠳᠣᠷᠬᠠᠶ᠂ ᠠᠬᠢᠴᠠ ᠲᠣᠳᠣᠷᠬᠠᠶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠦᠷᠢᠮ ᠲᠤᠭᠲᠠᠭᠠᠯ ᠢ ᠪᠠᠶᠢᠭᠤᠯᠤᠨ ᠪᠦᠷᠢᠨᠰᠢᠭᠦᠯᠦᠨ᠎ᠡ᠃ ᠰᠠᠭᠤᠷᠢ ᠪᠠᠳᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠭᠤᠷᠪᠠᠳᠤᠭᠠᠷ ᠡᠳᠡᠭᠡᠳ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ︽ᠠᠶᠤᠯᠭᠦᠢ ᠦᠢᠯᠡᠳᠪᠦᠷᠢᠯᠡᠯ ᠤᠨ ᠣᠶᠤᠨᠴᠢ ᠬᠢᠨᠠᠯᠲᠠ ᠬᠠᠮᠢᠶᠠᠷᠤᠯᠲᠠ︾ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠠᠶᠢᠭᠤᠯᠤᠯᠳᠠ ᠶᠢ ᠠᠬᠢᠭᠤᠯᠵᠦ᠂ ᠭᠤᠤᠯᠳᠠᠯᠭ᠎ᠠ ᠲᠠᠢ ᠨᠡᠭᠦᠷᠡᠰᠦᠨ ᠠᠭᠤᠷᠬᠠᠢ ᠪᠠ ᠪᠤᠰᠤᠳ ᠠᠭᠤᠷᠬᠠᠢ ᠳᠤ ᠳᠤᠰᠬᠠᠶᠢᠵᠢᠭᠰᠠᠨ ᠪᠠ ᠬᠠᠪᠰᠤᠷᠭᠠᠭᠰᠠᠨ ᠠᠪᠤᠷᠠᠨ ᠲᠤᠰᠠᠯᠠᠬᠤ ᠠᠩᠭᠢ ᠪᠠᠶᠢᠭᠤᠯᠬᠤ ᠶᠢ ᠴᠢᠩᠭ᠎ᠠ ᠱᠠᠭᠠᠷᠳᠠᠨ᠎ᠠ᠃    ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠪᠠ ᠣᠷᠣᠨ ᠨᠤᠲᠤᠭ ᠤᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠠᠯᠳᠠᠪᠤᠷᠢᠲᠤ ᠡᠪᠡᠳᠴᠢᠨ ᠢ ᠰᠢᠯᠭᠠᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ᠂ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠤᠯᠠᠨ ᠨᠡᠶᠢᠲᠡ ᠶᠢᠨ ᠡᠷᠡᠭᠦᠯ ᠮᠡᠨᠳᠤ ᠶᠢᠨ ᠬᠥᠮᠦᠵᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠬᠤᠯᠤᠭᠠᠨ᠎ᠠ ᠶᠢ ᠤᠰᠠᠳᠬᠠᠬᠤ ᠵᠡᠷᠭᠡ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠲᠤᠰᠬᠠᠶ ᠡᠩᠨᠡᠭᠡ᠂ ᠡᠮᠨᠡᠯᠭᠡ ᠶᠢᠨ ᠠᠵᠢᠯᠲᠠᠨ ᠤ ᠣᠨᠣᠰᠢᠯᠠᠨ ᠡᠮᠨᠡᠬᠦ ᠴᠢᠳᠠᠪᠤᠷᠢ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠪᠠ ᠤᠷᠢᠨ ᠬᠡᠷᠡᠭᠯᠡᠬᠦ᠂ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠠ ᠬᠠᠮᠢᠶᠠᠷᠤᠯᠲᠠ ᠵᠡᠷᠭᠡ ᠲᠠᠯ᠎ᠠ ᠪᠠᠷ ᠬᠢ ᠳᠤᠪᠤᠶᠢᠮ᠎ᠠ ᠬᠦᠷᠦᠯᠴᠡᠬᠦ ᠦᠭᠡᠢ ᠲᠠᠯ᠎ᠠ ᠪᠠᠨ ᠲᠦᠷᠭᠡᠨ ᠬᠠᠯᠠᠨ ᠰᠠᠶᠢᠵᠢᠷᠠᠭᠤᠯᠵᠦ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠦᠨ᠎ᠡ᠃     ︵ᠨᠠᠢᠮᠠ︶ ᠠᠷᠠᠳ ᠣᠯᠠᠨ ᠤ ᠵᠣᠯ ᠵᠢᠷᠭᠠᠯᠲᠤ ᠲᠥᠷᠦᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠤᠨ ᠪᠤᠳᠠᠳᠤ ᠳᠦᠷᠦᠯ ᠵᠦᠢᠯ ᠢ ᠰᠠᠶᠢᠳᠤᠷ ᠬᠢᠬᠦ ᠪᠠᠷ ᠭᠤᠤᠯᠳᠠᠯᠭ᠎ᠠ ᠪᠤᠯᠭᠠᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠨᠡᠮᠡᠭᠳᠡᠭᠦᠯᠦᠨ᠎ᠡ᠃     ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠡᠭᠦᠰᠦᠭᠰᠡᠨ ᠤᠶᠤᠳᠠᠳ᠂ ᠬᠤᠲᠠ ᠤᠷᠤᠭᠰᠠᠨ ᠮᠠᠯᠴᠢᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠳᠡᠯᠲᠠᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠡᠷᠢᠵᠦ ᠠᠳᠠᠯ ᠦᠢᠯᠡᠰ ᠪᠣᠰᠬᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠦ᠂ ᠭᠡᠷ ᠪᠦᠯᠢ ᠶᠢᠨ ᠪᠦᠷᠢᠯᠳᠦᠭᠦᠨ ᠨᠢ ᠨᠢᠭᠡᠴᠦ ᠠᠵᠢᠯ ᠤᠯᠤᠭ᠎ᠠ ᠦᠭᠡᠢ ᠭᠡᠷ ᠪᠦᠯᠢ ᠶᠢᠨ ᠠᠵᠢᠯ ᠤᠯᠭᠤᠯᠳᠠ ᠶᠢ ᠠᠬᠢᠭᠤᠯᠤᠨ᠎ᠠ᠃ ᠬᠤᠲᠠ ᠪᠠᠯᠭᠠᠰᠤᠨ ᠤ 900 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠶ 260 ᠬᠥᠮᠦᠨ ᠳᠤ ᠠᠵᠢᠯ ᠤᠯᠭᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ︽ᠠᠵᠤ ᠠᠬᠤᠶᠢᠯᠠᠯ ᠳᠤ ᠳᠡᠮᠵᠢᠯᠭᠡ ᠦᠵᠡᠬᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠱᠠᠳᠤᠴᠢ ᠴᠢᠨᠠᠷᠲᠠᠶ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠶᠢ ᠦᠷᠭᠦᠯᠵᠢᠯᠡᠨ ᠪᠠᠭᠤᠷᠠᠭᠤᠯᠤᠨ᠎ᠠ᠃ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠤᠯᠠᠨ ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠨ ᠬᠦᠭᠵᠢᠬᠦᠯᠵᠦ᠂ ᠦᠢᠯᠡᠰ ᠪᠤᠰᠬᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠪᠠᠭ᠎ᠠ ᠲᠣᠭᠠᠨ ᠤ ᠪᠠᠳᠤᠯᠠᠭᠠᠳᠤ ᠵᠢᠭᠡᠯᠡᠯᠭᠡ ᠵᠡᠷᠭᠡ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃     ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠪᠠᠲᠤᠯᠠᠬᠤ ᠵᠤᠬᠢᠰᠳᠠᠢ ᠶᠢ ᠨᠢ ᠪᠦᠬᠦᠨ ᠢ ᠪᠠᠲᠤᠯᠠᠬᠤ ᠵᠠᠷᠴᠢᠮ ᠢ ᠪᠠᠷᠢᠮᠲᠠᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠥᠪᠡᠷᠲᠡᠭᠡᠨ ᠵᠠᠰᠠᠬᠤ ᠤᠷᠤᠨ ᠲᠠᠢ ᠨᠢᠭᠡᠳᠦᠯᠲᠡᠶ ᠳᠦᠯᠦᠪᠵᠢᠬᠦᠯᠦᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠲᠠᠷᠬᠠᠭᠠᠬᠤ ᠶᠢ ᠪᠠᠲᠤᠯᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠠᠯᠢᠩ ᠣᠯᠭᠤᠮᠵᠢ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠠᠬᠢᠭᠤᠯᠤᠨ᠎ᠠ᠃ ᠣᠨᠴᠠ ᠬᠦᠨᠳᠦ ᠡᠪᠡᠳᠴᠢᠳᠡᠨ ᠤ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠭᠦᠯᠵᠦ᠂ ᠡᠮᠴᠢᠯᠡᠭᠡᠨ ᠤ ᠠᠪᠤᠷᠠᠨ ᠳᠤᠰᠠᠯᠠᠮᠵᠢ ᠶᠢ ᠠᠶᠢᠮᠠᠭ ᠤᠨ ᠲᠡᠰ ᠲᠠᠢ ᠨᠢᠭᠡᠳᠦᠯᠲᠡᠶ ᠳᠦᠯᠦᠪᠵᠢᠬᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠶ ᠴᠡᠭᠴᠡᠯᠡᠯᠳᠡ ᠶᠢ ᠥᠷᠨᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ ᠶᠢ ᠪᠡᠶᠡᠯᠡᠭᠦᠯᠦᠨ᠎ᠡ᠃ ᠥᠨᠥᠴᠢᠨ᠂ ᠪᠡᠯᠪᠡᠰᠦᠨ᠂ ᠨᠠᠰᠤᠳᠠᠶᠢᠴᠤᠳ᠂ ᠬᠦᠴᠢᠷᠳᠡᠯᠲᠡᠶ ᠬᠡᠤᠬᠡᠳ᠂ ᠬᠦᠨᠳᠦ ᠡᠪᠡᠳᠴᠢᠳᠡᠨ᠂ ᠬᠦᠨᠳᠦ ᠵᠡᠮᠳᠡᠭᠴᠦᠳ ᠵᠡᠷᠭᠡ ᠣᠨᠴᠠᠭᠠᠢ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠢ ᠲᠣᠬᠢᠲᠠᠶ ᠲᠣᠬᠢᠷᠠᠭᠤᠯᠵᠤ᠂ ᠪᠦᠬᠦ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠡᠷᠡᠬᠦᠯᠵᠢᠯ ᠤᠨ ᠲᠦᠪ ᠤᠨ ᠳᠦᠷᠦᠯ ᠵᠦᠢᠯ ᠢ ᠠᠬᠢᠭᠤᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡ ᠶᠢ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠨᠠᠰᠤᠲᠠᠶᠢᠴᠤᠳ ᠢ ᠭᠡᠷ ᠲᠤᠨᠢ ᠠᠰᠠᠷᠠᠬᠤ ᠣᠶᠤᠨᠴᠢ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠦᠨ᠎ᠡ᠃ ᠮᠠᠯᠵᠢᠬᠤ ᠣᠷᠣᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠢ ᠳᠦᠰᠦᠪᠯᠡᠬᠦ ᠵᠡᠷᠭᠡ ᠪᠡᠯᠡᠳᠬᠡᠯ ᠠᠵᠢᠯ ᠢ ᠡᠬᠢᠯᠡᠭᠦᠯᠦᠨ᠎ᠡ᠃ ᠴᠡᠷᠢᠭ ᠢ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃     ᠨᠡᠶᠢᠭᠡᠮ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠤᠶᠠᠳᠤᠭᠠᠷ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ︽ᠴᠡᠴᠡᠷᠯᠢᠭ ᠲᠤ ᠣᠷᠣᠬᠤ ᠳᠤ ᠬᠦᠴᠢᠷᠲᠡᠶ︾ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠤᠨ᠎ᠠ᠃ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ᠂ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠡᠬᠢᠯᠡᠨ ᠪᠠᠶᠢᠭᠤᠯᠵᠤ᠂ 8 ᠪᠠᠭ᠎ᠠ ᠰᠤᠷᠭᠠᠭᠤᠯᠢ ᠪᠠ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠭᠠᠯ ᠣᠨᠲᠠᠷᠠᠭᠠᠬᠤ ᠲᠦᠬᠦᠭᠡᠷᠦᠮᠵᠢ ᠶᠢ ᠦᠭᠡᠷᠡᠴᠢᠯᠡᠬᠦ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠦᠳᠡᠯᠭᠡᠭᠡᠨ ᠤ ᠲᠠᠯᠠᠪᠠᠢ ᠶᠢ ᠦᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠦᠬᠦᠴᠡᠯ ᠢ ᠰᠠᠶᠢᠵᠢᠷᠠᠭᠤᠯᠵᠤ᠂  ᠵᠢᠭᠠᠨ ᠰᠤᠷᠭᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠤᠯᠠᠮ ᠰᠠᠶᠢᠵᠢᠷᠠᠭᠤᠯᠤᠨ᠎ᠠ᠃ ︽ᠬᠤᠰᠢᠭᠤ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠵᠤ᠂ ᠪᠠᠭᠰᠢ ᠶᠢᠨ ᠡᠩᠨᠡᠭᠡ ᠶᠢ ᠲᠡᠩᠴᠡᠭᠦᠷᠢᠲᠡᠶ ᠲᠤᠬᠢᠷᠠᠭᠤᠯᠤᠨ ᠰᠢᠯᠢᠳᠡᠭᠵᠢᠭᠦᠯᠦᠨ᠎ᠡ᠃ ︽ᠵᠢᠭᠠᠨ ᠰᠤᠷᠭᠠᠯᠲᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠦᠨ᠂ ᠬᠢᠴᠢᠶᠡᠯ ᠲᠥᠷᠥᠯ ᠤᠨ ᠠᠵᠢᠯᠯᠠᠬᠤ ᠭᠠᠵᠠᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠬᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠬᠤᠯᠪᠣᠭᠠᠲᠤ ᠴᠣᠭᠴᠠ ᠪᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠪᠠ ᠣᠯᠠᠨ ᠨᠡᠶᠢᠲᠡ ᠶᠢᠨ ᠡᠮ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭᠠᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠳᠡᠯ ᠬᠡᠷᠡᠭ ᠢ ᠡᠮᠨᠡᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠳᠤᠭᠤᠷᠢᠭ ᠢ ᠡᠬᠢᠯᠡᠨ ᠪᠠᠶᠢᠭᠤᠯᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠭᠠᠯ ᠤᠨᠲᠠᠷᠠᠭᠠᠬᠤ ᠳᠦᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠠᠬᠢᠭᠤᠯᠤᠨ᠂ ᠬᠤᠰᠢᠭᠤ ᠡᠮᠨᠡᠯᠭᠡ ᠶᠢᠨ ᠬᠤᠷᠢᠶᠠᠨ ᠤ ᠪᠤᠬᠢᠷ ᠤᠰᠤ ᠶᠢ ᠰᠢᠢᠳᠪᠦᠷᠢᠯᠡᠬᠦ᠂ ᠪᠤᠬᠢᠷᠳᠤᠯ ᠢ ᠭᠠᠳᠠᠭᠰᠢᠯᠠᠭᠤᠯᠬᠤ ᠬᠤᠭᠤᠯᠠᠢ ᠶᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠵᠢᠴᠢ ᠬᠤᠰᠢᠭᠤ ᠱᠠᠳᠤᠨ ᠤ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠬᠠᠶᠠᠭᠳᠠᠮᠠᠯ ᠪᠤᠳᠠᠰ ᠢ ᠳᠦᠷ ᠬᠠᠳᠠᠭᠠᠯᠠᠬᠤ 4 ᠴᠢᠭ ᠤᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠂ PCR ᠲᠤᠷᠰᠢᠯᠲᠠ ᠶᠢᠨ ᠲᠠᠰᠤᠭ ᠢ ᠪᠠᠶᠢᠭᠤᠯᠵᠦ᠂ ᠬᠢᠵᠢᠭ ᠢ ᠰᠡᠷᠭᠡᠶᠢᠯᠡᠨ ᠬᠤᠷᠢᠭᠯᠠᠬᠤ ᠲᠦᠪ ᠤᠨ ᠲᠤᠷᠰᠢᠯᠳᠠ ᠶᠢᠨ ᠳᠠᠰᠤᠭ ᠤᠨ ᠪᠤᠬᠢᠷ ᠤᠰᠤ ᠶᠢ ᠰᠢᠢᠳᠪᠤᠷᠢᠯᠡᠬᠦ ᠦᠭᠡᠷᠡᠴᠢᠯᠡᠯᠳᠡ ᠵᠢᠴᠢ ᠬᠡᠭᠡᠷ᠎ᠡ ᠭᠠᠳᠠᠨᠠᠬᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠳᠡᠭᠡ ᠶᠢ ᠰᠡᠯᠪᠢᠨ ᠵᠠᠰᠠᠬᠤ ᠢᠨᠵᠧᠨᠧᠷᠢᠩ ᠢ ᠪᠡᠶᠡᠯᠡᠬᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠬᠦᠯᠢᠶᠡᠨ ᠠᠪᠬᠤ ᠡᠭᠦᠳᠡᠨ ᠡᠮᠨᠡᠯᠭᠡ᠂ ᠵᠤᠷᠯᠤᠩ ᠢ ᠥᠭᠡᠷᠡᠴᠢᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠯᠪᠠᠰᠤᠨ ᠬᠤᠰᠢᠭᠤ ᠰᠢᠶᠠᠨ ᠢ ᠡᠭᠦᠳᠦᠨ ᠪᠠᠶᠢᠭᠤᠯᠵᠤ᠂ ᠪᠦᠬᠦ ᠨᠡᠶᠢᠭᠡᠮ ᠤᠨ ᠶᠣᠰᠣ ᠰᠤᠷᠲᠠᠬᠤᠨ ᠤ ᠬᠢᠷᠢ ᠲᠥᠪᠰᠢᠨ ᠪᠠ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠂ ︽ᠤᠯᠠᠭᠠᠨᠮᠥ᠋ᠴᠢᠷ + ᠶᠡᠷᠦᠩᠬᠡᠶᠢᠯᠡᠭᠰᠡᠨ ᠦᠢᠯᠡᠴᠢᠯᠡᠭᠡ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ ᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠵᠦ᠂ ᠤᠯᠠᠭᠠᠨᠮᠥ᠋ᠴᠢᠷ ᠤᠨ ᠤᠷᠠᠯᠢᠭ ᠤᠨ ᠲᠦᠪ ᠤᠨ ᠪᠠᠶᠢᠭᠤᠯᠤᠯᠳᠠ ᠶᠢ ᠠᠬᠢᠭᠤᠯᠤᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ ᠪᠠ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠂ ︽ᠬᠤᠨ ᠭᠠᠯᠠᠭᠤ︾ ᠤᠩᠰᠢᠯᠭ᠎ᠠ ᠶᠢ ᠤᠷᠮᠠᠰᠢᠭᠤᠯᠬᠤ ᠢᠨᠵᠧᠨᠧᠷᠢᠩ ᠢ ᠳᠦᠭᠡᠮᠡᠯᠵᠢᠬᠦᠯᠦᠨ᠎ᠡ᠃ ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠦ᠂ ᠰᠣᠶᠣᠯ ᠤᠨ ᠠᠵᠤ ᠦᠢᠯᠡᠰ ᠢ ᠳᠡᠮᠵᠢᠨ ᠬᠥᠭᠵᠢᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂  ᠪᠡᠶ᠎ᠡ ᠲᠠᠮᠢᠷ ᠤᠨ ᠤᠷᠤᠯᠳᠤᠭᠠᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃     ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠰᠢᠪᠲᠤᠯᠤᠯᠲᠠ ᠶᠢᠨ ᠴᠢᠨᠠᠷ ᠲᠠᠢ ᠢᠯᠠᠯᠲᠠ ᠶᠢ ᠡᠷᠡᠰ ᠲᠡᠮᠡᠴᠡᠨ ᠣᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠣᠬᠢᠯᠲᠠ ᠥᠭᠭᠦᠨ᠎ᠡ᠃ ᠤᠢ ᠰᠢᠭᠤᠢ ᠨᠤᠲᠤᠭ ᠪᠡᠯᠴᠢᠭᠡᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠮᠥᠩᠭᠦᠨ ᠭᠦᠢᠯᠭᠡᠭᠡᠨ ᠤ ᠵᠢᠭᠡᠯᠡᠯᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠤᠷᠢᠯᠡᠬᠦ ᠣᠨ︾ ᠤ ᠲᠤᠰᠬᠠᠢ ᠠᠵᠢᠯᠯᠠᠭ᠎ᠠ᠂ ᠨᠡᠶᠢᠭᠡᠮ ᠤᠨ ᠵᠥᠷᠢᠴᠡᠯ ᠵᠢᠭᠤᠷᠭᠠᠨ ᠢ ᠶᠡᠬᠡᠪᠡᠷ ᠪᠠᠶᠢᠴᠠᠭᠠᠨ ᠰᠢᠢᠳᠪᠦᠷᠢᠯᠡᠬᠦ ︽ᠵᠠᠭᠤᠨ ᠡᠳᠦᠷ ᠤᠨ ᠠᠵᠢᠯᠯᠠᠭ᠎ᠠ︾ ᠶᠢ ᠰᠠᠶᠢᠲᠤᠷ ᠥᠷᠨᠢᠭᠦᠯᠵᠦ ᠂ ᠨᠡᠶᠢᠭᠡᠮ ᠤᠨ ᠲᠣᠭᠲᠠᠭᠤᠨ ᠢ ᠨᠥᠯᠥᠭᠡᠯᠡᠵᠦ ᠪᠠᠶᠢᠭ᠎ᠠ ᠨᠢᠭᠡ ᠪᠦᠯᠦᠭ ᠦᠨᠳᠦᠰᠦᠨ ᠴᠢᠨᠠᠷᠲᠠᠶ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠪᠦᠬᠦ ᠠᠶᠢᠮᠠᠭ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠢ ᠰᠠᠶᠢᠲᠤᠷ ᠳᠠᠭᠠᠭᠠᠴᠢᠯᠠᠨ ᠡᠷᠬᠢᠯᠡᠨ᠎ᠡ᠃ ︽ᠵᠠᠬ᠎ᠠ ᠳᠡᠯᠭᠡᠭᠦᠷ ᠤᠨ ᠤᠶᠤᠨᠴᠢ ᠬᠢᠨᠠᠯᠲᠠ ᠬᠠᠮᠢᠶᠠᠷᠤᠯᠲᠠ︾ ᠶᠢᠨ ᠢᠨᠵᠧᠨᠧᠷᠢᠩ ᠢ ᠬᠡᠷᠡᠭᠵᠢᠭᠦᠯᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠪᠦᠬᠦ ᠠᠷᠠᠳ ᠤᠨ ᠰᠢᠨᠵᠢᠯᠡᠬᠦ ᠤᠬᠠᠭᠠᠨᠴᠢ ᠬᠡᠪ ᠴᠢᠨᠠᠷ ᠤᠨ ᠠᠵᠢᠯᠯᠠᠭᠠᠨ ᠤ ᠲᠥᠯᠥᠪᠯᠡᠭᠡ ᠶᠢ ᠰᠠᠶᠢᠳᠤᠷ ᠬᠡᠷᠡᠭᠵᠢᠭᠦᠯᠦᠨ᠎ᠡ᠃ ᠠᠵᠢᠯᠲᠠᠨ ᠤ ᠵᠦᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠬᠤ ᠶᠢ ᠢᠳᠡᠪᠬᠢᠲᠡᠶ ᠳᠠᠮᠵᠢᠵᠤ᠂ ᠷᠠᠳᠢᠣ᠋ ᠲᠧᠯᠸᠢᠰ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠣᠷᠣᠨ ᠨᠤᠲᠤᠭ ᠤᠨ ᠣᠶᠢᠯᠠᠯᠭ᠎ᠠ᠂ ᠳᠠᠩᠰᠠ ᠡᠪᠬᠡᠮᠡᠯ᠂ ᠴᠠᠭ ᠠᠭᠤᠷ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠨ᠎ᠠ᠃     ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃      ᠪᠢᠳᠡ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠨ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃     ︵ᠨᠢᠭᠡ︶ ᠤᠯᠤᠰ ᠲᠥᠷᠥ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠣᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠦ᠂ ᠠᠵᠢᠯ ᠢᠶᠠᠨ ᠠᠬᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠵᠠᠷᠯᠢᠭ ᠢ ᠡᠷᠡᠰ ᠳᠠᠭᠠᠵᠦ ᠰᠠᠶᠢᠳᠤᠷ ᠪᠡᠶᠡᠯᠡᠬᠦᠯᠦᠨ᠎ᠡ᠃     ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠨ᠎ᠡ᠃ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠠᠪᠴᠠᠯ ᠢᠶᠠᠷ ᠠᠵᠢᠯ ᠢᠶᠠᠨ ᠥᠷᠨᠢᠭᠦᠯᠵᠦ᠂ ᠬᠠᠤᠯᠢ ᠳᠤ ᠲᠤᠭᠲᠠᠭᠰᠠᠨ ᠡᠷᠬᠡ ᠶᠢᠨ ᠬᠡᠪᠴᠢᠶ᠎ᠡ ᠪᠠ ᠠᠵᠢᠯ ᠤᠨ ᠠᠯᠬᠤᠮ ᠳᠠᠷᠠᠭᠠᠯᠠᠯ ᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠡᠷᠬᠡ ᠪᠠᠨ ᠳᠦᠷᠢᠮ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠴᠢᠬᠤᠯᠠ ᠶᠡᠭᠡ ᠤᠴᠢᠷ ᠶᠠᠪᠤᠳᠠᠯ ᠳᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠦᠨ᠎ᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ ᠢᠯᠡ  ᠨᠡᠶᠢᠳᠡᠯᠡᠬᠦ ᠶᠢ ᠲᠦᠭᠡᠮᠡᠯᠵᠢᠭᠦᠯᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠨ᠂ ᠡᠷᠬᠡ ᠪᠠᠨ ᠢᠯᠡ ᠪᠠᠷ ᠬᠡᠷᠡᠭᠯᠡᠬᠦ ᠶᠢ ᠦᠨᠡᠨᠬᠦ ᠪᠠᠲᠤᠯᠠᠨ᠎ᠠ᠃    ︵ᠭᠤᠷᠪᠠ︶ ᠵᠥᠪ ᠴᠢᠭᠯᠡᠯ ᠢᠶᠠᠷ ᠤᠷᠮᠠᠰᠢᠭᠤᠯᠤᠨ ᠵᠣᠷᠢᠭᠵᠢᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠭᠠᠷᠭᠠᠬᠤ ᠪᠠᠷ ᠴᠢᠷᠮᠠᠶᠢᠨ᠎ᠠ᠃ ᠠᠷᠠᠳ ᠤᠨ ᠠᠯᠪᠠᠨ ᠵᠠᠷᠤᠴᠠ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠦᠷ᠎ᠡ ᠪᠦᠲᠦᠮᠵᠢ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠤᠷᠤᠭᠰᠢᠯᠠᠨ ᠲᠠᠪᠰᠢᠬᠤ ᠡᠷᠴᠢ ᠵᠤᠷᠢᠭ ᠢᠶᠠᠨ ᠢᠮᠠᠭᠲᠠ ᠪᠠᠷᠢᠮᠲᠠᠯᠠᠨ᠂ ᠬᠥᠭᠵᠢᠯᠲᠡ ᠶᠢ ᠲᠦᠷᠭᠡᠳᠬᠡᠬᠦ ᠶᠠᠪᠤᠴᠠ ᠳᠤᠮᠳᠠ ᠦᠨᠡᠨ ᠪᠣᠳᠠᠲᠠᠶ ᠠᠵᠢᠯᠯᠠᠵᠤ᠂ ᠡᠮᠦᠨ᠎ᠡ ᠹᠷᠤᠨᠲ ᠲᠤ ᠭᠠᠪᠰᠢᠭᠠᠶᠢᠯᠠᠨ᠎ᠠ᠃ ᠵᠥᠪ ᠴᠢᠭᠯᠡᠯ ᠢᠶᠠᠷ ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠳᠠᠭᠠᠬᠤ ᠲᠣᠭᠲᠠᠴᠠ ᠶᠢ ᠪᠦᠷᠢᠨᠰᠢᠬᠦᠯᠵᠤ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠨ᠂ ᠺᠠᠳ᠋ᠷᠴᠤᠳ ᠤᠨ ᠠᠵᠢᠯ ᠦᠢᠯᠡᠰ ᠪᠦᠳᠦᠭᠡᠬᠦ ᠴᠤᠭ ᠵᠢᠪᠬᠤᠭ᠎ᠠ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠷᠮ᠎ᠠ ᠵᠤᠷᠢᠭ ᠢ ᠬᠦᠪᠴᠢᠯᠡᠨ᠎ᠠ ᠃ ᠬᠠᠤᠯᠢ ᠶᠣᠰᠣᠭᠠᠷ ᠠᠮᠠᠯᠳᠠᠭᠰᠠᠨ ᠠᠮᠠᠯᠠᠯᠲᠠ ᠪᠠᠨ ᠬᠢᠨᠠᠮᠠᠭᠠᠶ ᠭᠦᠢᠴᠡᠳᠬᠡᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ᠃     ︵ᠳᠦᠷᠪᠡ︶ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠭᠡᠪᠴᠢᠶᠠᠨ ᠳᠠᠬᠢ ᠬᠠᠤᠯᠢ ᠲᠦᠷᠢᠮ ᠢ ᠵᠦᠷᠢᠴᠡᠭᠰᠡᠨ ᠠᠰᠠᠭᠤᠳᠠᠯ ᠤᠨ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢᠨ ᠠᠵᠢᠯ ᠢ ᠰᠠᠶᠢᠳᠤᠷ ᠠᠳᠬᠤᠵᠤ᠂ ᠲᠤᠰᠬᠠᠢ ᠵᠠᠰᠠᠨ ᠴᠡᠭᠴᠡᠯᠡᠬᠦ ᠠᠵᠢᠯ ᠦᠷ᠎ᠡ ᠪᠦᠳᠦᠮᠵᠢ ᠤᠯᠬᠤ ᠶᠢ ᠪᠠᠳᠤᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ᠎ᠡ᠃ ︽ᠭᠤᠷᠪᠠᠨ ᠠᠯᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠣᠯᠠᠨ ᠨᠡᠶᠢᠲᠡ ᠶᠢᠨ ᠡᠷᠬᠡ ᠶᠢ ᠶᠠᠪᠤᠭᠳᠠᠭᠤᠯᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠲᠤᠬᠢᠷᠠᠭᠤᠯᠬᠤ᠂ ᠤᠯᠠᠨ ᠨᠡᠶᠢᠲᠡ ᠶᠢᠨ ᠪᠠᠯᠠ ᠮᠥᠩᠭᠦ ᠶᠢ ᠬᠤᠪᠢᠶᠠᠷᠢᠯᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠤᠳᠤᠯᠲᠠ ᠶᠢᠨ ᠦᠷ᠎ᠡ ᠳ᠋ᠦᠩ ᠤᠨ ᠠᠰᠢᠭᠯᠠᠯᠳᠠ ᠶᠢ ᠴᠢᠬᠤᠯᠠᠴᠢᠯᠠᠨ᠂ ᠺᠠᠳ᠋ᠷᠴᠤᠳ ᠨᠢ ᠲᠥᠪ ᠭᠤᠤᠯᠴᠢ᠂ ᠵᠠᠰᠠᠭ ᠤᠨ ᠣᠷᠳᠣᠨ ᠨᠢ ᠠᠷᠢᠭᠤᠨ ᠴᠢᠬᠡᠴᠢ ᠂ ᠤᠯᠤᠰ ᠲᠥᠷᠥ ᠨᠢ ᠢᠯᠡ ᠲᠣᠳᠣ ᠪᠠᠶᠢᠬᠤ ᠶᠢ ᠪᠡᠶᠡᠯᠡᠬᠦᠯᠦᠨ᠎ᠡ᠃     ᠲᠥᠯᠥᠭᠡᠯᠡᠭᠴᠢᠳ ᠡ︕ ᠠᠷᠢᠭᠤᠨ ᠵᠢᠳᠬᠦᠯ ᠨᠢ ᠠᠮᠵᠢᠯᠳᠠ ᠪᠦᠳᠦᠮᠵᠢ ᠶᠢ ᠤᠮᠳᠠᠯᠠᠵᠤ᠂ ᠰᠢᠷᠭᠠᠭᠤ ᠴᠢᠷᠮᠠᠶᠢᠯᠭ᠎ᠠ ᠨᠢ ᠠᠬᠢᠯᠲᠠ ᠲᠠᠪᠰᠢᠯᠲᠠ ᠳᠤ ᠬᠦᠷᠭᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠦᠬᠦᠷᠡᠰᠢ ᠦᠭᠡᠢ ᠴᠢᠷᠮᠠᠶᠢᠨ ᠠᠵᠢᠯᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠬᠤᠣᠰ ᠢᠯᠠᠯᠲᠠ︾ ᠶᠢ ᠲᠡᠮᠡᠴᠡᠨ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠠᠩ ᠶᠡᠭᠡ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号