ᠪᠠᠷᠠᠭᠤᠨ ᠦᠵᠦᠮᠦᠴᠢᠨ ᠬᠤᠰᠢᠭᠤᠨ ᠤ  ᠡᠷᠬᠡᠳᠤᠠᠤᠪᠤᠭ᠎ᠠ ᠭᠠᠴᠠᠭ᠎ᠠ  1500 ᠭᠠᠷᠤᠢ  ᠴᠠᠭᠠᠨ ᠠᠳᠤᠭᠤ  ᠲᠠᠢ  ᠪᠤᠯᠪᠠ
ᠨᠡᠶᠢᠲᠡᠯᠡᠭᠰᠡᠨ ᠴᠠᠭ᠄
2020/6/18
      ᠪᠠᠷᠠᠭᠤᠨ ᠦᠵᠦᠮᠦᠴᠢᠨ ᠬᠤᠰᠢᠭᠤᠨ ᠤ  ᠡᠷᠬᠡᠳᠤᠠᠤᠪᠤᠭ᠎ᠠ ᠭᠠᠴᠠᠭ᠎ᠠ  1500 ᠭᠠᠷᠤᠢ  ᠴᠠᠭᠠᠨ ᠠᠳᠤᠭᠤ ᠲᠠᠢ  ᠪᠤᠯᠪᠠ                   ᠰᠢᠨ᠎ᠡ ᠵᠠᠭᠤᠨ   ᠤ ᠡᠬᠢᠨ   ᠳᠤ᠂  ᠮᠠᠯ ᠰᠦᠷᠦᠭ ᠤᠨ ᠪᠦᠳᠦᠴᠡ ᠶᠢᠨ ᠦᠭᠡᠷᠡᠴᠢᠯᠡᠯᠳᠠ  ᠬᠤᠪᠢᠷᠠᠯᠳᠠ᠂ ᠠᠮᠢ ᠠᠬᠤᠢ ᠶᠢᠨ ᠮᠠᠭᠤᠳᠠᠯ᠂  ᠡᠪᠡᠰᠤ ᠪᠡᠯᠴᠢᠭᠡᠷ ᠤᠨ ᠰᠡᠶᠢᠷᠡᠭᠵᠢᠯ᠂ ᠠᠳᠤᠭᠤ ᠮᠠᠯᠵᠢᠬᠤ ᠦᠪᠡᠷ ᠤᠨ ᠦᠷᠳᠡᠭ ᠶᠡᠬᠡᠳᠡᠭᠰᠡᠨ ᠵᠡᠷᠭᠡ ᠰᠢᠯᠳᠠᠭᠠᠨ ᠠᠴᠠ ᠪᠤᠯᠵᠤ᠂ ᠤᠯᠠᠩᠬᠢ ᠮᠠᠯᠴᠢᠳ  ᠠᠳᠤᠭᠤ ᠪᠠᠨ ᠬᠤᠳᠠᠯᠳᠤᠵᠤ  ᠪᠠᠶᠢᠭᠰᠠᠨ ᠪᠤᠯ ᠡᠬᠦᠨ ᠤ ᠡᠰᠡᠷᠬᠦ ᠪᠠᠷ  ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ  ᠡᠷᠭᠡᠳᠤᠠᠤᠪᠤᠭ᠎ᠠ  ᠭᠠᠴᠠᠭᠠᠨ ᠤ ᠮᠠᠯᠴᠢᠳ   ᠨᠢ  ᠮᠤᠩᠭᠤᠯ ᠠᠳᠤᠭᠤᠨ ᠤ ᠰᠢᠯᠢᠳᠡᠭ ᠤᠳᠤᠮᠰᠢᠯ ᠪᠤᠯᠤᠭᠰᠠᠨ ᠴᠠᠭᠠᠨ ᠠᠳᠤᠭᠤ ᠪᠠᠨ ᠦᠨᠢᠷ ᠦᠰᠭᠡᠬᠦ ᠶᠢ ᠵᠤᠷᠢᠵᠤ᠂20 ᠭᠠᠷᠤᠢ ᠵᠢᠯ ᠤᠨ ᠲᠤᠷᠰᠢ ᠬᠠᠶᠢᠷᠠᠯᠠᠨ ᠬᠠᠮᠠᠭᠠᠯᠠᠵᠤ᠂ ᠦᠰᠬᠡᠨ ᠦᠷᠡᠵᠢᠬᠦᠯᠵᠤ ᠢᠷᠡᠭᠰᠡᠨ ᠢᠶᠠᠷ ᠤᠳᠤ ᠪᠤᠯᠬᠤ ᠳᠤ ᠪᠦᠬᠦ ᠭᠠᠴᠠᠭᠠᠨ ᠤ ᠴᠠᠭᠠᠨ ᠠᠳᠤᠭᠤᠨ ᠤ ᠲᠤᠭ᠎ᠠ 1500 ᠶᠢ  ᠳᠠᠪᠠᠭᠰᠠᠨ ᠪᠠᠶᠢᠯ᠎ᠠ᠃
     ᠡᠷᠬᠡᠳᠤᠠᠤᠪᠤᠭ᠎ᠠ ᠭᠠᠴᠠᠭᠠᠨ ᠤ ᠮᠠᠯᠴᠢᠨ ᠰᠸ᠊ ᠳᠠᠯᠠᠢ ᠶᠢᠨ   ᠬᠢ 2004 ᠤᠨ ᠠᠴᠠ ᠡᠬᠢᠯᠠᠨ  ᠦᠵᠦᠮᠦᠴᠢᠨ ᠨᠤᠳᠤᠭ ᠤᠨ ᠰᠦᠯᠳᠠ ᠬᠡᠶᠢᠮᠦᠷᠢ ᠪᠤᠯᠤᠭᠰᠠᠨ ᠴᠠᠭᠠᠨ ᠠᠳᠤᠭᠤ ᠪᠠᠨ ᠭᠤᠤᠯᠴᠢᠯᠠᠨ ᠮᠠᠯᠵᠢᠵᠤ᠂ ᠬᠤᠷᠢ ᠭᠠᠷᠤᠢ ᠵᠢᠯ ᠤᠨ ᠠᠷᠠᠴᠢᠯᠠᠭ᠎ᠠ  ᠲᠤᠳᠤᠮᠳᠤᠯᠭ᠎ᠠ ᠪᠠᠷ ᠤᠳᠤ ᠪᠤᠯᠬᠤ ᠳᠤ 150 ᠵᠢᠰᠦᠮ ᠢᠵᠢᠯᠭᠡᠨ ᠴᠠᠭᠠᠨ ᠠᠳᠤᠭᠤ ᠲᠠᠢ ᠪᠤᠯᠵᠤ᠂ ᠡᠨᠡ ᠵᠢᠯ 40 ᠭᠠᠷᠤᠢ ᠴᠠᠭᠠᠨ ᠤᠨᠠᠭ᠎ᠠ ᠲᠤᠰᠬᠤ ᠪᠠᠷ ᠲᠦᠯᠦᠪᠯᠡᠵᠤ ᠪᠠᠶᠢᠯ᠎ᠠ᠃ 2018 ᠤᠨ ᠳᠤ ᠪᠠᠷᠠᠭᠤᠨ ᠦᠵᠦᠮᠦᠴᠢᠨ ᠬᠤᠰᠢᠭᠤ ᠨᠢ ᠪᠦᠬᠦ ᠬᠤᠰᠢᠭᠤᠨ ᠤ ᠬᠡᠪᠴᠢᠶᠡᠨ ᠳᠤ ︽ᠴᠢᠩᠬᠢᠰ ᠬᠠᠭᠠᠨ ᠤ ᠴᠠᠭᠠᠨ ᠠᠳᠤᠭᠤᠨ ᠤ ᠭᠤᠤᠯᠳᠠᠯᠭᠠᠳᠤ ᠡᠷᠦᠬᠡ︾ 3 ᠶᠢ ᠰᠤᠩᠭᠤᠭᠰᠠᠨ ᠠᠴᠠ ᠲᠤᠰ  ᠭᠠᠴᠠᠭᠠᠨ ᠤ 2 ᠡᠷᠦᠬᠡ ᠰᠤᠩᠭᠤᠭᠳᠠᠵᠤ᠂ ᠡᠬᠦᠨ ᠤ ᠨᠢᠭᠡᠨ ᠪᠤᠯ ᠰᠸ᠊ ᠳᠠᠯᠠᠢ ᠶᠢᠨ ᠬᠢ ᠪᠠᠶᠢᠯ᠎ᠠ᠃ ᠰᠤᠷᠪᠤᠯᠵᠢᠯᠠᠭᠴᠢ ᠶᠢ ᠬᠦᠷᠬᠦ ᠳᠤ  ᠡᠳᠡᠨᠠᠶᠢᠬᠢᠨ ᠬᠡᠬᠦᠦ ᠪᠠᠨ ᠰᠠᠭᠠᠬᠤ ᠬᠡᠮᠡᠨ ᠶᠠᠭᠠᠷᠠᠵᠤ ᠪᠠᠶᠢᠯ᠎ᠠ᠃
        ᠮᠠᠯᠴᠢᠨ ᠰᠸ᠊ ᠳᠠᠯᠠᠢ᠄ ︽ᠵᠠ ᠪᠢ ᠪᠤᠯ ᠬᠠᠷ᠎ᠠ ᠪᠠᠭ᠎ᠠ ᠠᠴᠠ ᠪᠠᠨ ᠠᠳᠤᠭᠤ ᠮᠠᠯ ᠲᠠᠢ ᠨᠤᠴᠤᠯᠳᠤᠵᠤ ᠢᠷᠡᠭᠰᠡᠨ᠂ ᠠᠳᠤᠭᠤᠨ ᠳᠠᠭᠠᠨ ᠮᠠᠰᠢ ᠬᠠᠶᠢᠷᠠᠳᠠᠢ᠂ ᠠᠳᠤᠭᠤ ᠭᠡᠳᠡᠭ ᠳᠠᠪᠤᠨ ᠬᠤᠰᠢᠭᠤ ᠮᠠᠯ ᠤᠨ ᠢᠶᠠᠨ ᠳᠤᠳᠤᠷ᠎ᠠ ᠮᠠᠰᠢ ᠰᠡᠴᠡᠨ ᠰᠡᠷᠭᠦᠯᠡᠩ᠂ ᠤᠬᠠᠭᠠᠨ ᠲᠠᠢ ᠠᠮᠢᠳᠠᠨ ᠶᠤᠮ᠂ ᠢᠩᠬᠢᠭᠡᠳ ᠡᠳᠡᠭᠡᠷ ᠵᠢᠯ ᠳᠤ ᠮᠤᠩᠭᠤᠯ ᠠᠳᠤᠭᠤ ᠮᠠᠰᠢ ᠴᠦᠭᠡᠷᠡᠵᠤ ᠪᠠᠶᠢᠭ᠎ᠠ ᠪᠠᠶᠢᠳᠠᠯ ᠳᠤ ᠮᠤᠩᠭᠤᠯ ᠠᠳᠤᠭᠤ ᠪᠠᠨ ᠮᠠᠯᠵᠢᠵᠤ ᠢᠷᠡᠭᠰᠡᠨ᠂ ᠪᠠᠰᠠ ᠠᠷᠪᠢᠨ ᠨᠤᠭᠤᠷᠠᠯ ᠪᠦᠳᠦᠷᠢᠯ ᠳᠤ ᠤᠴᠠᠷᠠᠵᠤ᠂ ᠡᠪᠡᠰᠤ ᠪᠡᠯᠴᠢᠭᠡᠷ ᠤᠨ ᠬᠤᠮᠰᠠᠳᠠᠯ᠂  ᠭᠠᠩ ᠭᠠᠴᠢᠭ ᠡᠳᠡᠭᠡᠷ ᠢ ᠲᠤᠭᠤᠯᠵᠤ ᠠᠳᠤᠭᠤ  ᠪᠠᠨ ᠮᠠᠯᠵᠢᠵᠤ ᠪᠠᠶᠢᠨ᠎ᠠ᠃ ᠦᠵᠦᠮᠦᠴᠢᠨ ᠴᠠᠭᠠᠨ ᠠᠳᠤᠭᠤ ᠪᠤᠯ ᠮᠤᠩᠭᠤᠯ ᠠᠳᠤᠭᠤᠨ ᠤ ᠪᠠᠨ ᠰᠢᠯᠢᠳᠡᠭ ᠤᠭᠰᠢᠯ᠂ ᠤᠷᠤᠨ ᠨᠤᠳᠤᠭ ᠲᠤ ᠵᠤᠬᠢᠴᠠᠭᠰᠠᠨ ᠬᠠᠯᠠᠭᠤᠨ ᠬᠦᠢᠳᠡᠨ ᠪᠠᠷ ᠳᠡᠰᠪᠦᠷᠢᠳᠠᠢ ᠳᠡᠵᠢᠬᠡᠯ ᠡᠪᠡᠰᠤ ᠰᠢᠯᠢᠳᠡᠭ ᠦᠬᠡᠢ ᠬᠡᠬᠡᠷ᠎ᠡ ᠶᠢᠨ ᠪᠡᠯᠴᠢᠭᠡᠷ ᠲᠤ ᠪᠠᠶᠢᠭᠠᠯᠢᠭ ᠢᠶᠠᠷ ᠢᠶᠠᠨ ᠮᠠᠯᠵᠢᠳᠠᠭ 2004 ᠤᠨ ᠠᠴᠠ ᠡᠬᠢᠯᠡᠵᠤ᠂ ᠪᠢ ᠴᠠᠭᠠᠨ ᠠᠳᠤᠭᠤ ᠪᠠᠨ ᠦᠰᠭᠡᠵᠤ ᠡᠬᠢᠯᠡᠭᠰᠡᠨ ᠤᠳᠤ ᠪᠤᠯᠳᠠᠯ᠎ᠠ 150 ᠭᠠᠷᠤᠢ ᠴᠠᠭᠠᠨ ᠠᠳᠤᠭᠤ ᠲᠠᠢ᠂ ᠮᠠᠨ ᠤ ᠬᠤᠰᠢᠭᠤ ᠤᠷᠴᠢᠮ ᠤᠨ ᠬᠡᠳᠦᠨ ᠵᠢᠯ ᠦᠵᠦᠮᠦᠴᠢᠨ ᠴᠠᠭᠠᠨ ᠠᠳᠤᠭᠤ ᠶᠢ ᠬᠠᠮᠠᠭᠠᠯᠠᠬᠤ ᠠᠵᠢᠯ ᠢ ᠡᠷᠴᠢᠮ ᠲᠠᠢ ᠰᠠᠶᠢᠬᠠᠨ ᠬᠢᠵᠤ ᠪᠠᠶᠢᠨ᠎ᠠ᠂  ᠲᠦᠷᠦ ᠶᠢᠨ  ᠪᠤᠳᠤᠯᠭ᠎ᠠ ᠶᠢᠨ ᠳᠠᠯ᠎ᠠ ᠪᠠᠷ ᠳᠡᠮᠵᠢᠯᠭᠡ ᠦᠵᠡᠬᠦᠯᠵᠤ ᠪᠠᠶᠢᠨ᠎ᠠ᠃ ᠨᠤᠳᠤᠭ ᠪᠡᠯᠴᠢᠭᠡᠷ ᠤᠨ ᠳᠠᠯ᠎ᠠ ᠪᠠᠷ ᠪᠢ ᠪᠠᠰᠠ ᠵᠢᠯ ᠳᠡᠭᠡᠨ ᠨᠤᠳᠤᠭ ᠲᠦᠷᠢᠶᠡᠰᠦᠯᠡᠵᠤ ᠤᠳᠤᠷ ᠠᠪᠤᠭᠠᠳ ᠮᠠᠰᠢ ᠬᠤᠯᠠ ᠶᠠᠪᠤᠳᠠᠭ᠂ ᠵᠠᠷᠢᠮ ᠳᠠᠭᠠᠨ ᠬᠡᠳᠦᠨ ᠵᠠᠭᠤᠨ ᠭᠠᠵᠠᠷ ᠴᠤ ᠤᠳᠤᠷ ᠠᠪᠤᠭᠠᠳ ᠶᠠᠪᠤᠳᠠᠭ᠂ ᠡᠬᠦᠨ ᠢ  ᠬᠦᠨᠳᠤ ᠳᠠᠷᠤᠭᠠᠰᠤ ᠬᠡᠵᠤ ᠪᠤᠳᠤᠬᠤ ᠦᠬᠡᠢ᠂ ᠤᠴᠢᠷ ᠨᠢ ᠠᠳᠤᠭᠤᠨ ᠳᠠᠭᠠᠨ ᠬᠠᠶᠢᠷᠠᠳᠠᠢ  ︾ ᠭᠡᠯ᠎ᠡ᠃
     ᠤᠶᠢᠷ᠎ᠠ ᠶᠢᠨ ᠵᠢᠯ ᠠᠴᠠ ᠪᠠᠷᠠᠭᠤᠨ ᠦᠵᠦᠮᠦᠴᠢᠨ ᠬᠤᠰᠢᠭᠤ ᠨᠢ ᠴᠠᠭᠠᠨ ᠠᠳᠤᠭᠤᠨ ᠤ ᠡᠬᠦᠯᠳᠡᠷ ᠤᠭᠰᠠᠭ᠎ᠠ  ᠶᠢ ᠬᠠᠮᠠᠭᠠᠯᠠᠬᠤ  ᠂  ᠴᠠᠭᠠᠨ ᠠᠳᠤᠭᠤ ᠶᠢ ᠦᠰᠭᠡᠨ ᠦᠷᠡᠵᠢᠬᠦᠯᠬᠦ᠂ ᠴᠠᠭᠠᠨ ᠠᠳᠤᠭᠤᠨ ᠤ ᠭᠤᠤᠯᠳᠠᠯᠭᠠᠳᠤ ᠰᠦᠷᠦᠭ  ᠂  ᠬᠤᠷᠰᠢᠶᠠᠵᠢᠯ ᠵᠡᠷᠭᠡ ᠶᠢ ᠪᠠᠶᠢᠭᠤᠯᠵᠤ᠂ ᠮᠠᠯᠴᠢᠨ ᠲᠦᠮᠡᠨ ᠳᠤ ᠴᠠᠭᠠᠨ ᠠᠳᠤᠭᠤ ᠮᠠᠯᠵᠢᠬᠤ ᠲᠦᠷᠦ  ᠶᠢᠨ ᠪᠤᠳᠤᠯᠭ᠎ᠠ ᠶᠢᠨ ᠳᠡᠮᠵᠢᠯᠭᠡ ᠶᠢ ᠬᠦᠷᠳᠡᠭᠡᠵᠤ ᠢᠷᠡᠭᠰᠡᠨ ᠢᠶᠠᠷ ᠴᠠᠭᠠᠨ ᠠᠳᠤᠭᠤ ᠮᠠᠯᠵᠢᠬᠤ ᠡᠷᠦᠬᠡ ᠶᠢᠨ ᠲᠤᠭ᠎ᠠ ᠴᠤ ᠤᠯᠠᠮ ᠠᠴᠠ ᠤᠯᠠᠮ ᠤᠯᠠᠰᠢᠷᠠᠭᠰᠠᠨ ᠪᠠᠶᠢᠯ᠎ᠠ᠃ ᠤᠶᠢᠯᠠᠭᠠᠭᠰᠠᠨ ᠢᠶᠠᠷ ᠡᠷᠭᠡᠳᠤᠠᠤᠪᠤᠭ᠎ᠠ ᠭᠠᠴᠠᠭᠠᠨ ᠤ ᠬᠠᠭᠠᠰ  ᠠᠴᠠ ᠳᠡᠭᠡᠭᠰᠢᠬᠢ ᠮᠠᠯᠴᠢᠨ ᠡᠷᠦᠬᠡ ᠨᠢ ᠴᠠᠭᠠᠨ ᠠᠳᠤᠭᠤ ᠮᠠᠯᠵᠢᠵᠤ ᠪᠠᠶᠢᠭ᠎ᠠ ᠪᠦᠭᠡᠳ ᠨᠠᠶᠢᠷ ᠤᠨ ᠵᠢᠬᠰᠠᠭᠠᠯ᠂ ᠰᠠᠭᠠᠮ᠎ᠠ ᠴᠡᠭᠡ ᠶᠢᠨ ᠤᠷᠤᠯᠭ᠎ᠠ᠂ ᠬᠡᠷᠡᠯ ᠵᠢᠷᠤᠭ ᠤᠨ ᠤᠷᠤᠯᠭ᠎ᠠ ᠬᠡᠬᠦᠴᠢᠯᠠᠨ ᠵᠠᠬ᠎ᠠ ᠵᠡᠭᠡᠯᠢ ᠪᠠᠷᠠᠳᠠᠭᠰᠠᠨ ᠮᠠᠯᠴᠢᠳ ᠮᠠᠨᠢ ᠠᠳᠤᠭᠤ ᠮᠠᠯᠵᠢᠭᠰᠠᠨ ᠠᠵᠤ ᠠᠬᠤᠢ ᠳᠠᠭᠠᠨ ᠰᠠᠭᠤᠷᠢᠯᠠᠨ ᠤᠯᠠᠨ ᠶᠠᠩᠵᠤ ᠶᠢᠨ ᠤᠷᠤᠯᠭ᠎ᠠ ᠡᠬᠦᠳᠴᠠᠢ᠃ ᠤᠳᠤ ᠪᠤᠯᠬᠤ ᠳᠤ ᠲᠤᠰ ᠭᠠᠴᠠᠭᠠᠨ ᠤ 100 ᠠᠴᠠ ᠳᠡᠭᠡᠭᠰᠢ ᠠᠳᠤᠭᠤ ᠲᠠᠢ 4 ᠡᠷᠦᠬᠡ ᠨᠢ ᠪᠦᠬᠦ ᠬᠤᠰᠢᠭᠤᠨ ᠤ  ᠴᠠᠭᠠᠨ ᠠᠳᠤᠭᠤ ᠮᠠᠯᠵᠢᠬᠤ ᠳᠤᠰᠬᠠᠢ ᠡᠷᠦᠬᠡ ᠪᠠᠷ ᠲᠤᠭᠳᠠᠭᠠᠭᠳᠠᠭᠰᠠᠨ ᠪᠦᠭᠡᠳ 2012 ᠤᠨ ᠤ ᠤᠯᠤᠰ ᠤᠨ ᠬᠦᠳᠡᠭᠡ ᠠᠵᠤ ᠠᠬᠤᠢ ᠶᠢᠨ ᠶᠠᠮᠤᠨ ᠤ ︽ᠦᠵᠦᠮᠦᠴᠢᠨ ᠴᠠᠭᠠᠨ ᠠᠳᠤᠭᠤ︾ ᠬᠡᠮᠡᠬᠦ ᠨᠡᠷᠡᠶᠢᠳᠦᠯ ᠤᠯᠭᠤᠬᠤ ᠬᠢᠨᠠᠨ ᠲᠤᠭᠳᠠᠭᠠᠯᠳᠠ ᠶᠢᠨ ᠠᠵᠢᠯᠯᠠᠭ᠎ᠠ ᠳᠤ ᠲᠤᠰ ᠭᠠᠴᠠᠭᠠᠨ ᠤ 300 ᠭᠠᠷᠤᠢ ᠠᠳᠤᠭᠤ ᠤᠷᠤᠯᠴᠠᠵᠤ᠂ ᠤᠷᠤᠨ ᠨᠤᠳᠤᠭ ᠲᠭᠠᠨ ︽ᠴᠠᠭᠠᠨ ᠠᠳᠤᠭᠤᠨ ᠤ ᠦᠯᠦᠬᠡᠢ︾ ᠬᠡᠮᠡᠬᠦ ᠰᠠᠶᠢᠬᠠᠨ ᠠᠯᠳᠠᠷ ᠢ ᠤᠯᠬᠤᠭᠤ ᠳᠤ ᠬᠦᠴᠦᠨ ᠵᠢᠳᠬᠦᠯ ᠦᠵᠡᠬᠦᠯᠵᠤ᠂ ᠪᠦᠬᠦ ᠤᠷᠤᠨ ᠤ ᠠᠩᠬᠠᠳᠤᠭᠠᠷ ᠤᠳᠠᠭᠠᠨ ᠤ ᠴᠠᠭᠠᠨ ᠵᠢᠰᠦᠮ ᠤᠨ ᠮᠤᠷᠢᠨ ᠤ ᠤᠷᠤᠯᠳᠤᠭᠠᠨ᠂ ᠴᠠᠭᠠᠨ ᠮᠤᠷᠢᠨ ᠤ ᠤᠷᠤᠯᠳᠤᠭᠠᠨ ᠵᠡᠷᠭᠡ ᠤᠯᠠᠨ ᠰᠠᠶᠢᠬᠠᠨ ᠰᠤᠶᠤᠯ ᠤᠨ ᠠᠵᠢᠯᠯᠠᠭ᠎ᠠ ᠶᠢ ᠵᠤᠬᠢᠶᠠᠨ  ᠪᠠᠶᠢᠭᠤᠯᠵᠤ᠂  ᠴᠠᠭᠠᠨ ᠠᠳᠤᠭᠤᠨ ᠤ ᠨᠡᠷ᠎ᠡ ᠨᠦᠯᠦᠭᠡ ᠶᠢ ᠦᠷᠭᠡᠳᠬᠡᠵᠤ᠂  ᠴᠠᠭᠠᠨ ᠠᠳᠤᠭᠤᠨ ᠤ ᠦᠢᠯᠡᠰ ᠤᠨ ᠰᠢᠨ᠎ᠡ ᠬᠦᠭᠵᠢᠯ  ᠳᠤ ᠬᠦᠴᠦᠨ ᠨᠡᠮᠡᠷᠢᠯᠡᠵᠠᠢ᠃  
     ᠪᠠᠷᠠᠭᠤᠨ ᠦᠵᠦᠮᠦᠴᠢᠨ ᠬᠤᠰᠢᠭᠤᠨ ᠤ ᠡᠷᠬᠡᠳᠤᠠᠤᠪᠤᠭ᠎ᠠ ᠭᠠᠴᠠᠭᠠᠨ ᠤ ᠭᠠᠴᠠᠭᠠᠨ ᠳᠠᠷᠤᠭ᠎ᠠ ᠲᠦᠮᠡᠨᠵᠢᠷᠭᠠᠯ᠄ ︽ᠮᠠᠨ ᠤ ᠭᠠᠴᠠᠭ᠎ᠠ ᠨᠢ 2000 ᠭᠠᠷᠤᠢ ᠠᠳᠤᠭᠤ ᠲᠠᠢ᠂ ᠡᠬᠦᠨ ᠳᠤ 1500 ᠭᠠᠷᠤᠢ ᠴᠠᠭᠠᠨ ᠠᠳᠤᠭᠤ ᠲᠠᠢ᠂ 1500 ᠭᠠᠷᠤᠢ ᠴᠠᠭᠠᠨ ᠠᠳᠤᠭᠤ ᠮᠠᠯᠵᠢᠵᠤ ᠪᠠᠶᠢᠭ᠎ᠠ ᠡᠷᠦᠬᠡ ᠶᠢᠨ 40 ᠭᠠᠷᠤᠢ ᠴᠠᠭᠠᠨ ᠠᠵᠢᠷᠭ᠎ᠠ ᠳᠠᠯᠪᠢᠵᠤ ᠪᠠᠶᠢᠨ᠎ᠠ᠂ ᠮᠠᠨ ᠤ ᠭᠠᠴᠠᠭ᠎ᠠ ᠪᠤᠯ ᠨᠡᠩ ᠤᠯᠠᠨ ᠤᠷᠤᠯᠳᠤᠭᠠᠨ ᠵᠤᠬᠢᠶᠠᠨ ᠪᠠᠶᠢᠭᠤᠯᠵᠤ ᠦᠩᠭᠡᠷᠡᠭᠰᠡᠨ᠂ ᠨᠡᠩ ᠤᠨᠴᠠᠭᠠᠶᠢᠯᠠᠨ ᠲᠦᠷᠦᠬᠦᠦ ᠬᠤᠶᠠᠷ ᠵᠢᠯ ᠴᠢᠩᠬᠢᠰ ᠤᠨ ᠴᠠᠭᠠᠨ ᠠᠳᠤᠭᠤᠨ ᠤ ᠭᠤᠤᠯᠳᠠᠯᠠᠭᠳᠤ ᠰᠦᠷᠦᠭ ᠮᠠᠨ ᠤ ᠬᠤᠰᠢᠭᠤᠨ ᠤ 3 ᠡᠷᠦᠬᠡ ᠶᠢ ᠱᠠᠩᠨᠠᠵᠤ᠂ ᠮᠠᠨ ᠤ ᠭᠠᠴᠠᠭᠠᠨ ᠤ ᠬᠤᠶᠠᠷ ᠡᠷᠦᠬᠡ ᠪᠠᠶᠢᠭ᠎ᠠ᠂  ᠮᠠᠨ ᠤ ᠬᠤᠰᠢᠭᠤᠨ  ᠤ 20 ᠭᠠᠷᠤᠢ ᠴᠠᠭᠠᠨ ᠠᠳᠤᠭᠤᠨ ᠤ ᠡᠷᠦᠬᠡ ᠳᠤ ᠮᠠᠨ ᠤ 5 ᠡᠷᠦᠬᠡ ᠡᠵᠡᠯᠡᠵᠤ ᠪᠠᠶᠢᠭ᠎ᠠ᠂ ᠣᠷᠴᠢᠮ ᠤᠨ ᠬᠡᠳᠦᠨ ᠵᠢᠯ ᠠᠴᠠ ᠬᠤᠰᠢᠭᠤᠨ ᠤ ᠨᠠᠮ ᠵᠠᠰᠠᠭ ᠠᠴᠠ ᠴᠠᠭᠠᠨ ᠠᠳᠤᠭᠤ ᠶᠢ ᠦᠰᠭᠡᠬᠦ ᠳᠠᠯ᠎ᠠ ᠪᠠᠷ ᠮᠠᠯᠴᠢᠳ ᠲᠤ ᠯᠤᠳᠤ ᠶᠡᠭᠡ ᠠᠴᠢ ᠲᠤᠰᠠ ᠠᠪᠴᠢᠷᠠᠵᠤ ᠦᠭᠭᠦᠭᠰᠡᠨ᠂  ᠮᠠᠨ ᠤ ᠮᠠᠯᠴᠢᠳ ᠪᠠᠰᠠ ᠨᠠᠮ ᠵᠠᠰᠠᠭ ᠤᠨ ᠲᠦᠷᠦ ᠶᠢᠨ ᠪᠤᠳᠤᠯᠭ᠎ᠠ ᠶᠢᠨ ᠤᠷᠢᠶᠠᠯᠠᠯ ᠲᠤᠤᠷ᠎ᠠ ᠪᠡᠯᠴᠢᠭᠡᠷ ᠤᠰᠤᠨ ᠳᠠᠭᠠᠨ ᠲᠤᠬᠢᠷᠠᠭᠤᠯᠵᠤ᠂  ᠴᠠᠭᠠᠨ ᠠᠳᠤᠭᠤ ᠪᠠᠨ ᠦᠰᠭᠡᠵᠤ ᠪᠠᠶᠢᠨ᠎ᠠ︾ ᠭᠡᠯ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号